ᠬᠥᠮᠥᠨ ᠤ ᠪᠡᠶ᠎ᠡ ᠶᠢᠨ ᠲᠠᠷᠢᠬᠢ ᠨᠢ ᠲᠠᠨᠢᠨ ᠮᠡᠳᠡᠷᠡᠬᠦᠢ᠂ ᠢᠯᠭᠠᠨ ᠲᠠᠨᠢᠬᠤᠢ᠂ ᠦᠭᠡ ᠬᠡᠯᠡᠨ ᠤ ᠴᠢᠳᠠᠪᠬᠢ᠂ | ᠣᠶᠢᠯᠠᠭᠠᠨ ᠮᠡᠳᠡᠷᠡᠬᠦᠢ᠂ ᠦᠢᠯᠡ ᠬᠥᠳᠡᠯᠭᠡᠭᠡᠨ ᠢ ᠵᠢᠯᠤᠭᠤᠳᠬᠤ ᠵᠡᠷᠭᠡ ᠮᠠᠰᠢ ᠴᠢᠬᠤᠯᠠ ᠡᠭᠦᠷᠭᠡ ᠶᠢ ᠭᠦᠢᠴᠡᠳᠬᠡᠵᠦ | ᠪᠠᠶᠢᠳᠠᠭ ᠡᠷᠬᠡᠲᠡᠨ ᠪᠣᠯᠬᠤ ᠶᠤᠮ᠃ ᠲᠠᠷᠢᠬᠢᠨ ᠤ ᠡᠷᠡᠭᠦᠯ ᠡᠡ᠊ᠡᠭᠭᠡ ᠨᠢ ᠠᠮᠢ ᠨᠠᠰᠤᠨ ᠤ ᠠᠵᠢᠯᠯᠠᠭ᠎ᠠ ᠶᠢ ᠪᠠᠲᠤᠯᠠᠳᠠᠭ᠃ | ᠲᠠᠷᠢᠬᠢᠨ ᠤ ᠯᠤᠭᠰᠢᠭᠤᠨ ᠰᠤᠳᠠᠯ ᠤᠨ ᠲᠦᠭᠵᠢᠷᠡᠯ ᠨᠢ ᠴᠢᠰᠤᠨ ᠤ ᠳᠠᠷᠤᠯᠲᠠ ᠲᠠᠢ ᠰᠢᠭᠤᠳ | ᠬᠤᠯᠪᠣᠭ᠎ᠠ ᠲᠠᠢ ᠪᠠᠶᠢᠳᠠᠭ᠃ ᠲᠠᠷᠢᠬᠢᠨ ᠤ ᠯᠤᠭᠰᠢᠭᠤᠨ ᠰᠤᠳᠠᠯ ᠤᠨ ᠲᠦᠭᠵᠢᠷᠡᠯ ᠲᠠᠢ ᠪᠣᠯᠤᠭᠰᠠᠨ ᠠᠴᠠ ᠰᠠ | ᠡᠪᠡᠳᠴᠢᠨ ᠵᠡᠷᠭᠡ ᠶᠢ ᠡᠭᠦᠰᠬᠡᠨ ᠡᠳᠡᠭᠡᠷᠡᠯᠲᠡ ᠶᠢᠨ ᠨᠤᠷᠮ᠎ᠠ ᠮᠠᠰᠢ ᠳᠣᠣᠷ᠎ᠠ ᠪᠠᠶᠢᠳᠠᠭ᠃ 3/4 ᠶᠢᠨ ᠡᠪᠡᠳᠴᠢᠲᠡᠨ | ᠠᠳᠠᠯᠢ ᠪᠤᠰᠤ ᠬᠡᠮᠵᠢᠶᠡᠨ ᠤ ᠠᠵᠢᠯ ᠬᠥᠳᠡᠯᠮᠦᠷᠢ᠂ ᠠᠮᠢᠳᠤᠷᠠᠯ ᠤᠨ ᠴᠢᠳᠠᠪᠬᠢ ᠪᠠᠨ ᠠᠯᠳᠠᠳᠠᠭ᠃ ᠲᠠᠷᠢᠬᠢᠨ ᠤ | ᠬᠡᠰᠡᠭ ᠲᠤ ᠯᠤᠭᠰᠢᠭᠤᠨ ᠰᠤᠳᠠᠯ ᠤᠨ ᠲᠦᠭᠵᠢᠷᠡᠯ ᠡᠭᠦᠰᠬᠦ ᠨᠢ ᠭᠤᠣᠯᠳᠠᠭᠤ ᠴᠢᠰᠤᠨ ᠰᠤᠳᠠᠯ ᠤᠨ ᠬᠠᠨ᠎ᠠ ᠳᠤ | ᠥᠭᠡᠬᠦᠯᠢᠭ ᠡᠳ᠋ ᠪᠤᠢ ᠪᠣᠯᠣᠨ ᠲᠦᠭᠵᠢᠷᠡᠯ ᠡᠭᠦᠰᠬᠡᠳᠡᠭ ᠠᠴᠠ ᠬᠥᠮᠥᠨ ᠤ ᠪᠡᠶ᠎ᠡ ᠳᠤ ᠬᠡᠷᠡᠭᠰᠡᠬᠦ ᠬᠦᠴᠢᠯᠲᠥ᠋ᠷᠥᠭᠴᠢ | ᠪᠣᠯᠣᠨ ᠰᠢᠮ᠎ᠡ ᠲᠡᠵᠢᠭᠡᠯ ᠳᠤᠲᠠᠭᠳᠠᠨ ᠴᠢᠰᠤᠨ ᠤ ᠡᠷᠭᠢᠯᠲᠡ ᠮᠠᠭᠤᠳᠠᠵᠤ ᠡᠪᠡᠳᠴᠢᠨ ᠡᠭᠦᠰᠬᠡᠳᠡᠭ᠃ ᠤᠴᠢᠷ ᠨᠢ | ᠴᠢᠰᠤ ᠪᠣᠯ ᠰᠢᠮ᠎ᠡ ᠲᠡᠵᠢᠭᠡᠯ ᠪᠣᠯᠣᠨ ᠬᠦᠴᠢᠯᠲᠥ᠋ᠷᠥᠭᠴᠢ ᠶᠢ ᠵᠥᠭᠡᠭᠡᠪᠦᠷᠢᠯᠡᠵᠦ ᠡᠯ᠎ᠡ ᠡᠷᠬᠡᠲᠡᠨ ᠳᠤ ᠬᠦᠷᠭᠡᠳᠡᠭ᠃ | ᠲᠠᠷᠢᠬᠢᠨ ᠤ ᠬᠡᠰᠡᠭ ᠴᠢᠰᠤᠨ ᠤ ᠬᠠᠩᠭᠠᠯᠲᠠ ᠮᠠᠭᠤᠳᠠᠵᠤ ᠬᠦᠴᠢᠯᠲᠥ᠋ᠷᠥᠭᠴᠢ ᠳᠤᠲᠠᠭᠳᠠᠨ ᠲᠠᠷᠢᠬᠢᠨ ᠤ ᠠᠵᠢᠯᠯᠠᠭ᠎ᠠ | ᠰᠠᠮᠠᠭᠤᠷᠠᠯ ᠳᠤ ᠤᠴᠠᠷᠠᠨ ᠲᠠᠷᠢᠬᠢᠨ ᠤ ᠡᠪᠡᠳᠴᠢᠨ ᠢ ᠡᠭᠦᠰᠬᠡᠵᠦ ᠡᠪᠡᠳᠴᠢᠨ ᠤ ᠢᠯᠡᠷᠡᠯ ᠰᠢᠨᠵᠢ ᠶᠢ ᠡᠭᠦᠰᠬᠡᠳᠡᠭ᠃ | ᠲᠠᠷᠢᠬᠢᠨ ᠤ ᠯᠤᠭᠰᠢᠭᠤᠨ ᠰᠤᠳᠠᠯ ᠤᠨ ᠲᠦᠭᠵᠢᠷᠡᠯ ᠡᠭᠦᠰᠬᠦ ᠳᠤ ᠭᠠᠷᠬᠤ ᠢᠯᠡᠷᠡᠯ᠄ | 1. ᠲᠣᠯᠣᠭᠠᠢ ᠡᠷᠭᠢᠬᠦ | 2. ᠲᠣᠯᠣᠭᠠᠢ ᠡᠪᠡᠳᠬᠦ | 3. ᠪᠥᠭᠡᠯᠵᠢᠰᠦ ᠬᠦᠷᠬᠦ | 4. ᠳᠤᠷ᠎ᠠ ᠪᠣᠯᠭᠢᠬᠤ | ᠪᠥᠭᠡᠯᠵᠢᠬᠦ᠂ ᠳᠤᠷ᠎ᠠ ᠪᠣᠯᠭᠢᠬᠤ ᠵᠡᠷᠭᠡ ᠢᠯᠡᠷᠡᠯ ᠭᠠᠷᠴᠤ ᠪᠠᠶᠢᠭ᠎ᠠ ᠨᠢ ᠲᠠᠷᠢᠬᠢᠨ ᠤ ᠬᠡᠰᠡᠭ ᠤᠨ ᠴᠢᠰᠤᠨ ᠤ | ᠬᠠᠩᠭᠠᠯᠲᠠ ᠳᠤᠲᠠᠭᠳᠠᠭᠠᠳ ᠨᠡᠯᠢᠶᠡᠳ ᠬᠡᠮᠵᠢᠶ᠎ᠡ ᠬᠦᠷᠦᠭᠰᠡᠨ ᠪᠤᠶᠤ ᠲᠠᠷᠢᠬᠢᠨ ᠤ ᠡᠰ ᠦᠬᠦᠵᠢᠵᠦ ᠪᠠᠶᠢᠭ᠎ᠠ | ᠦᠶᠡᠰ ᠲᠤ ᠭᠠᠷᠬᠤ ᠪᠡᠶ᠎ᠡ ᠳᠤ ᠢᠯᠡᠷᠡᠬᠦ ᠡᠪᠡᠳᠴᠢᠨ ᠬᠦᠨᠳᠦᠬᠦᠷᠢ ᠲᠠᠢ ᠪᠣᠯᠤᠭᠰᠠᠨ ᠤ ᠳᠣᠬᠢᠶ᠎ᠠ ᠮᠥᠨ᠃ | ᠲᠠᠷᠢᠬᠢᠨ ᠤ ᠬᠡᠰᠡᠭ ᠲᠤ ᠯᠤᠭᠰᠢᠭᠤᠨ ᠰᠤᠳᠠᠯ ᠤᠨ ᠲᠦᠭᠵᠢᠷᠡᠯ ᠡᠭᠦᠰᠦᠭᠰᠡᠨ ᠦᠶᠡᠰ ᠲᠤ ᠠᠩᠬᠠᠷᠬᠤ ᠵᠦᠢᠯ᠄ | | 1. ᠬᠥᠳᠡᠯᠭᠡᠵᠦ ᠪᠣᠯᠬᠤ ᠦᠭᠡᠢ | 2. ᠰᠡᠳᠬᠢᠯ ᠰᠠᠨᠠᠭ᠎ᠠ ᠶᠢ ᠨᠢ ᠲᠠᠶᠢᠪᠤᠩ ᠪᠠᠶᠢᠯᠭᠠᠬᠤ | 3. ᠠᠭᠠᠷ ᠰᠠᠯᠬᠢ ᠭᠦᠢᠴᠡᠳ ᠨᠡᠪᠲᠡᠷᠡᠭᠦᠯᠬᠦ | 4. ᠡᠮᠴᠢᠯᠡᠭᠡᠨ ᠤ ᠰᠢᠵᠢᠷ ᠠᠯᠳᠠᠨ ᠴᠠᠭ ᠨᠢ 3 - 6 ᠴᠠᠭ ᠪᠠᠶᠢᠳᠠᠭ ᠤᠴᠢᠷ ᠠᠴᠠ 120 ᠪᠠᠴᠢᠮ | ᠠᠪᠤᠷᠠᠯᠳᠠ ᠶᠢᠨ ᠲᠡᠷᠭᠡ ᠳᠠᠭᠤᠳᠠᠵᠤ ᠡᠮᠨᠡᠯᠭᠡ ᠳᠤ ᠬᠦᠷᠬᠦ ᠵᠢᠷᠦᠬᠡᠨ ᠤ ᠯᠤᠭᠰᠢᠭᠤᠨ ᠰᠤᠳᠠᠯ ᠤᠨ ᠲᠦᠭᠵᠢᠷᠡᠯ | ᠡᠪᠡᠳᠴᠢᠨ ᠵᠢᠷᠦᠬᠡ ᠪᠣᠯ ᠬᠥᠮᠥᠨ ᠤ ᠪᠡᠶ᠎ᠡ ᠶᠢᠨ ᠲᠠᠪᠤᠨ ᠴᠤᠯᠤ ᠵᠢᠷᠭᠤᠭᠠᠨ ᠰᠠᠪᠠ ᠶᠢᠨ ᠨᠢᠭᠡ ᠪᠣᠯᠬᠤ ᠶᠤᠮ᠃ | ᠵᠢᠷᠦᠬᠡ ᠨᠢ ᠴᠢᠰᠤᠨ ᠤ ᠠᠵᠢᠯᠯᠠᠭ᠎ᠠ ᠶᠢ ᠵᠠᠬᠢᠷᠴᠤ ᠠᠮᠢ ᠨᠠᠰᠤᠨ ᠤ ᠠᠵᠢᠯᠯᠠᠭ᠎ᠠ ᠶᠢ ᠵᠣᠬᠢᠴᠠᠭᠤᠯᠤᠭᠴᠢ ᠴᠢᠰᠤᠨ ᠤ | ᠡᠷᠭᠢᠯᠲᠡ ᠶᠢ ᠵᠢᠯᠣᠭᠤᠳᠤᠭᠴᠢ ᠪᠣᠯᠬᠤ ᠶᠤᠮ᠃ ᠮᠠᠨ ᠤ ᠤᠯᠤᠰ ᠲᠤ 3.3 ᠳ᠋ᠦᠩᠰᠢᠭᠤᠷ ᠢᠯᠡᠭᠦᠦ ᠵᠢᠷᠦᠬᠡ ᠴᠢᠰᠤᠨ | ᠰᠤᠳᠠᠯ ᠤᠨ ᠡᠪᠡᠳᠴᠢᠲᠡᠨ ᠪᠠᠶᠢᠳᠠᠭ᠃ ᠡᠭᠦᠨ ᠳᠤ 1100 ᠲᠦᠮᠡ ᠨᠢ ᠵᠢᠷᠦᠬᠡᠨ ᠤ ᠬᠠᠳᠬᠤᠯᠭ᠎ᠠ ᠲᠠᠢ | ᠡᠪᠡᠳᠴᠢᠲᠡᠨ ᠪᠣᠯᠬᠤ ᠶᠤᠮ᠃ ᠵᠢᠷᠦᠬᠡᠨ ᠤ ᠯᠤᠭᠰᠢᠭᠤᠨ ᠰᠤᠳᠠᠯ ᠲᠦᠭᠵᠢᠷᠡᠬᠦ ᠨᠢ ᠠᠶᠤᠯᠲᠤ ᠴᠢᠨᠠᠷ ᠢᠶᠠᠷ ᠶᠡᠭᠡ | ᠡᠪᠡᠳᠴᠢᠨ ᠪᠣᠯᠬᠤ ᠶᠤᠮ᠃ | ᠵᠢᠷᠦᠬᠡᠨ ᠤ ᠯᠤᠭᠰᠢᠭᠤᠨ ᠰᠤᠳᠠᠯ ᠲᠦᠭᠵᠢᠷᠡᠯ ᠡᠭᠦᠰᠬᠦ ᠳᠤ ᠭᠠᠷᠬᠤ ᠢᠯᠡᠷᠡᠯ᠄ | 1. ᠵᠢᠷᠦᠬᠡᠨ ᠣᠷᠣᠨ ᠳᠤ ᠪᠠᠵᠠᠯᠠᠨ ᠡᠪᠡᠳᠬᠦ | 2. ᠠᠮᠢᠰᠬᠤᠯ ᠴᠢᠬᠤᠯᠳᠠᠬᠤ | 3. ᠴᠡᠭᠡᠵᠢ ᠴᠢᠬᠤᠯᠳᠠᠬᠤ | 4. ᠳᠠᠯᠤ ᠮᠥᠷᠥ ᠪᠠᠷ ᠬᠠᠳᠬᠤᠯᠠᠵᠤ ᠡᠪᠡᠳᠬᠦ | 5. ᠰᠢᠳᠦ ᠡᠪᠡᠳᠬᠦ | ᠵᠢᠷᠦᠬᠡᠨ ᠤ ᠯᠤᠭᠰᠢᠭᠤᠨ ᠰᠤᠳᠠᠯ ᠲᠦᠭᠵᠢᠷᠡᠯ ᠡᠭᠦᠰᠬᠦ ᠳᠤ ᠭᠠᠷᠤᠭᠰᠠᠨ ᠢᠯᠡᠷᠡᠯ ᠠᠴᠠ ᠠᠩᠬᠠᠷᠬᠤ ᠵᠦᠢᠯ᠄ | 1. ᠵᠢᠷᠦᠬᠡᠨ ᠤ ᠯᠤᠭᠰᠢᠭᠤᠨ ᠰᠤᠳᠠᠯ ᠲᠦᠭᠵᠢᠷᠡᠯ ᠡᠭᠦᠰᠦᠨ ᠵᠢᠷᠦᠬᠡᠨ ᠪᠤᠯᠴᠢᠩ ᠦᠬᠦᠵᠢᠬᠦ ᠦᠶᠡᠰ ᠲᠤ | ᠬᠤᠳᠣᠭᠤᠳᠤ ᠶᠢᠨ ᠬᠡᠰᠡᠭ ᠢᠶᠠᠷ ᠡᠪᠡᠳᠬᠦ ᠪᠠᠶᠢᠳᠠᠯ ᠢᠯᠡᠷᠡᠬᠦ ᠪᠣᠯᠬᠤᠷ ᠬᠤᠳᠣᠭᠤᠳᠤ ᠡᠪᠡᠳᠴᠦ ᠪᠠᠶᠢᠨ᠎ᠠ ᠬᠡᠮᠡᠨ | ᠡᠪᠡᠳᠴᠢᠨ ᠢ ᠡᠮᠴᠢᠯᠡᠨ ᠵᠠᠰᠠᠬᠤ ᠰᠢᠵᠢᠷ ᠠᠯᠳᠠᠨ ᠴᠠᠭ ᠢ ᠠᠯᠳᠠᠬᠤ ᠠᠴᠠ ᠬᠢᠴᠢᠶᠡᠭᠡᠷᠡᠢ︕ ᠡᠮᠨᠡᠯᠭᠡ ᠳᠤ ᠬᠦᠷᠴᠦ | ᠨᠠᠷᠢᠯᠢᠭ ᠪᠠᠶᠢᠴᠠᠭᠠᠯᠭᠠᠬᠤ ᠨᠢ ᠮᠠᠰᠢ ᠴᠢᠬᠤᠯᠠ ᠪᠠᠶᠢᠳᠠᠭ᠃ | 2. ᠡ᠊ᠡᠭ ᠤᠨ ᠰᠢᠳᠤ ᠡᠪᠡᠳᠴᠦ ᠪᠠᠶᠢᠭ᠎ᠠ ᠰᠢᠳᠤᠨ ᠡᠪᠡᠳᠴᠢᠨ ᠪᠣᠯᠣᠨ ᠵᠢᠷᠦᠬᠡᠨ ᠰᠤᠳᠠᠯ ᠤᠨ | ᠲᠦᠭᠵᠢᠷᠡᠯ ᠠᠴᠠ ᠪᠣᠯᠤᠭᠰᠠᠨ ᠰᠢᠳᠤ ᠡᠪᠡᠳᠬᠦ ᠢᠯᠡᠷᠡᠯ ᠢ ᠢᠯᠭᠠᠨ ᠲᠣᠳᠣᠯᠠᠵᠤ ᠴᠢᠳᠠᠬᠤ ᠦᠭᠡᠢ ᠦᠶᠡᠰ ᠲᠤ | ᠡᠮᠨᠡᠯᠭᠡ ᠳᠤ ᠬᠦᠷᠴᠦ ᠲᠤᠰᠬᠠᠢ ᠮᠡᠷᠭᠡᠵᠢᠯᠲᠡᠨ ᠢᠶᠠᠷ ᠵᠥᠪ ᠣᠨᠣᠰᠢᠯᠠᠭᠤᠯᠬᠤ ᠬᠡᠷᠡᠭᠲᠡᠢ ᠪᠠᠶᠢᠳᠠᠭ᠃ | ᠵᠢᠷᠦᠬᠡᠨ ᠰᠤᠳᠠᠯ ᠤᠨ ᠲᠦᠭᠵᠢᠷᠡᠯ ᠠᠴᠠ ᠪᠣᠯᠤᠭᠰᠠᠨ ᠡᠪᠡᠳᠴᠢᠨ ᠤ ᠵᠢᠷᠦᠬᠡᠨ ᠣᠷᠣᠨ ᠳᠤ ᠡᠪᠡᠳᠬᠦ ᠪᠠᠶᠢᠳᠠᠯ᠄ | | 1. ᠵᠡᠭᠦᠦ ᠪᠠᠷ ᠬᠠᠳᠬᠤᠵᠤ ᠪᠠᠶᠢᠬᠤ ᠰᠢᠭ ᠪᠠᠵᠠᠯᠠᠵᠤ ᠡᠪᠡᠳᠬᠦ | 2. ᠡᠪᠡᠳᠦᠭᠡᠳ ᠢᠷᠡᠬᠦ ᠳᠤ ᠬᠥᠯᠥᠰᠦ ᠴᠢᠭᠢᠭᠯᠡᠨ ᠲᠡᠰᠪᠦᠷᠢᠯᠡᠵᠦ ᠲᠡᠶᠢᠯᠬᠦ ᠦᠭᠡᠢ ᠪᠤᠯᠳᠠᠯ᠎ᠠ ᠡᠪᠡᠳᠬᠦ | ᠵᠢᠷᠦᠬᠡᠨ ᠰᠤᠳᠠᠯ ᠤᠨ ᠲᠦᠭᠵᠢᠷᠡᠯ ᠤᠨ ᠡᠭᠦᠰᠬᠡᠵᠦ ᠮᠡᠳᠡᠬᠦ ᠡᠪᠡᠳᠴᠢᠨ᠄ ᠵᠢᠷᠦᠬᠡᠨ ᠬᠠᠳᠬᠤᠯᠭ᠎ᠠ ᠡᠪᠡᠳᠴᠢᠨ᠂ | ᠵᠢᠷᠦᠬᠡᠨ ᠪᠤᠯᠴᠢᠩ ᠤᠨ ᠦᠬᠦᠵᠢᠯ ᠡᠪᠡᠳᠴᠢᠨ ᠵᠡᠷᠭᠡ᠃ | ᠵᠢᠷᠦᠬᠡᠨ ᠰᠤᠳᠠᠯ ᠤᠨ ᠲᠦᠭᠵᠢᠷᠡᠯ ᠡᠪᠡᠳᠴᠢᠨ ᠢ ᠡᠭᠦᠰᠬᠡᠬᠦ ᠰᠢᠯᠲᠠᠭᠠᠨ ᠨᠥᠬᠦᠴᠡᠯ᠄ | 1. ᠥᠭᠡᠬᠦ ᠲᠣᠰᠣ ᠮᠢᠬᠠᠨ ᠤ ᠵᠦᠢᠯ ᠢ ᠶᠡᠭᠡ ᠡᠳ᠋ᠯᠡᠬᠦ | 2. ᠠᠷᠢᠬᠢ ᠲᠠᠮᠠᠬᠢ ᠶᠢ ᠤᠷᠳᠤ ᠬᠤᠭᠤᠴᠠᠭ᠎ᠠ ᠶᠡᠭᠡ ᠬᠡᠮᠵᠢᠶ᠎ᠡ ᠪᠠᠷ ᠡᠳ᠋ᠯᠡᠬᠦ | 3. ᠭᠠᠯ ᠨᠠᠷᠠᠨ ᠳᠤ ᠤᠳᠠᠲᠠᠯ᠎ᠠ ᠰᠢᠷᠠᠭᠳᠠᠬᠤ | 4. ᠬᠠᠲᠠᠭᠤ ᠬᠦᠴᠦᠯᠡᠬᠦ | 5. ᠬᠡᠲᠦᠷᠬᠡᠢ ᠶᠠᠳᠠᠷᠠᠬᠤ | 6. ᠶᠡᠭᠡ ᠠᠭᠤᠷᠯᠠᠵᠤ ᠪᠠᠴᠢᠮᠳᠠᠬᠤ | 7.ᠰᠡᠳᠬᠢᠯ ᠤᠨ ᠦᠢᠯᠡ ᠶᠢ ᠬᠡᠲᠦᠷᠡᠭᠦᠯᠬᠦ | 8. ᠴᠠᠳᠲᠠᠯ᠎ᠠ ᠢᠳᠡᠵᠦ ᠵᠦᠭᠡᠷ ᠰᠠᠭᠤᠬᠤ | 9. ᠬᠦᠢᠲᠡᠨ ᠳᠤ ᠶᠡᠭᠡ ᠲᠠᠭᠠᠷᠠᠵᠤ ᠵᠢᠩᠭᠢᠨᠡᠬᠦ | ᠲᠦᠷᠪᠡᠨ ᠮᠥᠴᠢ ᠶᠢᠨ ᠯᠤᠭᠰᠢᠭᠤᠨ ᠰᠤᠳᠠᠯ ᠤᠨ ᠲᠦᠭᠵᠢᠷᠡᠯ ᠡᠪᠡᠳᠴᠢᠨ ᠠᠷᠠᠳ ᠤᠨ ᠦᠭᠡᠨ ᠳᠤ᠄ | ︽ᠬᠠᠪᠤᠷ ᠤᠨ ᠰᠠᠯᠬᠢ ᠬᠠᠪᠢᠷᠭ᠎ᠠ ᠨᠡᠪᠲᠡᠯᠳᠡᠭ︾ ᠬᠡᠳᠡᠭ᠃ ᠬᠡᠳᠦ᠋ᠪᠡᠷ ᠬᠠᠪᠤᠷ ᠪᠣᠯᠵᠤ ᠤᠷᠢᠨ ᠳᠤᠯᠠᠭᠠᠨ ᠴᠠᠭ | ᠡᠬᠢᠯᠡᠭᠰᠡᠨ ᠪᠣᠯᠪᠠᠴᠤ ᠲᠦᠷᠪᠡᠨ ᠮᠥᠴᠢ ᠪᠠᠨ ᠳᠤᠯᠠᠭᠠᠯᠠᠵᠤ ᠪᠠᠶᠢᠬᠤ ᠬᠡᠷᠡᠭᠲᠡᠢ︕ ᠬᠠᠪᠤᠷ ᠴᠠᠭ ᠤᠨ ᠳᠤᠯᠠᠭᠠᠨ ᠤ | ᠬᠡᠮᠵᠢᠭᠳᠡᠯ ᠤᠨ ᠵᠥᠷᠢᠶ᠎ᠡ ᠠᠴᠠ ᠪᠣᠯᠵᠤ ᠲᠠᠭᠠᠷᠠᠵᠤ ᠵᠢᠩᠭᠢᠨᠡᠬᠦ ᠳᠤ ᠬᠦᠷᠪᠡᠯ ᠮᠥᠨ ᠴᠤ ᠴᠢᠰᠤᠨ ᠤ ᠭᠦᠶᠦᠳᠡᠯ | ᠬᠠᠷᠰᠢᠯᠠᠭᠳᠠᠨ ᠲᠦᠷᠪᠡᠨ ᠮᠥᠴᠢ ᠶᠢᠨ ᠬᠡᠰᠡᠭ ᠤᠨ ᠰᠤᠳᠠᠯ ᠳᠤ ᠲᠦᠭᠵᠢᠷᠡᠯ ᠡᠭᠦᠰᠴᠦ ᠡᠪᠡᠳᠴᠢᠨ ᠡᠭᠦᠰᠬᠡᠵᠦ | ᠮᠡᠳᠡᠬᠦ ᠶᠤᠮ︕ ᠲᠦᠷᠪᠡᠨ ᠮᠥᠴᠢ ᠨᠢ ᠬᠥᠮᠥᠨ ᠤ ᠪᠡᠶ᠎ᠡ ᠶᠢ ᠲᠤᠯᠭᠠᠭᠤᠷᠢᠯᠠᠬᠤ᠂ ᠬᠠᠮᠠᠭᠠᠯᠠᠬᠤ᠂ ᠬᠥᠳᠡᠯᠭᠡᠭᠡᠨ ᠢ | ᠵᠣᠬᠢᠴᠠᠭᠤᠯᠬᠤ ᠵᠡᠷᠭᠡ ᠦᠨᠳᠦᠰᠦᠨ ᠦᠢᠯᠡᠳᠦᠯ ᠬᠡᠷᠡᠭᠴᠡᠭᠡ ᠲᠠᠢ ᠪᠠᠶᠢᠳᠠᠭ᠃ ᠮᠠᠨ ᠤ ᠤᠯᠤᠰ ᠲᠤ ᠲᠦᠷᠪᠡᠨ | ᠮᠥᠴᠢ ᠶᠢᠨ ᠯᠤᠭᠰᠢᠭᠤᠨ ᠰᠤᠳᠠᠯ ᠤᠨ ᠲᠦᠭᠵᠢᠷᠡᠯ ᠲᠠᠢ ᠡᠪᠡᠳᠴᠢᠲᠡᠨ ᠤ ᠬᠠᠷᠢᠴᠠᠯ 15% ᠳᠤ ᠬᠦᠷᠴᠦ ᠪᠤᠢ᠃ | ᠲᠦᠷᠪᠡᠨ ᠮᠥᠴᠢ ᠶᠢᠨ ᠬᠡᠰᠡᠭ ᠤᠨ ᠯᠤᠭᠰᠢᠭᠤᠨ ᠰᠤᠳᠠᠯ ᠲᠦᠭᠵᠢᠷᠡᠬᠦ ᠳᠤ ᠬᠡᠢ ᠴᠢᠰᠤᠨ ᠤ ᠭᠦᠶᠦᠳᠡᠯ | ᠬᠠᠷᠰᠢᠯᠠᠭᠳᠠᠨ᠂ ᠰᠢᠮ᠎ᠡ ᠲᠡᠵᠢᠭᠡᠯ ᠪᠣᠯᠣᠨ ᠢᠯᠴᠢ ᠶᠢ ᠮᠥᠴᠢ ᠶᠢᠨ ᠬᠡᠰᠡᠭ ᠲᠤ ᠬᠦᠷᠭᠡᠵᠦ ᠲᠡᠶᠢᠯᠬᠦ ᠦᠭᠡᠢ ᠪᠤᠯᠳᠠᠭ᠃ | | ᠲᠦᠷᠪᠡᠨ ᠮᠥᠴᠢ ᠶᠢᠨ ᠬᠡᠰᠡᠭ ᠲᠤ ᠯᠤᠭᠰᠢᠭᠤᠨ ᠰᠤᠳᠠᠯ ᠤᠨ ᠲᠦᠭᠵᠢᠷᠡᠯ ᠡᠭᠦᠰᠬᠦ ᠳᠤ ᠭᠠᠷᠬᠤ ᠢᠯᠡᠷᠡᠯ᠄ | 1. ᠬᠦᠢᠲᠡᠨ ᠤᠷᠬᠢᠬᠤ | 2. ᠵᠢᠩᠭᠢᠨᠡᠵᠦ ᠲᠠᠭᠠᠷᠠᠬᠤ | 3. ᠮᠥᠴᠢ ᠰᠤᠯᠠᠷᠠᠬᠤ | 4. ᠬᠦᠴᠦ ᠦᠭᠡᠢ ᠪᠣᠯᠬᠤ | 5. ᠲᠠᠯ᠎ᠠ ᠪᠡᠶ᠎ᠡ ᠲᠠᠮᠪᠠᠷᠠᠬᠤ | ᠲᠦᠷᠪᠡᠨ ᠮᠥᠴᠢ ᠶᠢᠨ ᠬᠡᠰᠡᠭ ᠲᠤ ᠯᠤᠭᠰᠢᠭᠤᠨ ᠰᠤᠳᠠᠯ ᠤᠨ ᠲᠦᠭᠵᠢᠷᠡᠯ ᠲᠠᠢ ᠡᠪᠡᠳᠴᠢᠲᠡᠨ ᠤ ᠠᠩᠬᠠᠷᠬᠤ | ᠵᠦᠢᠯ᠄ | 1. ᠳᠠᠪᠤᠰᠤᠯᠢᠭ ᠢᠳᠡᠬᠡᠨ ᠤᠮᠳᠠᠭᠠᠨ ᠢ ᠪᠠᠭᠠᠰᠬᠠᠬᠤ | 2. ᠥᠭᠡᠬᠦ ᠲᠣᠰᠣ ᠲᠠᠢ ᠢᠳᠡᠬᠡᠨ ᠤᠮᠳᠠᠭᠠᠨ ᠢ ᠴᠡᠭᠡᠷᠯᠡᠬᠦ | 3. ᠭᠠᠰᠢᠭᠤᠨ ᠭᠤᠱᠤᠭᠤᠨ ᠢᠳᠡᠬᠡᠨ ᠢ ᠴᠡᠭᠡᠷᠯᠡᠬᠦ | 4. ᠲᠠᠭᠠᠷᠠᠵᠤ ᠵᠢᠩᠭᠢᠨᠡᠬᠦ ᠠᠴᠠ ᠰᠡᠷᠭᠡᠶᠢᠯᠡᠬᠦ | 5. ᠴᠢᠰᠤᠨ ᠤ ᠳᠠᠷᠤᠯᠲᠠ᠂ ᠥᠭᠡᠬᠦ᠂ ᠰᠢᠬᠢᠷ ᠤᠨ ᠬᠡᠮᠵᠢᠶ᠎ᠡ ᠶᠢ ᠲᠣᠭᠲᠠᠭᠤᠨ ᠪᠠᠶᠢᠯᠭᠠᠬᠤ | 6. ᠢᠯᠡᠭᠦᠬᠡᠨ ᠠᠮᠠᠷᠠᠵᠤ ᠨᠣᠶᠢᠷ ᠢ ᠪᠠᠲᠤᠯᠠᠬᠤ | 7. ᠬᠡᠳᠦ ᠶᠠᠳᠠᠷᠠᠬᠤ ᠶᠢ ᠬᠢᠴᠢᠶᠡᠬᠦ | 8. ᠬᠡᠳᠦ ᠬᠦᠴᠦᠯᠡᠬᠦ ᠶᠢ ᠬᠢᠴᠢᠶᠡᠬᠦ | 9. ᠬᠡᠳᠦ ᠰᠠᠭᠤᠬᠤ ᠶᠢ ᠴᠡᠭᠡᠷᠯᠡᠬᠦ 35 - 45 ᠮᠢᠨᠦ᠋ᠲ ᠰᠠᠭᠤᠪᠠᠯ ᠵᠠᠪᠠᠯ ᠬᠥᠳᠡᠯᠭᠡᠭᠡᠨ ᠬᠢᠬᠦ | ᠠᠯᠬᠤᠬᠤ᠂ ᠠᠵᠢᠯᠯᠠᠵᠤ ᠬᠥᠳᠡᠯᠮᠦᠷᠢᠯᠡᠬᠦ ᠶᠢᠨ ᠰᠠᠭᠤᠷᠢ ᠲᠦᠰᠢᠭ ᠪᠣᠯᠬᠤ ᠲᠦᠷᠪᠡᠨ ᠮᠥᠴᠢ ᠶᠢᠨ ᠡᠷᠡᠭᠦᠯ | ᠪᠠᠶᠢᠳᠠᠯ ᠢ ᠪᠠᠨ ᠪᠠᠲᠤᠯᠠᠨ ᠬᠠᠮᠠᠭᠠᠯᠠᠵᠤ ᠬᠡᠵᠢᠶᠡᠳᠡ ᠡᠷᠡᠭᠦᠯ ᠡ᠊ᠡᠭᠬᠡ ᠪᠠᠶᠢᠵᠠᠭᠠᠶ᠎ᠠ︕ | | ᠢᠷᠡᠯᠲᠡ᠄ ︽NMTV ᠰᠣᠶᠣᠯ︾ ᠵᠢᠷᠭᠢᠶ᠎ᠡ ᠲᠠᠪᠴᠠᠩ ᠠᠴᠠ |