ᠤᠶᠢᠷ᠎ᠠ ᠶᠢᠨ ᠡᠳᠤᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠡᠵᠡᠨ᠎ᠡ ᠬᠤᠰᠢᠭᠤ | ᠪᠣᠯᠣᠨ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠳᠡ ᠶᠢᠨ ᠤᠷᠤᠨ ᠢᠶᠠᠷ ᠭᠦᠨᠵᠡᠭᠡᠶᠢᠷᠡᠵᠦ᠂ ᠲᠠᠷᠢᠶᠠᠯᠠᠩ ᠮᠠᠯ | ᠠᠵᠤ ᠠᠬᠤᠢ ᠶᠢᠨ ᠦᠢᠯᠡᠳᠪᠦᠷᠢᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠵᠡᠷᠭᠡ | ᠠᠵᠢᠯ ᠢ ᠪᠠᠶᠢᠴᠠᠭᠠᠨ ᠰᠤᠳᠤᠯᠵᠠᠢ᠃ | ᠠᠶᠢᠮᠠᠭ ᠲᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠪᠣᠯᠭᠤᠭᠠᠨ | ᠲᠤᠬᠤᠨᠢᠭᠤᠯᠤᠭᠰᠠᠨ ᠤ ᠳᠠᠷᠠᠭ᠎ᠠ᠂ ᠬᠤᠸᠠᠩ ᠶᠠ ᠯᠢ ᠮᠠᠨ ᠤ ᠬᠤᠰᠢᠭᠤᠨ ᠤ ᠪᠠᠶᠠᠨᠲᠣᠬᠤᠢ ᠰᠤᠮᠤ᠂ ᠨᠠᠮ ᠵᠠᠰᠠᠭ ᠤᠨ | ᠠᠯᠪᠠᠨ ᠪᠠᠶᠢᠭᠤᠯᠤᠮᠵᠢ ᠶᠢᠨ ᠬᠠᠭᠤᠴᠢᠨ ᠪᠠᠭᠤᠷᠢ ᠪᠣᠯᠣᠨ ᠪᠠᠶᠠᠨᠳᠤᠤᠷᠠᠢ ᠰᠤᠮᠤᠨ ᠤ ᠵᠢᠷᠭᠠᠯᠠᠩᠲᠤ ᠭᠠᠴᠠᠭᠠᠨ ᠳᠤ | ᠬᠦᠷᠴᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ | ᠠᠮᠢᠳᠤᠷᠠᠯ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠢᠯᠢ ᠬᠢᠵᠠᠭᠠᠷ ᠢ ᠰᠠᠬᠢᠨ ᠬᠠᠮᠠᠭᠠᠯᠠᠵᠤ | ᠪᠠᠶᠢᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠡᠷᠬᠡᠪᠰᠢ ᠬᠥᠳᠡᠭᠡ ᠲᠣᠰᠬᠤᠨ ᠤ | ᠵᠢᠭᠤᠯᠴᠢᠯᠠᠯ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠳᠠᠷᠢᠵᠤ ᠲᠡᠵᠢᠭᠡᠨ ᠦᠷᠡᠵᠢᠭᠦᠯᠬᠦ ᠵᠡᠷᠭᠡ | ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ᠂ ᠬᠢᠯᠢ | ᠬᠢᠵᠠᠭᠠᠷ ᠢᠶᠠᠨ ᠰᠠᠶᠢᠲᠤᠷ ᠰᠠᠬᠢᠨ ᠬᠠᠮᠠᠭᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠥᠯᠥᠭᠡ ︽ | ᠬᠤᠰᠢᠭᠤᠨ ᠲᠦᠪ ᠢᠶᠠᠨ ᠭᠤᠷᠪᠠᠨᠳᠠ ᠨᠡᠭᠦᠯᠭᠡᠭᠰᠡᠨ︾ ᠰᠡᠳᠬᠢᠯ ᠬᠥᠳᠡᠯᠭᠡᠮ᠎ᠡ ᠦᠯᠢᠭᠡᠷ ᠢ ᠰᠠᠶᠢᠲᠤᠷ ᠶᠠᠷᠢᠨ᠂ | ᠬᠤᠪᠢᠰᠬᠠᠯ ᠤᠨ ᠤᠯᠠᠮᠵᠢᠯᠠᠯ ᠢᠶᠠᠨ ᠰᠠᠶᠢᠲᠤᠷ ᠵᠠᠯᠭᠠᠮᠵᠢᠯᠠᠵᠤ᠂ ᠥᠨᠢ ᠡᠭᠦᠷᠢᠳᠡ ᠨᠠᠮ ᠤᠨ ᠠᠴᠢ ᠳᠤ ᠲᠠᠯᠠᠷᠬᠠᠵᠤ᠂ | ᠨᠠᠮ ᠤᠨ ᠦᠭᠡ ᠶᠢ ᠰᠤᠨᠤᠰᠤᠨ᠂ ᠨᠠᠮ ᠢᠶᠠᠨ ᠳᠠᠭᠠᠬᠤ ᠬᠡᠷᠡᠭᠲᠡᠢ ᠭᠡᠵᠡᠢ᠃ | ᠰᠤᠪᠨᠠᠭᠤᠷ ᠲᠤ᠂ ᠬᠤᠸᠠᠩ ᠶᠠ ᠯᠢ ᠨᠠᠭᠤᠷ ᠭᠤᠣᠯ ᠤᠨ ᠲᠤᠭᠤᠷᠢᠨ ᠪᠠᠶᠢᠴᠠᠭᠠᠯᠳᠠ ᠬᠢᠵᠦ᠂ | ᠰᠤᠪᠨᠠᠭᠤᠷ ᠤᠨ ᠲᠡᠭᠡᠳᠤ ᠤᠷᠤᠰᠬᠠᠯ ᠠᠴᠠ ᠢᠷᠡᠭᠰᠡᠨ ᠤᠰᠤᠨ ᠤ ᠲᠤᠬᠢᠷᠠᠭᠤᠯᠤᠯᠳᠠ᠂ ᠨᠤᠭᠤ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠶᠢᠨ ᠪᠠᠶᠢᠳᠠᠯ ᠢ ᠨᠠᠷᠢᠨ ᠤᠶᠢᠯᠠᠭᠠᠭᠰᠠᠨ ᠤ ᠲᠠᠷᠠᠭ᠎ᠠ ᠴᠢᠬᠤᠯᠠᠴᠢᠯᠠᠬᠤ ᠳᠠᠭᠠᠨ᠄ ᠡᠷᠬᠡᠪᠰᠢ | ᠠᠮᠢ ᠠᠬᠤᠢ ᠶᠢ ᠲᠡᠷᠢᠭᠦᠨ ᠳᠤ ᠲᠠᠯᠪᠢᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠡᠭᠦᠷᠢᠳᠡ | ᠪᠠᠷᠢᠮᠲᠠᠯᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢ ᠶᠡᠬᠡᠪᠡᠷ ᠴᠢᠩᠭᠠᠳᠬᠠᠨ᠂ | ᠰᠤᠪᠨᠠᠭᠤᠷ ᠤᠨ ᠤᠰᠤᠨ ᠤ ᠠᠮᠢ ᠠᠬᠤᠢ ᠶᠢᠨ ᠰᠢᠰᠲ᠋ᠧᠮ ᠢ ᠰᠠᠶᠢᠲᠤᠷ ᠬᠠᠮᠠᠭᠠᠯᠠᠵᠤ᠂ ᠠᠮᠢ ᠠᠬᠤᠢ ᠶᠢᠨ | ᠬᠠᠮᠠᠭᠠᠯᠠᠯᠲᠠ ᠪᠣᠯᠣᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠠᠷᠢᠯᠴᠠᠨ ᠠᠭᠤᠰᠤᠯᠴᠠᠵᠤ ᠬᠠᠷᠢᠯᠴᠠᠨ | ᠠᠬᠢᠭᠤᠯᠤᠨ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠬᠡᠷᠡᠭᠲᠡᠢ ᠭᠡᠪᠡ᠃ | ᠴᠡᠭᠡ ᠪᠣᠭᠤᠮᠲᠠ ᠳᠤ᠂ ᠬᠤᠸᠠᠩ ᠶᠠ ᠯᠢ ᠪᠣᠭᠤᠮᠲᠠ ᠶᠢᠨ ᠬᠠᠮᠲᠤᠷᠠᠭᠰᠠᠨ ᠪᠠᠶᠢᠴᠠᠭᠠᠯᠲᠠ ᠶᠢᠨ ᠲᠣᠮᠣ ᠠᠰᠠᠷ᠂ | ᠳᠤᠮᠳᠠᠳᠤ ᠮᠣᠩᠭᠤᠯ ᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ᠂ | ᠭᠠᠳᠠᠭᠠᠳᠤ ᠠᠴᠠ ᠣᠷᠣᠭᠤᠯᠬᠤ ᠮᠢᠬᠠᠨ ᠤ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠲᠣᠭᠤᠷᠢᠭ ᠪᠣᠯᠣᠨ ᠬᠤᠤ | ᠲᠦᠩ ᠺᠣᠮᠫᠠᠨᠢ᠂ ᠪᠥᠸᠧ ᠶᠤᠸᠠᠨ ᠺᠣᠮᠫᠠᠨᠢ ᠳᠤ ᠬᠦᠷᠴᠦ᠂ ᠪᠣᠭᠤᠮᠲᠠ ᠪᠠᠷ ᠥᠩᠭᠡᠷᠡᠬᠦ ᠪᠠᠷᠠᠭ᠎ᠠ᠂ ᠵᠢᠯᠣᠭᠤᠴᠢ | ᠦᠭᠡᠢ ᠮᠠᠰᠢᠨ ᠲᠡᠷᠭᠡ᠂ ᠨᠡᠭᠦᠷᠡᠰᠦ ᠨᠥᠭᠡᠴᠡᠯᠡᠵᠦ ᠪᠤᠯᠪᠠᠰᠤᠷᠠᠭᠤᠯᠤᠨ ᠲᠡᠭᠡᠭᠡᠪᠦᠷᠢᠯᠡᠬᠦ ᠵᠡᠷᠭᠡ ᠪᠠᠶᠢᠳᠠᠯ ᠢ ᠨᠠᠷᠢᠨ | ᠣᠶᠢᠯᠠᠭᠠᠪᠠ᠃ ᠲᠡᠷᠡ᠂ ᠪᠣᠭᠤᠮᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠠᠵᠢᠯ ᠢ | ᠰᠠᠶᠢᠲᠤᠷ ᠬᠢᠵᠦ᠂ ᠪᠣᠭᠤᠮᠲᠠ ᠪᠠᠷ ᠥᠩᠭᠡᠷᠡᠬᠦ ᠪᠠᠷᠠᠭ᠎ᠠ ᠶᠢᠨ ᠦᠷ᠎ᠡ ᠠᠰᠢᠭ ᠢ ᠲᠡᠭᠡᠭᠰᠢᠯᠡᠬᠦᠯᠦᠨ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠬᠤᠶᠠᠷ ᠲᠠᠯ᠎ᠠ ᠶᠢᠨ ᠠᠷᠠᠯᠵᠢᠶᠠᠨ ᠤ ᠬᠥᠭᠵᠢᠯᠲᠡ ᠶᠢ ᠠᠬᠢᠭᠤᠯᠵᠤ᠂ | ᠪᠣᠭᠤᠮᠲᠠ ᠶᠢᠨ ᠴᠢᠬᠤᠯᠠ ᠬᠦᠬᠦᠷᠭᠡ ᠬᠤᠯᠪᠤᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠰᠡᠨ | ᠪᠠᠶᠢᠨ᠎ᠠ᠃ | ᠠᠶᠢᠮᠠᠭ ᠤᠨ ᠤᠳᠤᠷᠢᠳᠤᠯᠭ᠎ᠠ ᠮᠦᠩᠭᠡ᠂ ᠸᠧᠢ ᡁᠢ ᠭᠥᠸᠧ᠂ ᠬᠤᠰᠢᠭᠤᠨ ᠤ ᠨᠠᠮ ᠤᠨ ᠬᠤᠷᠢᠶᠠᠨ ᠤ | ᠱᠦᠵᠢ ᠸᠠᠩ ᠯᠢ ᠵᠢᠶᠦ᠋ᠨ ᠪᠠᠶᠢᠴᠭᠠᠠᠨ ᠰᠤᠳᠤᠯᠤᠯᠳᠠ ᠳᠤ ᠤᠷᠤᠯᠴᠠᠵᠡᠢ᠃ |