ᠡᠵᠡᠨ᠎ᠡ ᠬᠤᠰᠢᠭᠤᠨ ᠤ ᠰᠤᠪᠨᠠᠭᠤᠷ ᠰᠤᠮᠤ ᠨᠢ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ | ᠵᠠᠰᠠᠯᠲᠠ ᠶᠢᠨ ᠣᠳᠣᠬᠢᠴᠢᠯᠠᠯᠲᠠ ᠶᠢᠨ ᠲᠤᠬᠠᠶ ᠶᠡᠷᠦᠩᠬᠡᠶ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠳᠤᠤᠱᠯᠠᠭᠤᠯᠤᠨ | ᠨᠠᠶᠢᠳᠠᠪᠤᠷᠢᠵᠢᠭᠤᠯᠵᠤ᠂ ᠲᠤᠤᠷᠵᠢᠭᠤᠯᠤᠭᠰᠠᠨ ᠬᠠᠮᠢᠶᠠᠷᠤᠯᠲᠠ᠂ ᠦᠢᠯᠡᠴᠢᠯᠡᠭᠡᠨ ᠤ ᠰᠢᠨ᠎ᠡ ᠵᠠᠭᠪᠤᠷ ᠢ ᠢᠳᠡᠪᠬᠢᠲᠡᠶ | ᠬᠠᠶᠢᠨ ᠰᠦᠪᠡᠭᠴᠢᠯᠡᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠨᠢ ᠶᠡᠷᠦᠩᠬᠡᠶᠢᠯᠡᠭᠰᠡᠨ ᠬᠠᠮᠢᠶᠠᠷᠤᠯᠲᠠ | ᠪᠣᠯᠤᠨ ᠦᠢᠯᠡᠴᠢᠯᠡᠭᠡᠨ ᠤ ᠣᠯᠠᠨ ᠡᠰᠢᠵᠢᠭᠰᠡᠨ ᠠᠭᠤᠰᠤᠯᠴᠠᠯ ᠢ ᠲᠠᠰᠤᠷᠠᠯᠲᠠ ᠥᠬᠡᠶ ᠠᠬᠢᠭᠤᠯᠪᠠ᠃ | ᠨᠡᠶᠢᠭᠡᠮ ᠤᠨ ᠵᠠᠰᠠᠯᠲᠠ ᠢᠶᠠᠨ ᠡᠷᠴᠢᠮ ᠲᠠᠢ ᠶᠠᠪᠤᠭᠳᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ | ᠠᠮᠤᠷ ᠲᠦᠪᠰᠢᠨ ᠢ ᠰᠠᠬᠢᠪᠠ᠃ ᠨᠠᠮ ᠤᠨ ᠬᠤᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠯ᠎ᠡ ᠲᠠᠯ᠎ᠠ ᠶᠢ | ᠵᠣᠬᠢᠴᠠᠭᠤᠯᠤᠨ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠵᠠᠰᠠᠯᠲᠠ ᠶᠢᠨ ᠠᠵᠢᠯ ᠳᠤ | ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ᠂ ᠤᠯᠠᠨ ᠲᠦᠮᠡᠨ ᠤ ᠵᠥᠷᠢᠴᠡᠯ ᠵᠢᠴᠢ | ᠬᠦᠴᠢᠷᠳᠡᠯ ᠢ ᠵᠣᠬᠢᠴᠠᠭᠤᠯᠤᠨ ᠰᠢᠢᠳᠪᠦᠷᠢᠯᠡᠪᠡ᠃ ᠣᠶᠢᠷ᠎ᠠ ᠶᠢᠨ ᠵᠢᠯ ᠠᠴᠠ ᠨᠠᠭᠠᠰᠢ᠂ ᠰᠣᠪᠨᠠᠭᠤᠷ ᠰᠤᠮᠤ ᠨᠢ | ︽1 + 3 + 7 + N︾ ᠲᠤᠤᠷᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ | ᠰᠤᠮᠤᠨ ᠤ ᠨᠠᠮ ᠤᠨ ᠬᠤᠷᠢᠶ᠎ᠠ ᠪᠠᠷ ᠤᠳᠤᠷᠢᠳᠤᠯᠭ᠎ᠠ ᠪᠣᠯᠭᠠᠨ᠂ 3 ᠲᠣᠮᠣ ᠲᠤᠤᠷᠵᠢᠯ ᠢ ᠪᠠᠶᠢᠭᠤᠯᠵᠤ᠂ ᠡᠯ᠎ᠡ | ᠭᠠᠴᠠᠭᠠᠨ ᠤ ᠱᠦᠵᠢ ᠠᠴᠠ ᠲᠤᠤᠷᠵᠢᠯ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ 7 ᠪᠠᠭ᠎ᠠ ᠲᠤᠤᠷᠵᠢᠯ ᠢ | ᠪᠠᠶᠢᠭᠤᠯᠬᠤ ᠶᠢᠨ ᠬᠠᠮᠲᠤ ᠪᠠᠭ᠎ᠠ ᠲᠤᠤᠷᠵᠢᠯ ᠤᠨ ᠳᠣᠲᠣᠷ᠎ᠠ ︽ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ + | ᠲᠤᠤᠷᠵᠢᠯ ᠤᠨ ᠠᠵᠢᠯᠲᠠᠨ︾ ᠤ ᠵᠠᠭᠪᠤᠷ ᠢᠶᠠᠷ ᠭᠤᠤᠯᠳᠠᠯᠭᠠᠲᠤ ᠡᠷᠦᠬᠡ ᠪᠠᠶᠢᠭᠤᠯᠵᠤ᠂ ᠮᠠᠯᠴᠢᠨ ᠲᠠᠷᠢᠶᠠᠴᠢᠨ ᠢ | ᠳᠠᠭᠠᠭᠤᠯᠵᠠᠢ᠃ ᠣᠳᠣᠬᠠᠨ ᠳᠤ᠂ ᠨᠢᠭᠡᠨᠲᠡ ᠪᠦᠬᠦ ᠲᠠᠯ᠎ᠠ ᠶᠢᠨ ᠲᠣᠣᠷᠵᠢᠭᠤᠯᠤᠭᠰᠠᠨ ᠰᠢᠰᠲ᠋ᠧᠮ ᠢ ᠪᠠᠶᠢᠭᠤᠯᠵᠤ᠂ | ᠬᠠᠷᠢᠭᠤᠴᠠᠯᠭ᠎ᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ ᠨᠠᠷᠢᠯᠢᠬᠵᠢᠭᠤᠯᠵᠤ᠂ ᠨᠡᠶᠢᠭᠡᠮ ᠤᠨ ᠵᠠᠰᠠᠯᠲᠠ ᠶᠢᠨ | ᠰᠠᠭᠤᠷᠢ ᠶᠢ ᠪᠠᠲᠤ ᠪᠠᠬᠢ ᠴᠣᠭᠴᠠᠯᠠᠪᠠ᠃ | ᠴᠠᠭᠳᠠᠭ᠎ᠠ ᠠᠷᠠᠳ ᠰᠡᠳᠬᠢᠯ ᠨᠢᠭᠡᠳᠦᠨ᠂ ᠬᠠᠮᠲᠤ ᠪᠠᠷ ᠪᠠᠶᠢᠭᠤᠯᠤᠨ ᠵᠠᠰᠠᠵᠤ᠂ ᠠᠮᠤᠷ ᠲᠦᠪᠰᠢᠨ ᠢ | ᠪᠠᠲᠤᠯᠠᠪᠠ᠃ ᠰᠤᠮᠤᠨ ᠤ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠰᠤᠪᠨᠠᠭᠤᠷ ᠰᠤᠮᠤ ᠨᠢ ᠡᠯ᠎ᠡ ᠭᠠᠴᠠᠭᠠᠨ ᠤ ᠠᠳᠠᠯᠢ ᠪᠤᠰᠤ | ᠪᠠᠶᠢᠳᠠᠯ ᠢ ᠦᠨᠳᠦᠰᠦᠯᠡᠨ᠂ ᠰᠤᠪᠨᠠᠭᠤᠷ ᠤᠨ ᠬᠢᠯᠢ ᠶᠢᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠠᠮᠤᠷ ᠲᠦᠪᠰᠢᠨ | ᠴᠠᠭᠳᠠᠨ ᠰᠡᠷᠭᠡᠶᠢᠯᠡᠬᠦ ᠠᠩᠭᠢ ᠪᠠᠶᠢᠭᠤᠯᠵᠤ᠂ ᠰᠤᠮᠤᠨ ᠤ ᠬᠠᠮᠢᠶᠠᠷᠤᠯᠲᠠ ᠶᠢᠨ ᠣᠷᠤᠨ ᠤ ᠠᠮᠤᠷ ᠲᠦᠪᠰᠢᠨ ᠢ | ᠬᠠᠮᠲᠤ ᠪᠠᠷ ᠬᠠᠮᠠᠭᠠᠯᠠᠪᠠ᠃ ᠬᠢᠯᠢ ᠶᠢᠨ ᠲᠣᠮᠢᠯᠠᠭᠰᠠᠨ ᠰᠠᠯᠪᠤᠷᠢ ᠶᠢᠨ ᠭᠤᠤᠯᠯᠠᠨ ᠬᠠᠮᠢᠶᠠᠷᠤᠭᠴᠢ ᠶᠢ ᠰᠤᠮᠤᠨ ᠤ | ᠨᠠᠮ ᠤᠨ ᠬᠤᠷᠢᠶᠠᠨ ᠤ ᠤᠳᠤᠷᠢᠳᠬᠤ ᠪᠠᠭ ᠲᠤ ᠣᠷᠤᠭᠤᠯᠵᠤ᠂ ᠬᠠᠮᠢᠶᠠᠷᠤᠯᠲᠠ ᠶᠢᠨ ᠣᠷᠣᠨ ᠤ ᠠᠷᠠᠳ ᠤᠨ | ᠴᠠᠭᠳᠠᠭ᠎ᠠ ᠨᠢ ᠭᠠᠴᠠᠭᠠᠨ ᠤ ︽ᠬᠤᠶᠠᠷ ᠵᠥᠪᠯᠡᠯ︾ ᠳᠤ ᠣᠷᠤᠵᠤ᠂ ᠠᠷᠠᠳ ᠤᠨ ᠴᠠᠭᠳᠠᠭ᠎ᠠ᠂ ᠲᠣᠣᠷᠵᠢᠭᠤᠯᠤᠭᠰᠠᠨ | ᠠᠵᠢᠯᠲᠠᠨ ᠢᠶᠠᠷ ᠪᠦᠷᠢᠯᠳᠦᠭᠰᠡᠨ ᠭᠠᠴᠠᠭᠠᠨ ᠤ ᠴᠠᠭᠳᠠᠭᠠᠨ ᠤ ᠶᠠᠪᠤᠳᠠᠯ ᠤᠨ ᠪᠦᠯᠬᠦᠮ ᠢ ᠪᠦᠷᠢᠯᠳᠦᠭᠦᠯᠵᠦ᠂ | ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠬᠠᠤᠯᠢ ᠶᠢ ᠣᠶᠢᠯᠭᠠᠨ ᠬᠡᠷᠡᠭᠯᠡᠬᠦ | ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠠᠤᠯᠢ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ᠂ ᠡᠷᠡᠭᠦᠦ ᠶᠢᠨ ᠶᠠᠪᠤᠳᠠᠯ᠂ ᠠᠮᠤᠷ ᠲᠦᠪᠰᠢᠨ ᠤ ᠬᠡᠷᠡᠭ ᠵᠡᠷᠭᠡ ᠪᠠᠶᠢᠳᠠᠯ ᠤᠨ ᠡᠭᠦᠰᠬᠦ | ᠪᠣᠯᠤᠮᠵᠢ ᠶᠢ ᠤᠯᠠᠮ ᠨᠢᠭᠡ ᠠᠯᠬᠤᠮ ᠪᠠᠭᠤᠷᠠᠭᠤᠯᠵᠤ᠂ ᠲᠣᠣᠷᠵᠢᠭᠤᠯᠤᠭᠰᠠᠨ ᠬᠡᠪᠴᠢᠶᠡᠨ ᠳᠤ ᠭᠠᠵᠢᠭᠤ ᠨᠣᠮᠯᠠᠯ | ᠥᠬᠡᠶ᠂ ᠬᠠᠷ᠎ᠠ ᠪᠦᠯᠦᠭᠲᠡᠨ ᠬᠠᠷᠭᠢᠰ ᠬᠦᠴᠦᠨ ᠥᠬᠡᠶ᠂ ᠣᠯᠠᠨ ᠨᠡᠶᠢᠲᠡ ᠶᠢᠨ ᠠᠮᠤᠷ ᠲᠦᠪᠰᠢᠨ ᠤ ᠠᠳᠡᠯ ᠥᠬᠡᠶ᠂ | ᠬᠤᠤᠷ ᠬᠥᠨᠥᠭᠡᠯ ᠥᠬᠡᠶ᠂ ᠪᠥᠯᠦᠭᠯᠡᠯ ᠤᠨ ᠴᠢᠨᠠᠷᠲᠠᠶ ᠬᠡᠷᠡᠭ ᠶᠠᠪᠤᠳᠠᠯ ᠥᠬᠡᠶ ᠪᠠᠶᠢᠬᠤ ᠶᠢ ᠪᠡᠶᠡᠯᠡᠭᠦᠯᠵᠦ᠂ ᠮᠠᠯᠴᠢᠨ | ᠲᠠᠷᠢᠶᠠᠴᠢᠨ ᠤ ᠠᠮᠤᠷ ᠲᠦᠪᠰᠢᠨ ᠤ ᠲᠥᠷᠥᠭᠳᠡᠯ ᠢ ᠢᠯᠡᠳᠲᠡ ᠳᠡᠭᠡᠭᠰᠢᠯᠡᠭᠦᠯᠪᠡ᠃ | ᠬᠠᠪᠰᠤᠷᠤᠨ ᠲᠡᠳᠬᠦᠵᠦ ᠬᠦᠴᠢᠷᠳᠡᠯ ᠢ ᠨᠢ ᠰᠢᠢᠳᠪᠦᠷᠢᠯᠡᠨ᠂ ᠬᠠᠯᠠᠭᠤᠨ ᠦᠢᠯᠡᠴᠢᠯᠡᠭᠡ ᠪᠠᠷ ᠠᠮᠤᠷ | ᠳᠣᠭᠲᠠᠭᠤᠨ ᠢ ᠬᠠᠮᠠᠭᠠᠯᠠᠪᠠ᠃ ᠰᠤᠮᠤ᠂ ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠰᠠᠶᠢᠨ ᠳᠤᠷᠠᠴᠤᠳ ᠤᠨ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ ᠡᠷᠦᠬᠡ ᠪᠠᠷ ᠠᠶᠢᠯᠴᠢᠯᠠᠵᠤ᠂ ᠶᠠᠷᠢᠯᠴᠠᠨ | ᠰᠣᠯᠢᠯᠴᠠᠬᠤ᠂ ᠸᠢᠴᠠᠲ ᠤᠨ ᠲᠠᠪᠴᠠᠩ ᠢᠶᠠᠷ ᠡᠯᠰᠡᠬᠦ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ | ᠠᠷᠭ᠎ᠠ ᠵᠠᠮ ᠢᠶᠠᠷ ᠳᠠᠮᠵᠢᠨ ᠣᠯᠠᠨ ᠲᠦᠮᠡᠨ ᠤ ᠬᠦᠴᠢᠷ ᠵᠣᠪᠠᠭᠤᠷᠢ ᠪᠠ ᠬᠦᠰᠡᠯ ᠡᠷᠡᠮᠡᠯᠵᠡᠯ ᠤᠨ ᠠᠰᠠᠭᠤᠳᠠᠯ ᠢ | ᠥᠷᠭᠡᠨ ᠢᠶᠠᠷ ᠴᠤᠭᠯᠠᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠳᠣᠭᠲᠠᠭᠠᠨ᠂ | ᠦᠢᠯᠡᠴᠢᠯᠡᠭᠡᠨ ᠤ ᠭᠠᠷ ᠳᠡᠪᠲᠡᠷ ᠢ ᠬᠡᠪᠯᠡᠨ ᠲᠠᠷᠬᠠᠭᠠᠵᠤ᠂ ︽ᠵᠠᠬᠢᠶᠠᠯᠠᠭ᠎ᠠ ᠪᠠᠷ ᠦᠢᠯᠡᠴᠢᠯᠡᠬᠦ︾ ᠠᠷᠭ᠎ᠠ ᠮᠠᠶ᠋ᠢᠭ ᠢᠶᠠᠷ | ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ᠂ | ᠣᠯᠠᠨ ᠲᠦᠮᠡᠨ ᠤ ᠰᠠᠶᠢᠨ ᠳᠤᠷᠠᠴᠤᠳ ᠨᠢ ᠰᠠᠷ᠎ᠠ ᠪᠦᠷᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠬᠦ᠂ | ᠪᠣᠯᠪᠠᠰᠤᠨ ᠬᠤᠲᠠ ᠶᠢᠨ ᠪᠠᠶᠢᠭᠤᠯᠤᠯᠲᠠ᠂ ᠬᠠᠪᠰᠤᠷᠤᠨ ᠲᠡᠳᠬᠦᠬᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ᠂ ᠲᠠᠷᠢᠶᠠᠯᠠᠩ ᠤᠨ ᠮᠡᠷᠭᠡᠵᠢᠯ ᠢ ᠤᠬᠠᠭᠤᠯᠤᠨ ᠳᠡᠯᠭᠡᠷᠡᠭᠦᠯᠬᠦ ᠵᠡᠷᠭᠡ | ᠡᠯ᠎ᠡ ᠲᠥᠷᠥᠯ ᠤᠨ ᠭᠤᠤᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ | ᠪᠠᠶᠢᠭᠤᠯᠪᠠ᠃ ᠨᠡᠶᠢᠳᠡ 60 ᠭᠠᠷᠤᠢ ᠤᠳᠠᠭ᠎ᠠ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠵᠦ᠂ 1400 ᠭᠠᠷᠤᠢ | ᠠᠷᠠᠳ ᠲᠦᠮᠡᠨ ᠳᠤ ᠦᠢᠯᠡᠴᠢᠯᠡᠵᠦ᠂ 1200 ᠭᠠᠷᠤᠢ ᠴᠠᠭ ᠦᠢᠯᠡᠴᠢᠯᠡᠪᠡ᠃ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡ ᠪᠠᠷ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠰᠲ᠋ᠧᠮ ᠤᠨ ᠵᠠᠰᠠᠭ ᠤᠨ ᠡᠷᠬᠡ ᠶᠢᠨ ᠲᠤᠬᠠᠢ ᠦᠢᠯᠡᠴᠢᠯᠡᠭᠡᠨ ᠤ ᠵᠦᠢᠯᠡᠰ ᠢ ᠳᠢᠭᠯᠢᠨ | ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠰᠤᠮᠤ᠂ ᠭᠠᠴᠠᠭ᠎ᠠ ᠬᠤᠶᠠᠷ ᠳᠡᠰ ᠤᠨ ︽ᠣᠷᠤᠯᠠᠨ ᠭᠦᠢᠴᠡᠳᠬᠡᠵᠦ᠂ | ᠬᠠᠪᠰᠤᠷᠤᠨ ᠭᠦᠢᠴᠡᠳᠬᠡᠬᠦ︾ ᠠᠵᠢᠯᠲᠠᠨ ᠤ ᠡᠩᠨᠡᠭᠡ ᠶᠢ ᠪᠠᠶᠢᠭᠤᠯᠵᠤ᠂ ᠬᠠᠪᠰᠤᠷᠤᠨ ᠭᠦᠢᠴᠡᠳᠬᠡᠨ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠺᠠᠷᠲ ᠢ ᠲᠠᠷᠬᠠᠭᠠᠨ᠂ ᠡᠯ᠎ᠡ ᠲᠤᠬᠠᠶᠢᠯᠠᠭᠰᠠᠨ ᠠᠵᠢᠯ ᠢ ᠵᠢᠷᠤᠮᠵᠢᠭᠤᠯᠤᠨ᠂ | ᠲᠤᠬᠠᠶᠢᠯᠠᠭᠰᠠᠨ ᠠᠵᠢᠯ ᠪᠠ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠮᠠᠯᠴᠢᠨ ᠲᠠᠷᠢᠶᠠᠴᠢᠨ ᠤ ᠬᠡᠷ ᠤᠨ ᠡᠭᠦᠳᠡᠨ ᠳᠤᠨᠢ ᠬᠦᠷᠲᠡᠯ᠎ᠡ ᠳᠥᠭᠦᠮ | ᠦᠵᠡᠭᠦᠯᠦᠨ ᠭᠦᠢᠴᠡᠳᠬᠡᠪᠡ᠃ 99 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠡᠮᠬᠢᠳᠬᠡᠨ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ᠂ ᠲᠤᠭ᠎ᠠ ᠪᠦᠷᠢᠳᠬᠡᠯ᠂ ᠶᠠᠳᠠᠭᠤ ᠶᠢ ᠲᠡᠳᠬᠦᠬᠦ᠂ ᠲᠠᠷᠢᠶᠠᠯᠠᠩ ᠮᠠᠯ ᠠᠵᠤ ᠠᠬᠤᠶ ᠣᠶ | ᠰᠢᠭᠤᠶ ᠵᠡᠷᠭᠡ ᠡᠯ᠎ᠡ ᠲᠥᠷᠥᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ 500 ᠭᠠᠷᠤᠶ ᠤᠳᠠᠭ᠎ᠠ | ᠭᠦᠢᠴᠡᠳᠬᠡᠵᠦ᠂ ᠡᠯ᠎ᠡ ᠲᠥᠷᠥᠯ ᠤᠨ ᠠᠵᠢᠯ ᠤᠨ 30 ᠭᠠᠷᠤᠶ ᠲᠦᠮᠡᠨ ᠲᠥᠭᠦᠷᠢᠭ ᠢ ᠲᠠᠷᠬᠠᠭᠠᠪᠠ᠃ ᠣᠯᠠᠨ | ᠲᠦᠮᠡᠨ ᠤ ᠪᠣᠳᠠᠲᠠᠶ ᠬᠦᠴᠢᠷᠳᠡᠯ ᠳᠤ ᠠᠩᠬᠠᠷᠤᠯ ᠲᠠᠯᠪᠢᠵᠤ᠂ ᠰᠡᠳᠬᠢᠯ ᠳᠤᠯᠠᠭᠠᠴᠠᠭᠤᠯᠬᠤ ᠦᠢᠯᠡᠴᠢᠯᠡᠭᠡᠨ ᠤ | ᠠᠵᠢᠯᠯᠠᠭ᠎ᠠ ᠶᠢ ᠥᠷᠨᠢᠭᠦᠯᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠤᠭᠤᠴᠠᠭᠠᠨ ᠳᠤ᠂ | ᠰᠤᠮᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠲᠡᠷᠢᠭᠦᠯᠡᠨ ᠰᠡᠳᠬᠢᠯ ᠳᠤᠯᠠᠭᠠᠴᠠᠭᠤᠯᠬᠤ ᠦᠢᠯᠡᠴᠢᠯᠡᠭᠡᠨ ᠤ | ᠪᠠᠭ᠎ᠠ ᠬᠤᠪᠢᠶᠠᠷᠢ ᠠᠩᠭᠢ ᠶᠢ ᠵᠣᠬᠢᠶᠠᠨ ᠪᠠᠶᠢᠭᠤᠯᠵᠤ᠂ ᠰᠤᠮᠤᠨ ᠤ 65 ᠨᠠᠰᠤᠨ ᠠᠴᠠ ᠳᠡᠭᠡᠭᠰᠢᠬᠢ ᠭᠠᠭᠴᠠ ᠪᠡᠶ᠎ᠡ | ᠨᠠᠰᠤᠲᠠᠨ᠂ ᠵᠡᠮᠳᠡᠭᠴᠦᠳ᠂ ᠬᠦᠨᠳᠦ ᠡᠪᠡᠳᠴᠢᠳᠡᠨ᠂ ᠵᠢᠷᠮᠦᠰᠦᠨ ᠪᠦᠰᠡᠭᠦᠶ ᠵᠡᠷᠭᠡ ᠭᠤᠣᠯᠳᠠᠯᠭ᠎ᠠ ᠲᠠᠢ ᠬᠥᠮᠦᠰ ᠢ | ᠪᠣᠯᠭᠤᠭᠠᠨ ᠲᠣᠬᠤᠨᠢᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ᠂ ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ ᠵᠡᠷᠭᠡ ᠰᠡᠳᠬᠢᠯ ᠳᠤᠯᠠᠭᠠᠴᠠᠭᠤᠯᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠠᠮ ᠪᠣᠯᠤᠨ | ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠮᠠᠯᠴᠢᠨ ᠲᠠᠷᠢᠶᠠᠴᠢᠨ ᠤ ᠳᠡᠷᠭᠡᠳᠡ ᠬᠦᠷᠭᠡᠪᠡ᠃ ᠨᠡᠶᠢᠲᠡ 1480 | ᠭᠠᠷᠤᠶ ᠬᠥᠮᠦᠨ ᠢ ᠪᠠᠶᠢᠴᠠᠭᠠᠵᠤ᠂ 248 ᠭᠤᠤᠯᠳᠠᠯᠭ᠎ᠠ ᠲᠠᠢ ᠬᠥᠮᠦᠰ ᠢ ᠲᠣᠭᠲᠠᠭᠠᠵᠤ᠂ 1400 ᠭᠠᠷᠤᠶ ᠤᠳᠠᠭ᠎ᠠ | ᠤᠲᠠᠰᠤ ᠪᠠᠷ ᠬᠠᠷᠢᠭᠤ ᠰᠤᠷᠪᠤᠯᠵᠢᠯᠠᠵᠤ᠂ 72 ᠡᠷᠦᠬᠡ ᠶᠢ ᠪᠣᠯᠭᠤᠭᠠᠨ ᠲᠣᠬᠤᠨᠢᠭᠤᠯᠵᠤ᠂ ᠡᠮ᠂ ᠭᠤᠯᠢᠷ ᠲᠣᠰᠣ | ᠪᠣᠯᠤᠨ ᠬᠢᠵᠢᠭ ᠢ ᠰᠡᠷᠭᠡᠶᠢᠯᠡᠬᠦ ᠵᠡᠷᠭᠡ 1800 ᠭᠠᠷᠤᠶ ᠬᠤᠪᠢ ᠡᠳ᠋ ᠪᠣᠳᠠᠰ ᠢ ᠲᠠᠷᠬᠠᠭᠠᠪᠠ᠃ | ︽ᠠᠷᠠᠳ ᠤᠯᠠᠨ ᠢᠶᠠᠷ ᠦᠨᠳᠦᠰᠦ ᠪᠣᠯᠭᠠᠬᠤ︾ ᠨᠢ ᠰᠤᠪᠨᠠᠭᠤᠷ ᠰᠤᠮᠤᠨ ᠤ ᠨᠡᠶᠢᠭᠡᠮ ᠤᠨ ᠵᠠᠰᠠᠯᠲᠠ ᠶᠢᠨ | ᠴᠠᠭ ᠢᠮᠠᠭᠲᠠ ᠵᠢᠷᠤᠮᠯᠠᠭᠰᠠᠭᠠᠷ ᠢᠷᠡᠭᠰᠡᠨ ᠪᠠᠷᠢᠮᠵᠢᠶ᠎ᠠ ᠮᠥᠨ᠃ ︽ᠬᠥᠳᠡᠭᠡ ᠲᠣᠰᠬᠤᠨ ᠳᠤ ᠣᠷᠣᠰᠢᠨ | ᠰᠠᠭᠤᠬᠤ ᠳᠤ ᠨᠡᠩ ᠲᠣᠬᠢᠷᠠᠮᠵᠢᠲᠠᠢ᠂ ᠨᠤᠲᠤᠭ ᠤᠨ ᠰᠤᠷᠲᠠᠯ ᠨᠢ ᠪᠣᠯᠪᠠᠰᠤᠨ᠂ ᠠᠷᠠᠳ ᠲᠦᠮᠡᠨ ᠨᠡᠩ ᠠᠮᠤᠷ | ᠠᠮᠤᠭᠤᠯᠠᠩ︾ ᠪᠣᠯ ᠰᠤᠪᠨᠠᠭᠤᠷ ᠰᠤᠮᠤᠨ ᠤ ᠨᠡᠶᠢᠭᠡᠮ ᠤᠨ ᠵᠠᠰᠠᠯᠲᠠ ᠶᠢᠨ ᠴᠥᠬᠦᠷᠡᠰᠢ ᠦᠭᠡᠢ ᠬᠥᠭᠡᠭᠡᠴᠡᠯᠳᠦᠬᠦ | ᠬᠠᠷᠠᠯᠲᠠ ᠮᠥᠨ᠃ ᠡᠷᠴᠢ ᠵᠣᠷᠢᠭ ᠢᠶᠠᠨ ᠬᠥᠪᠴᠢᠯᠡᠵᠦ᠂ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠳᠤ᠂ | ᠰᠤᠪᠨᠠᠭᠤᠷ ᠰᠤᠮᠤ ᠨᠢ ᠤᠯᠠᠮ ᠴᠢᠨᠠᠭᠰᠢᠳᠠ ᠪᠣᠳᠠᠲᠠᠢ ᠳᠤ ᠰᠠᠭᠤᠷᠢᠯᠠᠵᠤ᠂ ᠨᠡᠶᠢᠭᠡᠮ ᠤᠨ ᠵᠠᠰᠠᠯᠲᠠ ᠶᠢᠨ ᠨᠡᠶᠢᠲᠡᠯᠢᠭ | ᠲᠤᠷᠰᠢᠯᠭ᠎ᠠ ᠶᠢ ᠳ᠋ᠦᠩᠨᠡᠨ ᠪᠠᠳᠠᠷᠠᠭᠤᠯᠵᠤ᠂ ︽ᠥᠪᠡᠷᠲᠡᠭᠡᠨ ᠵᠠᠰᠠᠬᠤ ᠶᠣᠰᠣ ᠰᠤᠷᠲᠠᠬᠤᠨ ᠢᠶᠠᠷ ᠵᠠᠰᠠᠬᠤ ᠬᠠᠤᠯᠢ ᠪᠠᠷ | ᠵᠠᠰᠠᠬᠤ︾ ᠪᠠᠶᠢᠭᠤᠯᠤᠮᠵᠢ ᠶᠢ ᠦᠷᠭᠦᠯᠵᠢᠯᠡᠨ ᠰᠢᠨᠡᠴᠢᠯᠡᠨ ᠲᠡᠭᠦᠯᠳᠡᠷᠵᠢᠭᠦᠯᠵᠦ᠂ ︽ᠨᠠᠮ ᠵᠠᠰᠠᠭ᠂ ᠴᠡᠷᠢᠭ | ᠴᠠᠭᠳᠠᠭ᠎ᠠ᠂ ᠠᠷᠠᠳ︾ ᠤᠨ ᠬᠠᠮᠵᠢᠯᠴᠠᠭᠰᠠᠨ ᠨᠡᠶᠢᠭᠡᠮ ᠤᠨ ᠵᠠᠰᠠᠯᠲᠠ ᠳᠤ ᠣᠷᠣᠯᠴᠠᠬᠤ ᠡᠷᠴᠢᠮ ᠢᠶᠠᠨ ᠲᠠᠰᠤᠷᠠᠯᠳᠠ | ᠦᠭᠡᠢ ᠴᠢᠩᠭᠠᠷᠠᠭᠤᠯᠵᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ | ᠵᠠᠰᠠᠯᠲᠠ ᠶᠢᠨ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠵᠤ᠂ ᠠᠷᠠᠳ ᠤᠯᠠᠨ ᠤ ︽ᠬᠦᠷᠲᠡᠮᠵᠢ᠂ ᠵᠣᠯ ᠵᠢᠷᠭᠠᠯᠲᠠᠢ᠂ | ᠠᠮᠤᠷ ᠲᠦᠪᠰᠢᠨ︾ ᠲᠦᠷᠦᠭᠳᠡᠯ ᠢ ᠨᠡᠩ ᠲᠡᠭᠦᠯᠳᠡᠷ᠂ ᠪᠠᠲᠤᠯᠠᠭ᠎ᠠ ᠲᠠᠢ᠂ ᠦᠷᠭᠦᠯᠵᠢᠯᠡᠬᠦ᠋ᠢᠴᠡ ᠪᠣᠯᠭᠠᠬᠤ ᠶᠢ | ᠦᠨᠡᠨ ᠬᠦ ᠳᠦᠯᠬᠢᠨ ᠠᠬᠢᠭᠤᠯᠵᠤ ᠪᠠᠶᠢᠨ᠎ᠠ᠃ | | | | ᠨᠠᠶᠢᠷᠠᠭᠤᠯᠤᠭᠴᠢ᠄ ᠥᠯᠵᠡᠢ | ᠣᠷᠴᠢᠭᠤᠯᠤᠭᠴᠢ᠄ ᠮᠥᠩᠭᠦᠨᠬᠤᠶᠠᠭ | ᠬᠢᠨᠠᠭᠴᠢ᠄ ᠨᠠᠷᠠᠨᠲᠤᠩᠭᠠᠯᠠᠭ | ᠪᠠᠶᠠᠨ᠎ᠠ | |