ᠬᠠᠷ᠎ᠠ  ᠪᠦᠷᠭᠦᠳ ᠤᠨ ᠠᠭᠤᠯᠠ ᠪᠠᠯᠭᠠᠰᠤ ᠭᠤᠷᠪᠠᠨ  ᠠᠯᠬᠤᠮᠴᠢᠯᠠᠭᠰᠠᠨ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠠᠳᠬᠤᠨ᠎ᠠ
ᠨᠡᠶᠢᠲᠡᠯᠡᠭᠰᠡᠨ ᠴᠠᠭ᠄
2023/5/23
      ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠤ ᠠᠳᠡᠯ ᠭᠠᠷᠬᠤ ᠶᠢ ᠬᠤᠷᠢᠭᠯᠠᠵᠤ᠂  ᠮᠠᠨ ᠤ ᠪᠠᠯᠭᠠᠰᠤᠨ ᠳᠤ ᠬᠠᠷᠢᠶᠠᠯᠠᠭᠳᠠᠵᠤ ᠪᠠᠶᠢᠭ᠎ᠠ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠲᠥᠯᠥᠭᠡ᠂ ᠬᠠᠷ᠎ᠠ ᠪᠦᠷᠭᠦᠳ ᠤᠨ ᠠᠭᠤᠯᠠ  ᠪᠠᠯᠭᠠᠰᠤ ᠶᠢᠨ ᠬᠢᠨ ᠬᠠᠷᠢᠶ᠎ᠠ ᠣᠷᠣᠨ ᠤ ᠪᠠᠯᠭᠠᠰᠤᠨ ᠳᠤ ᠰᠠᠭᠤᠭ᠎ᠠ  ᠪᠠᠶᠢᠭᠤᠯᠭ᠎ᠠ ᠨᠢᠭᠡᠴᠡ ᠲᠠᠢ ᠬᠠᠮᠲᠤᠷᠠᠨ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ᠂ ᠤᠬᠠᠭᠤᠯᠭ᠎ᠠ ᠬᠥᠮᠦᠵᠢᠯ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠪᠠ᠃      5 ᠰᠠᠷ᠎ᠠ ᠶᠢᠨ 10᠎ ᠤ ᠡᠳᠦᠷ᠂  ᠬᠠᠷ᠎ᠠ ᠪᠦᠷᠭᠦᠳ ᠤᠨ ᠠᠭᠤᠯᠠ  ᠪᠠᠯᠭᠠᠰᠤ 2023 ᠣᠨ ᠤ ᠬᠤᠶᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠷᠢᠶ᠎ᠠ ᠣᠷᠣᠨ ᠤ ᠡᠯ᠎ᠡ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ ᠬᠤᠷᠠᠯ ᠳᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠵᠣᠷᠢᠭ ᠰᠠᠨᠠᠭ᠎ᠠ ᠶᠢ ᠰᠤᠷᠤᠯᠴᠠᠨ  ᠳᠠᠮᠵᠢᠭᠤᠯᠵᠤ᠂ ᠲᠠᠷᠠᠭᠠᠴᠢ ᠶᠢᠨ ᠱᠠᠲᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠣᠳᠠᠲᠠᠢ ᠱᠠᠭᠠᠷᠳᠠᠯᠭ᠎ᠠ ᠶᠢ ᠲᠣᠬᠢᠷᠠᠭᠤᠯᠤᠨ ᠪᠠᠶᠢᠷᠢᠯᠠᠭᠤᠯᠤᠭᠰᠠᠨ ᠤ ᠬᠠᠮᠲᠤ ᠡᠯ᠎ᠡ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠡ᠊ᠨᠳᠡᠯ ᠤᠨ ᠰᠤᠷᠭᠠᠮᠵᠢ ᠶᠢ ᠭᠦᠨᠵᠡᠭᠡᠢ ᠬᠦᠯᠢᠶᠡᠨ ᠠᠪᠴᠤ᠂ ᠠᠵᠠ ᠵᠠᠪᠰᠢᠶᠠᠨ ᠡᠷᠢᠬᠦ  ᠰᠡᠳᠬᠢᠴᠡ ᠪᠠ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠦᠢᠯᠡᠳᠪᠦᠷᠢᠯᠡᠯ ᠤᠨ ᠶᠠᠪᠤᠴᠠ ᠳᠠᠬᠢ ᠵᠠᠩᠭᠢᠯᠠᠭ᠎ᠠ ᠶᠢ ᠪᠣᠳᠠᠲᠠᠢ ᠪᠥᠭᠡᠳ ᠨᠠᠷᠢᠯᠢᠭ ᠠᠳᠬᠤᠵᠤ᠂ ᠠᠮᠤᠷ ᠲᠥᠪᠰᠢᠨ ᠤ ᠲᠠᠯ᠎ᠠ ᠪᠠᠷ ᠬᠢ ᠡ᠊ᠨᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠵᠠᠢ᠃      5 ᠰᠠᠷ᠎ᠠ ᠶᠢᠨ 11᠎ ᠤ ᠡᠳᠦᠷ ᠠᠴᠠ 12᠎ ᠤᠨ ᠡᠳᠦᠷ ᠪᠣᠯᠲᠠᠯ᠎ᠠ᠂ ᠬᠤᠷᠢᠨ ᠭᠤᠷᠪᠠᠳᠦᠭᠠᠷ  ᠤᠳᠠᠭᠠᠨ ᠤ ᠪᠥᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾᠎ ᠶᠢ  ᠤᠭᠳᠤᠵᠤ᠂ ᠮᠠᠨ ᠤ  ᠪᠠᠯᠭᠠᠰᠤᠨ ᠠᠴᠠ ᠠᠶᠤᠯᠭᠦᠢ ᠦᠢᠯᠡᠳᠪᠦᠷᠢᠯᠡᠯ ᠤᠨ ᠲᠤᠬᠠᠢ ᠰᠤᠷᠤᠯᠴᠠᠵᠤ ᠤᠬᠠᠭᠤᠯᠬᠤ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠲᠥᠪᠯᠡᠷᠡᠭᠦᠯᠦᠨ ᠤᠬᠠᠭᠤᠯᠬᠤ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠭᠤᠷᠬᠠᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠠᠵᠤ ᠠᠬᠤᠶᠢᠯᠠᠯ ᠤᠨ ᠠᠵᠢᠯᠲᠠᠳ ᠤᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠪᠡ᠃      5 ᠰᠠᠷ᠎ᠠ ᠶᠢᠨ 13᠎ ᠤ ᠡᠳᠦᠷ ᠠᠴᠠ 15᠎ ᠤᠨ ᠡᠳᠦᠷ ᠪᠣᠯᠲᠠᠯ᠎ᠠ ᠂ ᠪᠠᠯᠭᠠᠰᠤᠨ ᠤ ᠵᠠᠰᠠᠭ ᠤᠨ ᠣᠷᠳᠣᠨ ᠎ ᠠᠴᠠ ᠪᠠᠯᠭᠠᠰᠤᠨ ᠤ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂  ᠨᠡᠶᠢᠭᠡᠮ ᠲᠤᠭᠤᠷᠢᠭ ᠤᠨ ᠠᠵᠢᠯᠲᠠᠨ ᠢ ᠵᠣᠬᠢᠶᠠᠨ ᠪᠠᠶᠢᠭᠤᠯᠵᠤ ᠠᠭᠤᠷᠬᠠᠢ ᠶᠢᠨ ᠣᠷᠣᠨ ᠳᠤ ᠭᠦᠨᠵᠡᠭᠡᠶᠢᠷᠡᠨ ︽ᠰᠤᠳᠠᠯ ᠪᠠᠷᠢᠵᠤ︾᠂ ᠬᠠᠷᠢᠶᠠᠲᠤ ᠣᠷᠣᠨ ᠤ ᠡᠯ᠎ᠡ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠠᠮᠢᠳᠤᠷᠠᠯ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ  ᠪᠠᠶᠢᠴᠠᠭᠠᠵᠤ᠂ ᠦᠢᠯᠡᠳᠪᠦᠷᠢᠯᠡᠯ ᠤᠨ ᠶᠠᠪᠤᠴᠠ᠂ ᠰᠢᠲᠠᠮᠠᠬᠠᠢ ᠬᠡᠢ ᠶᠢᠨ ᠬᠡᠷᠡᠭᠯᠡᠯᠲᠡ᠂ ᠭᠠᠯ ᠤᠨᠲᠠᠷᠠᠭᠠᠬᠤ ᠪᠡᠯᠡᠳᠬᠡᠮᠵᠢ᠂ ᠦᠪᠠᠷᠲᠡᠭᠡᠨ ᠪᠠᠷᠢᠭᠰᠠᠨ ᠪᠠᠶᠢᠰᠢᠩ ᠤᠨ ᠠᠮᠤᠷ ᠲᠦᠪᠰᠢᠨ ᠵᠡᠷᠭᠡ ᠬᠦᠷᠢᠶ᠎ᠡ ᠴᠠᠷᠠᠭ᠎ᠠ ᠳᠤ ᠭᠤᠣᠯᠳᠠᠯᠭ᠎ᠠ ᠲᠠᠢ ᠪᠠᠷ ᠲᠣᠣᠷ ᠲᠠᠲᠠᠬᠤ ᠮᠠᠶ᠋ᠢᠭ ᠤᠨ ᠪᠠᠶᠢᠴᠠᠭᠠᠯᠲᠠ ᠬᠢᠵᠦ᠂ ᠬᠡᠮ ᠰᠣᠭᠤᠭ ᠢ ᠣᠶᠢᠯᠠᠭᠠᠨ᠂ ᠡᠬᠡ ᠲᠠᠩᠰᠠ ᠪᠠᠶᠢᠭᠤᠯᠬᠤ ᠶᠢᠨ ᠬᠠᠮᠲᠤ ᠢᠯᠡᠷᠡᠭᠦᠯᠦᠭᠰᠡᠨ ᠠᠮᠤᠷ ᠲᠦᠪᠰᠢᠨ ᠤ ᠲᠠᠯ᠎ᠠ ᠪᠠᠷ ᠬᠢ ᠲᠦᠭᠰᠢᠭᠦᠷᠢ ᠶᠢᠨ ᠴᠡᠭ᠂ ᠬᠡᠮ ᠰᠣᠭᠤᠭ ᠤᠨ ᠴᠡᠭ ᠢ ᠲᠤᠬᠠᠢ ᠶᠢᠨ ᠲᠠᠯᠠᠪᠤᠷ ᠲᠤᠨᠢ ᠵᠢᠭᠠᠨ ᠭᠠᠷᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠵᠠᠢ᠃      ᠲᠠᠷᠠᠭᠠᠴᠢ ᠶᠢᠨ ᠠᠯᠬᠤᠮ ᠳᠤ᠂ ᠬᠠᠷ᠎ᠠ ᠪᠦᠷᠭᠦᠳ ᠤᠨ ᠠᠭᠤᠯᠠ ᠪᠠᠯᠭᠠᠰᠤ ᠶᠢᠨ ᠬᠢᠨ ᠪᠠᠶᠢᠩᠭᠤ ᠶᠢᠨ ᠴᠢᠨᠠᠷᠲᠠᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠮᠦᠨ᠎ᠡ ᠬᠤᠭᠤᠴᠠᠭᠠᠨ ᠳᠤ ᠢᠯᠡᠷᠡᠭᠦᠯᠦᠭᠰᠡᠨ ᠠᠰᠠᠭᠤᠳᠠᠯ ᠢ ᠦᠷᠭᠦᠯᠵᠢᠯᠡᠨ ᠮᠥᠷᠳᠡᠨ ᠴᠡᠭᠴᠡᠯᠡᠨ ᠰᠠᠶᠢᠵᠢᠷᠠᠭᠤᠯᠵᠤ᠂ ᠭᠡᠮ ᠰᠣᠭᠤᠭ ᠢ ᠰᠠᠶᠢᠲᠦᠷ ᠪᠠᠶᠢᠴᠠᠭᠠᠵᠤ᠂ ᠬᠠᠷᠢᠭᠤᠴᠠᠯᠭ᠎ᠠ ᠶᠢ ᠲᠤᠤᠱᠲᠠᠢ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠠᠶᠤᠯᠭᠦᠢ ᠦᠢᠯᠡᠳᠪᠦᠷᠢᠯᠡᠯ ᠢ ᠪᠠᠲᠤᠯᠠᠬᠤ ᠶᠢ ᠦᠨᠡᠨᠬᠦ ᠪᠡᠶᠡᠯᠡᠭᠦᠯᠦᠨ᠎ᠡ᠃
 
ᠢᠷᠡᠯᠲᠡ᠄ ᠬᠠᠷ᠎ᠠ ᠪᠦᠷᠭᠦᠳ ᠤᠨ ᠠᠭᠤᠯᠠ ᠪᠠᠯᠭᠠᠰᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号