ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠬᠠᠷᠢᠶ᠎ᠠ | ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ | ᠠᠮᠢᠳᠤᠷᠠᠯ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠦᠷᠬᠦᠯᠵᠢᠯᠡᠨ ᠪᠠᠲᠤᠯᠠᠬᠤ ᠶᠢᠨ ᠲᠤᠰᠠᠳᠠ᠂ ᠳ᠋ᠦᠩ | ᠹᠧᠩ ᠪᠠᠯᠭᠠᠰᠤ ︽ᠬᠤᠭ ᠨᠣᠪᠰᠢ ᠲᠡᠭᠦᠵᠦ ᠠᠮᠢᠳᠤᠷᠠᠯ ᠤᠨ ᠬᠡᠷᠡᠭᠰᠡᠯ ᠰᠣᠯᠢᠨ᠂ ᠪᠣᠯᠪᠠᠰᠤᠨ ᠢ ᠡᠭᠦᠳᠦᠨ | ᠪᠠᠶᠢᠭᠤᠯᠬᠤ ᠳᠤ ᠪᠢ ᠤᠷᠢᠳ ᠢᠶᠠᠷ ᠬᠥᠳᠡᠯᠬᠦ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ | ᠳᠤᠷ᠎ᠠ ᠶᠢᠨ ᠬᠥᠳᠡᠯᠭᠡᠭᠡᠨ ᠤ ᠰᠠᠨᠠᠭᠠᠴᠢᠯᠠᠭ᠎ᠠ ᠶᠢ ᠭᠠᠷᠭᠠᠪᠠ᠃ ᠥᠷᠭᠡᠨ ᠤᠯᠠᠨ ᠮᠠᠯᠴᠢᠨ ᠲᠠᠷᠢᠶᠠᠴᠢᠨ ᠢ ᠬᠥᠲᠥᠯᠥᠨ | ᠵᠢᠯᠤᠭᠤᠳᠴᠤ᠂ ᠡᠵᠡᠨ ᠬᠥᠮᠥᠨ ᠤ ᠣᠪᠣᠷ ᠢᠶᠠᠷ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠲᠡᠪᠴᠢᠨ᠂ ᠣᠷᠴᠢᠨ | ᠲᠣᠭᠤᠷᠢᠨ ᠢᠶᠠᠨ ᠴᠡᠪᠡᠷᠯᠡᠬᠦ ᠠᠵᠢᠯᠯᠠᠭ᠎ᠠ ᠳᠤ ᠣᠷᠣᠯᠴᠠᠭᠤᠯᠵᠤ᠂ ᠬᠠᠮᠲᠤᠪᠠᠷ ᠣᠷᠴᠢᠨ ᠲᠣᠭᠤᠷᠢᠨ ᠢ ᠬᠠᠮᠠᠭᠠᠯᠠᠨ᠂ | ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠤᠨ᠎ᠠ᠃ | ᠬᠥᠳᠡᠯᠭᠡᠭᠡᠨ ᠤ ᠰᠠᠨᠠᠭᠠᠴᠢᠯᠠᠭ᠎ᠠ ᠶᠢ ᠭᠠᠷᠭᠠᠭᠰᠠᠨ ᠤ ᠳᠠᠷᠠᠭ᠎ᠠ᠂ 5 ᠰᠠᠷ᠎ᠠ ᠶᠢᠨ 11 ᠤ ᠡᠳᠦᠷ᠂ ᠳ᠋ᠦᠩ | ᠹᠧᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠨᠢ ᠡᠬᠢᠨᠴᠠᠭᠠᠨ | ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠲᠡᠭᠡ ᠲᠠᠢ ᠬᠠᠮᠲᠤᠷᠠᠨ᠂ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠬᠥᠳᠡᠯᠭᠡᠭᠡᠨ ᠢ ᠥᠷᠨᠢᠭᠦᠯᠵᠦ᠂ ᠳ᠋ᠦᠩ ᠹᠧᠩ ᠪᠠᠯᠭᠠᠰᠤᠨ ᠤ ᠪᠦᠬᠦ ᠺᠠᠳ᠋ᠷ | ᠠᠵᠢᠯᠲᠠᠨ᠂ ᠭᠠᠴᠠᠭᠠᠨ ᠤ ᠬᠤᠶᠠᠷ ᠵᠥᠪᠯᠡᠯ ᠤᠨ ᠠᠵᠢᠯᠲᠠᠨ ᠪᠣᠯᠣᠨ 17 ᠮᠠᠯᠴᠢᠨ ᠲᠠᠷᠢᠶᠠᠴᠢᠨ ᠤ ᠰᠠᠶᠢᠨ | ᠲᠤᠷᠠᠴᠤᠳ ᠬᠥᠳᠡᠯᠭᠡᠭᠡᠨ ᠳᠤ ᠤᠷᠤᠯᠴᠠᠭᠰᠠᠨ ᠪᠠᠶᠢᠨ᠎ᠠ᠃ | ᠬᠥᠳᠡᠯᠭᠡᠭᠡᠨ ᠤ ᠲᠠᠯᠠᠪᠠᠢ ᠳᠤ᠂ ᠣᠷᠣᠯᠴᠠᠭᠰᠠᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠠᠷᠢᠶ᠎ᠠ ᠣᠷᠣᠨ ᠤ | 112 ᠳ᠋ᠤᠭᠠᠷ ᠵᠠᠮ ᠤᠨ ᠬᠤᠶᠠᠷ ᠬᠠᠵᠠᠭᠤ ᠪᠠ 305 ᠳ᠋ᠤᠭᠠᠷ ᠬᠥᠮᠥᠷᠭᠡ ᠶᠢᠨ ᠲᠥᠪᠯᠡᠷᠡᠭᠰᠡᠨ ᠣᠷᠣᠨ ᠤ ᠴᠠᠭᠠᠨ | ᠬᠤᠭ ᠨᠣᠪᠰᠢ ᠵᠢᠴᠢ ᠠᠮᠢᠳᠤᠷᠠᠯ ᠤᠨ ᠬᠤᠭ ᠨᠣᠪᠰᠢ ᠶᠢ ᠲᠤᠶᠢᠯᠪᠤᠷᠢᠲᠠᠢ ᠴᠡᠪᠡᠷᠯᠡᠵᠦ᠂ ᠰᠠᠶᠢᠨ ᠳᠤᠷᠠᠴᠤᠳ | ᠬᠦᠴᠢᠷ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠤᠨ᠂ ᠬᠠᠴᠠᠷ ᠳᠠᠭᠠᠵᠤ ᠤᠷᠤᠰᠤᠭᠰᠠᠨ | ᠬᠥᠯᠥᠰᠦ ᠪᠠᠨ ᠴᠤ ᠬᠠᠮᠢᠶᠠᠷᠬᠤ ᠵᠠᠪ ᠦᠭᠡᠢ ᠪᠠᠷ ᠬᠠᠯᠠᠭᠤᠨ ᠨᠠᠷᠠᠨ ᠤ ᠳᠣᠣᠷ᠎ᠠ ᠣᠷᠴᠢᠨ ᠲᠣᠭᠤᠷᠢᠨ ᠢᠶᠠᠨ | ᠴᠡᠪᠡᠷᠯᠡᠵᠡᠭᠡᠨᠡ᠃ ᠤᠯᠠᠨ ᠲᠦᠮᠡᠨ ᠤ ᠰᠢᠷᠭᠠᠭᠤ ᠬᠦᠳᠡᠯᠮᠦᠷᠢ ᠪᠠᠷ ᠳᠠᠮᠵᠢᠨ᠂ ᠵᠠᠮ ᠤᠨ ᠬᠤᠶᠠᠷ ᠬᠠᠵᠠᠭᠤ ᠪᠣᠯᠣᠨ | ᠭᠡᠷ ᠤᠨ ᠡᠮᠦᠨ᠎ᠡ ᠬᠤᠶᠢᠨ᠎ᠠ ᠪᠦᠷ ᠴᠡᠪᠡᠷᠬᠡᠨ ᠪᠣᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠮᠠᠰᠢ ᠲᠣᠬᠢᠯᠢᠭ | ᠰᠠᠶᠢᠬᠠᠨ ᠪᠣᠯᠪᠠ᠃ | ᠬᠥᠳᠡᠯᠭᠡᠭᠡᠨ ᠳᠠᠭᠤᠰᠤᠭᠰᠠᠨ ᠤ ᠳᠠᠷᠠᠭ᠎ᠠ᠂ ᠤᠯᠠᠨ ᠲᠦᠮᠡᠨ ᠤ ᠲᠡᠭᠦᠭᠰᠡᠨ ᠬᠤᠭ ᠨᠣᠪᠰᠢ ᠶᠢᠨ ᠬᠦᠨᠳᠦ ᠶᠢ | ᠦᠨᠳᠦᠰᠦᠯᠡᠨ ᠠᠮᠢᠳᠤᠷᠠᠯ ᠤᠨ ᠬᠡᠷᠡᠭᠰᠡᠯ ᠰᠣᠯᠢᠵᠤ᠂ ᠤᠯᠠᠨ ᠲᠦᠮᠡᠨ ᠥᠪᠡᠷ ᠤᠨ ᠬᠦᠴᠦ ᠬᠦᠳᠡᠯᠮᠦᠷᠢ ᠪᠠᠷ ᠰᠣᠯᠢᠵᠤ | ᠣᠯᠣᠭᠰᠠᠨ ᠠᠮᠢᠳᠤᠷᠠᠯ ᠤᠨ ᠬᠡᠷᠡᠭᠰᠡᠯ ᠳᠤ ᠪᠠᠨ ᠬᠠᠨᠤᠮᠵᠢᠲᠠᠢ ᠪᠠᠶᠢᠵᠤ᠂ ᠨᠢᠭᠤᠷ ᠳᠦᠭᠦᠷᠡᠩ ᠵᠣᠯ ᠵᠢᠷᠭᠠᠯ | ᠲᠣᠳᠣᠷᠠᠨ᠎ᠠ᠃ ᠡᠭᠦᠨ ᠤ ᠬᠠᠮᠲᠤ᠂ ᠳ᠋ᠦᠩ ᠹᠧᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠭᠠᠵᠠᠷ ᠠᠴᠠ ᠮᠠᠯᠴᠢᠨ ᠲᠠᠷᠢᠶᠠᠴᠢᠨ ᠤ ᠰᠠᠶᠢᠨ ᠳᠤᠷᠠᠴᠤᠳ ᠲᠤ ᠡᠷᠡᠭᠦᠯ ᠬᠠᠮᠠᠭᠠᠯᠠᠯ ᠤᠨ | ᠴᠠᠭᠠᠰᠤ᠂ ᠴᠠᠭᠠᠰᠤᠨ ᠴᠣᠮᠣ ᠵᠡᠷᠭᠡ ᠤᠬᠠᠭᠤᠯᠭ᠎ᠠ ᠶᠢᠨ ᠡᠳ᠋ ᠲᠠᠷᠬᠠᠭᠠᠵᠤ᠂ ᠤᠯᠠᠨ ᠲᠦᠮᠡᠨ ᠢ ᠤᠯᠠᠮ ᠨᠢᠭᠡ | ᠠᠯᠬᠤᠮ ᠣᠷᠴᠢᠨ ᠲᠣᠭᠤᠷᠢᠨ ᠢᠶᠠᠨ ᠬᠠᠶᠢᠷᠠᠯᠠᠨ ᠬᠠᠮᠠᠭᠠᠯᠠᠵᠤ ᠦᠵᠡᠰᠬᠦᠯᠡᠩᠲᠦ ᠰᠠᠶᠢᠬᠠᠨ ᠰᠢᠶᠠᠩ ᠪᠠᠯᠭᠠᠰᠤ ᠶᠢ | ᠬᠠᠮᠲᠤᠪᠠᠷ ᠪᠦᠲᠦᠭᠡᠨ ᠪᠠᠶᠢᠭᠤᠯᠬᠤ ᠪᠠᠷ ᠬᠥᠲᠥᠯᠥᠨ ᠵᠢᠯᠣᠭᠤᠳᠴᠠᠢ᠃ | ᠡᠨᠡ ᠤᠳᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠬᠥᠳᠡᠯᠭᠡᠭᠡᠨ ᠳᠤ | ᠤᠷᠤᠯᠴᠠᠭᠰᠠᠨ ᠲᠠᠷᠢᠶᠠᠴᠢᠨ ᠯᠦ ᠰᠢᠤᠸᠠᠢ ᠱᠤᠸᠠᠩ᠄ ︽ᠥᠨᠥᠳᠥᠷ ᠪᠢᠳᠡ ᠪᠦᠭᠦᠳᠡᠭᠡᠷ ᠭᠡᠷ ᠣᠷᠣᠨ ᠤ ᠪᠠᠨ | ᠣᠷᠴᠢᠨ ᠲᠤᠭᠤᠷᠢᠨ ᠢ ᠴᠡᠪᠡᠷᠯᠡᠨ᠂ ᠪᠠᠰᠠ ᠠᠮᠢᠳᠤᠷᠠᠯ ᠤᠨ ᠬᠡᠷᠡᠭᠰᠡᠯ ᠰᠣᠯᠢᠨ ᠠᠪᠴᠤ᠂ ᠦᠨᠡᠬᠡᠷ ᠵᠣᠯ ᠵᠢᠷᠭᠠᠯ ᠲᠠᠢ | ᠪᠠᠶᠢᠨ᠎ᠠ᠃ ᠡᠨᠡᠬᠦ ᠬᠥᠳᠡᠯᠭᠡᠭᠡᠨ ᠢᠶᠠᠷ ᠳᠠᠮᠵᠢᠨ᠂ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠠᠷᠢᠭᠤᠨ ᠴᠡᠪᠡᠷ | ᠪᠤᠯᠭᠠᠬᠤ ᠳᠤ ᠠᠮᠠᠷ ᠦᠭᠡᠢ ᠭᠡᠰᠡᠨ ᠢ ᠣᠶᠢᠯᠠᠭᠠᠯ᠎ᠠ᠃ ᠬᠤᠶᠢᠰᠢᠳᠠ᠂ ᠪᠢᠳᠡ ᠭᠡᠷ ᠤᠨ ᠬᠥᠮᠥᠰ ᠪᠠ ᠬᠠᠮᠲᠤ | ᠨᠦᠬᠦᠳ ᠢᠶᠠᠨ ᠬᠥᠲᠥᠯᠥᠨ ᠳᠠᠭᠠᠭᠤᠯᠵᠤ᠂ ᠳᠤᠷ᠎ᠠ ᠪᠠᠷ ᠬᠤᠭ ᠨᠣᠪᠰᠢ ᠬᠠᠶᠠᠬᠤ ᠦᠭᠡᠢ᠂ ᠣᠷᠴᠢᠨ | ᠲᠣᠭᠤᠷᠢᠨ ᠢᠶᠠᠨ ᠴᠡᠪᠡᠷᠯᠡᠬᠦ ᠬᠥᠳᠡᠯᠭᠡᠭᠡᠨ ᠳᠤ ᠢᠯᠡᠭᠦᠦ ᠣᠷᠣᠯᠴᠠᠨ᠂ ᠬᠠᠮᠲᠤᠪᠠᠷ ᠠᠮᠢᠳᠤᠷᠠᠨ ᠣᠷᠣᠰᠢᠬᠤ ᠭᠡᠷ | ᠣᠷᠣᠨ ᠢᠶᠠᠨ ᠨᠡᠩ ᠰᠠᠶᠢᠨ ᠨᠡᠩ ᠭᠤᠶᠤ ᠪᠣᠯᠭᠠᠨ᠎ᠠ︾ ᠭᠡᠵᠦ ᠶᠠᠷᠢᠭᠰᠠᠨ ᠪᠠᠶᠢᠨ᠎ᠠ᠃ |