ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ | ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠤᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ | ᠬᠢᠬᠦ ᠬᠠᠷᠢᠭᠤᠴᠠᠯᠭᠠᠲᠤ ᠤᠬᠠᠮᠰᠠᠷ ᠪᠠ ᠴᠢᠳᠠᠪᠤᠷᠢ ᠶᠢ ᠴᠢᠩᠭᠠᠳᠬᠠᠨ᠂ ᠪᠦᠬᠦ ᠰᠤᠮᠤᠨ ᠤ ᠺᠠᠳ᠋ᠷ ᠣᠯᠠᠨ ᠲᠦᠮᠡᠨ ᠢ | ᠬᠥᠲᠥᠯᠥᠨ ᠵᠢᠯᠤᠭᠤᠳᠴᠤ ᠤᠯᠤᠰ ᠤᠨ ᠠᠮᠤᠷ ᠲᠦᠪᠰᠢᠨ ᠤ ᠪᠠᠶᠢᠳᠠᠯ ᠢ ᠲᠣᠳᠣᠷᠬᠠᠢ ᠲᠠᠨᠢᠭᠤᠯᠵᠤ᠂ ᠪᠦᠬᠦ | ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠬᠦᠨᠳᠦ ᠶᠡᠭᠡ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ︽4.15︾ ᠤ | ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠪᠠᠷ | ᠲᠣᠬᠢᠶᠠᠯ ᠪᠣᠯᠭᠠᠵᠤ᠂ 4 ᠰᠠᠷ᠎ᠠ ᠶᠢᠨ ᠳᠤᠮᠳᠠᠴᠢ ᠠᠴᠠ 5 ᠰᠠᠷ᠎ᠠ ᠶᠢᠨ ᠳᠤᠮᠳᠠᠴᠢ ᠪᠣᠯᠲᠠᠯ᠎ᠠ᠂ ᠮᠠᠽᠦ᠋ᠩᠱᠠᠨ ᠰᠤᠮᠤ | ︽ᠪᠦᠯᠬᠦᠮᠳᠡᠨ ᠨᠢᠭᠲᠠᠷᠠᠵᠤ ᠰᠢᠨ᠎ᠡ ᠠᠶᠠᠨ ᠵᠠᠮ ᠢ ᠡᠷᠢᠯᠬᠢᠯᠡᠨ᠂ ᠨᠢᠭᠤᠴᠠ ᠶᠢ ᠬᠠᠮᠠᠭᠠᠯᠠᠬᠤ ᠳᠤ ᠳᠠᠶᠠᠭᠠᠷ ᠣᠯᠠᠨ ᠢ | ᠲᠦᠰᠢᠭᠯᠡᠨ᠎ᠡ︾ ᠪᠠᠷ ᠭᠤᠣᠯ ᠰᠡᠳᠦᠪ ᠪᠣᠯᠭᠠᠭᠰᠠᠨ ᠨᠢᠭᠤᠴᠠ ᠶᠢ ᠬᠠᠮᠠᠭᠠᠯᠠᠬᠤ ᠰᠤᠷᠲᠠᠯ ᠤᠬᠠᠭᠤᠯᠭ᠎ᠠ ᠶᠢᠨ | ᠠᠵᠢᠯᠯᠠᠭ᠎ᠠ ᠶᠢ ᠦᠷᠭᠦᠯᠵᠢᠯᠡᠭᠦᠯᠦᠨ ᠥᠷᠨᠢᠭᠦᠯᠪᠡ᠃ | ᠨᠢᠭᠡ ᠳᠤ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠤᠬᠠᠮᠰᠠᠷ ᠢ | ᠳᠡᠭᠡᠭᠰᠢᠯᠡᠭᠦᠯᠪᠡ᠃ ᠰᠤᠮᠤᠨ ᠤ ᠨᠠᠮ ᠤᠨ ᠬᠤᠷᠢᠶ᠎ᠠ ᠨᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ | ᠰᠤᠷᠤᠯᠴᠠᠯᠭ᠎ᠠ᠂ ᠲᠤᠰᠬᠠᠢ ᠰᠡᠳᠦᠪᠲᠦ ᠲᠠᠶᠢᠯᠤᠮᠵᠢ᠂ ᠲᠤᠰᠬᠠᠢ ᠰᠡᠳᠦᠪᠲᠦ ᠬᠤᠷᠠᠯ ᠵᠡᠷᠭᠡ ᠬᠡᠯᠪᠡᠷᠢ ᠶᠢ ᠭᠦᠢᠴᠡᠳ | ᠠᠰᠢᠭᠯᠠᠨ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠥᠷᠨᠢᠭᠦᠯᠪᠡ᠃ ᠨᠢᠭᠤᠴᠠ ᠶᠢ ᠬᠠᠮᠠᠭᠠᠯᠠᠬᠤ | ᠠᠵᠢᠯ ᠢ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ ᠲᠥᠯᠥᠪᠯᠡᠭᠡ ᠳᠤ | ᠣᠷᠣᠭᠤᠯᠪᠠ᠃ 5 ᠰᠠᠷ᠎ᠠ ᠶᠢᠨ 12 ᠤ ᠡᠳᠦᠷ᠂ ᠮᠠᠽᠦ᠋ᠩᠱᠠᠨ ᠰᠤᠮᠤᠨ ᠤ ᠨᠠᠮ ᠤᠨ ᠬᠤᠷᠢᠶᠠᠨ ᠤ ᠣᠨᠣᠯ | ᠰᠤᠷᠤᠯᠴᠠᠯᠭ᠎ᠠ ᠶᠢᠨ ᠭᠤᠣᠯ ᠳᠤᠭᠤᠶᠢᠯᠠᠩ 2023 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ | ᠶᠢᠨ ᠬᠤᠷᠠᠯ ᠢ ᠵᠣᠬᠢᠶᠠᠨ ᠪᠠᠶᠢᠭᠤᠯᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ | ᠡᠰᠡᠷᠭᠦᠴᠡᠬᠦ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ | ᠬᠠᠮᠠᠭᠠᠯᠠᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ | ᠲᠦᠪᠰᠢᠨ ᠤ ᠬᠠᠤᠯᠢ︾ ᠵᠡᠷᠭᠡ ᠨᠢᠭᠤᠴᠠ ᠶᠢ ᠬᠠᠮᠠᠭᠠᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠦᠷᠢᠮ ᠢ | ᠲᠥᠪᠯᠡᠷᠡᠭᠦᠯᠦᠨ ᠰᠤᠷᠤᠯᠴᠠᠵᠤ᠂ ᠺᠠᠳ᠋ᠷ ᠠᠵᠢᠯᠲᠠᠨ ᠤ ᠰᠢᠨ᠎ᠡ ᠪᠠᠶᠢᠳᠠᠯ ᠳᠣᠣᠷ᠎ᠠ ᠨᠢᠭᠤᠴᠠ ᠶᠢ ᠬᠠᠮᠠᠭᠠᠯᠠᠬᠤ ᠠᠵᠢᠯ ᠢ | ᠰᠠᠶᠢᠲᠤᠷ ᠬᠢᠬᠦ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠺᠠᠳ᠋ᠷ | ᠠᠵᠢᠯᠲᠠᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ ᠶᠢ ᠦᠨᠡᠨᠬᠦ ᠨᠡᠮᠡᠭᠳᠡᠭᠦᠯᠪᠡ᠃ ᠨᠠᠮ ᠤᠨ ᠬᠤᠷᠢᠶᠠᠨ ᠤ ᠳᠡᠳ᠋ ᠱᠦᠵᠢ ︽ᠤᠯᠤᠰ ᠤᠨ ᠠᠮᠤᠷ ᠲᠦᠪᠰᠢᠨ ᠤ | ᠶᠡᠷᠦᠩᠬᠡᠢ ᠦᠵᠡᠯᠲᠡ ᠶᠢ ᠡᠷᠡᠰ ᠲᠤᠤᠱᠯᠠᠭᠤᠯᠬᠤ︾ ᠪᠠᠷ ᠭᠤᠣᠯ ᠰᠡᠳᠦᠪ ᠪᠣᠯᠭᠠᠭᠰᠠᠨ ᠲᠤᠰᠬᠠᠢ ᠰᠡᠳᠦᠪᠲᠦ | ᠲᠠᠶᠢᠯᠤᠮᠵᠢ ᠬᠢᠵᠦ᠂ ᠣᠯᠠᠨ ᠢ ᠳᠠᠭᠠᠭᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠤᠨ ᠠᠮᠤᠷ | ᠲᠦᠪᠰᠢᠨ ᠤ ᠶᠡᠷᠦᠩᠬᠡᠢ ᠦᠵᠡᠯᠲᠡ ᠶᠢ ᠪᠠᠷᠢᠮᠲᠠᠯᠠᠬᠤ ᠲᠤᠬᠠᠢ ᠴᠢᠬᠤᠯᠠ ᠥᠭᠦᠯᠡᠯᠲᠡ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ᠵᠡᠷᠭᠡ ᠤᠯᠤᠰ ᠤᠨ ᠠᠮᠤᠷ | ᠲᠦᠪᠰᠢᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠥᠪᠯᠡᠷᠡᠭᠦᠯᠦᠨ ᠰᠤᠷᠤᠯᠴᠠᠭᠤᠯᠵᠤ᠂ ᠺᠠᠳ᠋ᠷ | ᠠᠵᠢᠯᠲᠠᠨ ᠤ ᠨᠢᠭᠤᠴᠠ ᠶᠢ ᠬᠠᠮᠠᠭᠠᠯᠠᠬᠤ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃ | ᠬᠤᠶᠠᠷ ᠲᠤ᠂ ︽ᠰᠦᠯᠵᠢᠶᠡᠨ ᠳᠡᠭᠡᠷ᠎ᠡ︾ + ︽ᠰᠦᠯᠵᠢᠶᠡᠨ ᠤ ᠭᠠᠳᠠᠨ᠎ᠠ︾᠂ ᠭᠦᠨ ᠵᠤᠵᠠᠭᠠᠨ | ᠤᠬᠠᠭᠤᠯᠭ᠎ᠠ ᠶᠢᠨ ᠣᠷᠴᠢᠨ ᠠᠬᠤᠢ ᠶᠢ ᠪᠣᠢ ᠪᠣᠯᠭᠠᠪᠠ᠃ ︽ᠡᠵᠡᠨ᠎ᠡ ᠬᠤᠰᠢᠭᠤᠨ ᠤ ᠮᠠᠽᠦ᠋ᠩᠱᠠᠨ ᠰᠤᠮᠤ︾ | ᠸᠢᠴᠠᠲ ᠤᠨ ᠨᠡᠶᠢᠲᠡ ᠶᠢᠨ ᠲᠠᠪᠴᠠᠩ ᠳᠤ ︽ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠰᠠᠷ᠎ᠠ︾ ᠶᠢᠨ | ᠲᠤᠰᠬᠠᠢ ᠪᠤᠯᠤᠩ ᠭᠠᠷᠭᠠᠵᠤ᠂ ᠸᠢᠴᠠᠲ ᠤᠨ ᠨᠡᠶᠢᠲᠡ ᠶᠢᠨ ᠲᠠᠪᠴᠠᠩ᠂ ᠸᠢᠴᠠᠲ ᠤᠨ ᠠᠵᠢᠯ ᠤᠨ ᠬᠤᠯᠪᠣᠭ᠎ᠠ᠂ | ᠭᠠᠴᠠᠭᠠᠨ ᠤ ᠬᠤᠯᠪᠣᠭᠠᠨ ᠳᠤ ᠨᠢᠭᠤᠴᠠ ᠶᠢ ᠬᠠᠮᠠᠭᠠᠯᠠᠬᠤ ᠲᠤᠬᠠᠢ ᠬᠠᠮᠢᠶ᠎ᠠ ᠪᠦᠬᠦᠢ ᠬᠥᠮᠦᠵᠢᠯ ᠤᠨ ᠤᠬᠠᠭᠤᠯᠭ᠎ᠠ | ᠶᠢᠨ ᠪᠢᠴᠢᠭ 30 ᠭᠠᠷᠤᠢ ᠬᠤᠪᠢ ︵ᠵᠤᠷᠪᠤᠰ︶ ᠢ ᠢᠳᠡᠪᠬᠢᠲᠡᠢ ᠳᠠᠮᠵᠢᠭᠤᠯᠤᠨ ᠲᠠᠷᠬᠠᠭᠠᠵᠤ᠂ ᠥᠪᠡᠷᠲᠡᠭᠡᠨ | ᠸᠢᠳᠢᠣ ᠹᠢᠯᠢᠮ 1 ᠶᠢ ᠡᠭᠦᠳᠪᠡ᠃ ︽ᠠᠯᠠᠱᠠ ᠠᠶᠢᠮᠠᠭ ᠤᠨ ᠣᠶᠤᠨᠲᠤ ᠬᠠᠤᠯᠢ ᠴᠠᠭᠠᠵᠠ ᠶᠢ ᠲᠦᠭᠡᠮᠡᠯᠵᠢᠭᠦᠯᠬᠦ | ᠡᠭᠦᠯᠡᠨ ᠲᠠᠪᠴᠠᠩ︾᠂ ︽ᠨᠢᠭᠤᠴᠠ ᠶᠢ ᠬᠠᠮᠠᠭᠠᠯᠠᠬᠤ ᠦᠵᠡᠯᠲᠡ︾ APP ᠳᠤ ᠲᠦᠰᠢᠭᠯᠡᠨ᠂ ᠺᠠᠳ᠋ᠷ | ᠠᠵᠢᠯᠲᠠᠨ ᠢ ᠢᠳᠡᠪᠬᠢᠲᠡᠢ ᠵᠣᠬᠢᠶᠠᠨ ᠪᠠᠶᠢᠭᠤᠯᠵᠤ ᠤᠯᠤᠰ ᠤᠨ ᠠᠮᠤᠷ ᠲᠦᠪᠰᠢᠨ ᠤ ᠡᠳᠦᠷ ᠤᠨ ᠰᠦᠯᠵᠢᠶᠡᠨ ᠳᠡᠭᠡᠷ᠎ᠡ | ᠰᠡᠳᠦᠪ ᠬᠠᠷᠢᠭᠤᠯᠬᠤ ᠠᠵᠢᠯᠯᠠᠭ᠎ᠠ ᠪᠠ ᠨᠢᠭᠤᠴᠠ ᠶᠢ ᠬᠠᠮᠠᠭᠠᠯᠠᠬᠤ ᠬᠥᠮᠦᠵᠢᠯ ᠤᠨ ᠰᠦᠯᠵᠢᠶᠡᠨ ᠳᠡᠭᠡᠷᠡᠬᠢ | ᠰᠤᠷᠤᠯᠴᠠᠯᠭ᠎ᠠ ᠰᠢᠯᠭᠠᠯᠲᠠ ᠶᠢ ᠪᠡᠶᠡᠯᠡᠭᠦᠯᠵᠦ᠂ ᠪᠦᠬᠦ ᠠᠵᠢᠯᠲᠠᠨ ᠳᠤ ᠨᠢᠭᠤᠴᠠ ᠶᠢᠨ ᠬᠠᠮᠢᠶ᠎ᠠ ᠪᠦᠬᠦᠢ ᠮᠡᠳᠡᠯᠭᠡ ᠶᠢ | ᠥᠢᠯᠠᠭᠠᠭᠤᠯᠵᠤ᠂ ᠪᠦᠬᠦ ᠠᠵᠢᠯᠲᠠᠨ ᠤ ᠨᠢᠭᠤᠴᠠ ᠶᠢ ᠬᠠᠮᠠᠭᠠᠯᠠᠬᠤ ᠣᠬᠠᠮᠰᠠᠷ ᠢ ᠪᠤᠢ ᠪᠣᠯᠭᠠᠭᠰᠠᠨ ᠪᠠᠶᠢᠨ᠎ᠠ᠃ ︽ | ᠰᠦᠯᠵᠢᠶᠡᠨ ᠤ ᠭᠠᠳᠠᠨ᠎ᠠ︾ ᠰᠤᠮᠤᠨ ᠤ ᠲᠣᠭᠤᠷᠢᠨ ᠳᠤ 2 ᠬᠥᠨᠳᠡᠯᠡᠨ ᠪᠢᠴᠢᠭᠡᠰᠦ ᠪᠢᠴᠢᠵᠦ᠂ ᠪᠥᠬᠦ | ᠠᠷᠠᠳ ᠢᠶᠠᠷ ᠢᠶᠠᠨ ᠠᠮᠤᠷ ᠲᠦᠪᠰᠢᠨ ᠤ ᠬᠠᠯᠬᠠᠪᠴᠢ ᠶᠢ ᠬᠠᠮᠲᠤᠪᠠᠷ ᠪᠠᠶᠢᠭᠤᠯᠬᠤ ᠭᠦᠨ ᠵᠤᠵᠠᠭᠠᠨ ᠠᠭᠤᠷ | ᠠᠮᠢᠰᠬᠤᠯ ᠢ ᠪᠣᠢ ᠪᠣᠯᠭᠠᠪᠠ᠃ 4 ᠰᠠᠷ᠎ᠠ ᠶᠢᠨ 15 ᠤ ᠡᠳᠦᠷ᠂ ᠪᠦᠬᠦ ᠬᠤᠰᠢᠭᠤᠨ ᠳᠤ ᠶᠠᠪᠤᠭᠳᠠᠭᠰᠠᠨ ᠪᠦᠬᠦ | ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ | ᠲᠠᠢ ᠵᠡᠷᠭᠡᠪᠡᠷ ᠰᠤᠮᠤᠨ ᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠵᠦ᠂ ᠺᠠᠳ᠋ᠷ ᠠᠵᠢᠯᠲᠠᠨ ᠵᠢᠴᠢ ᠬᠠᠷᠢᠶᠠᠲᠤ ᠣᠷᠣᠨ ᠤ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠤ | ᠬᠠᠤᠯᠢᠵᠢᠯ ᠤᠬᠠᠭᠤᠯᠭ᠎ᠠ ᠬᠥᠮᠦᠵᠢᠯ ᠤᠨ ᠨᠥᠯᠥᠭᠡᠯᠡᠬᠦ ᠬᠦᠴᠦᠨ ᠢ ᠪᠦᠬᠦ ᠲᠠᠯ᠎ᠠ ᠪᠠᠷ ᠨᠡᠮᠡᠭᠳᠡᠭᠦᠯᠦᠭᠰᠡᠨ ᠪᠠᠶᠢᠨ᠎ᠠ᠃ | 4 ᠰᠠᠷ᠎ᠠ ᠶᠢᠨ 20 ᠤ ᠡᠳᠦᠷ᠂ ᠮᠠᠽᠦ᠋ᠩᠱᠠᠨ ᠰᠤᠮᠤᠨ ᠤ ᠰᠤᠬᠠᠶᠢᠪᠦᠯᠠᠭ ᠭᠠᠴᠠᠭᠠᠨ ᠤ ᠮᠠᠯᠴᠢᠳ ᠤᠨ ᠶᠡᠭᠡ | ᠬᠤᠷᠠᠯ ᠢᠶᠠᠷ ᠲᠣᠬᠢᠶᠠᠯ ᠪᠣᠯᠭᠠᠵᠤ᠂ ᠮᠠᠯᠴᠢᠨ ᠲᠦᠮᠡᠨ ᠳᠤ ᠬᠠᠨᠳᠤᠭᠤᠯᠤᠨ᠂ ᠨᠢᠭᠲᠠᠷᠠᠯᠴᠠᠨ ᠬᠥᠳᠡᠯᠦᠯᠴᠡᠬᠦ | ᠬᠡᠯᠪᠡᠷᠢ ᠪᠠᠷ ᠨᠢᠭᠤᠴᠠ ᠶᠢ ᠬᠠᠮᠠᠭᠠᠯᠠᠬᠤ ᠮᠡᠳᠡᠯᠭᠡ ᠶᠢᠨ ᠤᠬᠠᠭᠤᠯᠬᠤ ᠠᠵᠢᠯᠯᠠᠭ᠎ᠠ ᠶᠢ ᠥᠷᠨᠢᠭᠦᠯᠵᠦ᠂ ᠺᠠᠳ᠋ᠷ ᠣᠯᠠᠨ | ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠪᠦᠬᠦ | ᠲᠠᠯ᠎ᠠ ᠪᠠᠷ ᠪᠣᠢ ᠪᠣᠯᠭᠠᠵᠤ᠂ ᠨᠢᠭᠤᠴᠠ ᠶᠢ ᠬᠠᠮᠠᠭᠠᠯᠠᠬᠤ ᠦᠵᠡᠯ ᠤᠬᠠᠮᠰᠠᠷ ᠢ ᠪᠠᠲᠤ ᠪᠣᠢ ᠪᠣᠯᠭᠠᠪᠠ᠃ | ᠭᠤᠷᠪᠠ ᠳᠤ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠪᠠᠲᠤ ᠪᠠᠬᠢ ᠪᠣᠯᠭᠠᠪᠠ᠃ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ ᠨᠢᠭᠤᠴᠠ ᠶᠢ ᠬᠠᠮᠠᠭᠠᠯᠠᠬᠤ | ᠨᠡᠶᠢᠲᠡᠶᠢᠨ ᠠᠰᠠᠷᠠᠮᠵᠢ ᠶᠢᠨ ᠤᠬᠠᠭᠤᠯᠭ᠎ᠠ ᠶᠢᠨ ᠹᠢᠯᠢᠮ ᠢ ᠰᠣᠨᠢᠷᠬᠠᠭᠤᠯᠵᠤ᠂ ᠤᠬᠠᠭᠤᠯᠭ᠎ᠠ ᠶᠢᠨ ᠹᠢᠯᠢᠮ ᠳᠣᠲᠣᠷᠠᠬᠢ | ᠠᠮᠢᠳᠤ ᠰᠣᠷᠭᠤᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠪᠦᠬᠦ ᠺᠠᠳ᠋ᠷ ᠠᠵᠢᠯᠲᠠᠨ ᠳᠤ ᠨᠢᠭᠤᠴᠠ ᠶᠢ ᠬᠠᠮᠠᠭᠠᠯᠠᠬᠤ | ᠠᠵᠢᠯ ᠤᠨ ᠥᠪᠡᠷᠮᠢᠴᠡ ᠴᠢᠨᠠᠷ᠂ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ ︽ᠨᠢᠭᠤᠴᠠ ᠶᠢ ᠵᠠᠳᠠᠷᠠᠭᠤᠯᠬᠤ | ᠳᠠᠯᠳᠠ ᠭᠡᠮ ᠳᠡᠷᠭᠡᠳᠡ ᠪᠤᠢ᠂ ᠨᠢᠭᠤᠴᠠ ᠶᠢ ᠬᠠᠮᠠᠭᠠᠯᠠᠬᠤ ᠠᠵᠢᠯ ᠢ ᠦᠪᠡᠷ ᠠᠴᠠ ᠪᠠᠨ ᠡᠬᠢᠯᠡᠵᠦ ᠬᠢᠶ᠎ᠡ︾᠂ ︽ | ᠨᠢᠭᠤᠴᠠ ᠶᠢ ᠬᠠᠮᠠᠭᠠᠯᠠᠬᠤ ᠠᠵᠢᠯ ᠳᠤ ᠪᠠᠭ᠎ᠠ ᠶᠠᠪᠤᠳᠠᠯ ᠦᠭᠡᠢ︾ ᠭᠡᠬᠦ ᠦᠵᠡᠯ ᠰᠠᠨᠠᠭ᠎ᠠ ᠶᠢ ᠪᠠᠲᠤ ᠪᠠᠬᠢ ᠪᠣᠢ | ᠪᠣᠯᠭᠠᠵᠤ᠂ ᠣᠯᠠᠨ ᠲᠥᠮᠡᠨ ᠳᠤ ᠡᠳᠦᠷ ᠲᠤᠲᠤᠮ ᠤᠨ ᠠᠵᠢᠯ᠂ ᠦᠭᠡ ᠶᠠᠷᠢᠶ᠎ᠠ ᠦᠢᠯᠡ ᠠᠵᠢᠯᠯᠠᠭ᠎ᠠ ᠳᠤᠮᠳᠠ ᠪᠠᠨ | ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠰᠠᠶᠢᠨ ᠰᠠᠶᠢᠬᠠᠨ ᠠᠵᠢᠯ ᠤᠨ ᠳᠠᠳᠬᠠᠯ ᠲᠠᠢ ᠪᠣᠯᠵᠤ᠂ | ᠨᠢᠭᠤᠴᠠ ᠶᠢ ᠬᠠᠮᠠᠭᠠᠯᠠᠬᠤ ᠠᠵᠢᠯ ᠤᠨ ᠬᠢᠷᠢ ᠬᠡᠮᠵᠢᠶ᠎ᠡ ᠪᠣᠯᠣᠨ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ | ᠺᠠᠳ᠋ᠷ ᠠᠵᠢᠯᠲᠠᠨ ᠤ ᠤᠯᠤᠰ ᠤᠨ ᠠᠮᠤᠷ ᠲᠦᠪᠰᠢᠨ ᠤ ᠦᠵᠡᠯᠲᠡ ᠶᠢ ᠤᠯᠠᠮ ᠨᠢᠭᠡ ᠠᠯᠬᠤᠮ ᠪᠠᠲᠤᠵᠢᠭᠤᠯᠪᠠ᠃ | ᠳᠥᠷᠪᠡ ᠳᠤ᠂ ᠥᠪᠡᠷ ᠢ ᠪᠠᠨ ᠪᠠᠶᠢᠴᠠᠭᠠᠵᠤ ᠥᠪᠡᠷ ᠲᠡᠭᠡᠨ ᠵᠠᠯᠠᠷᠠᠭᠤᠯᠬᠤ ᠶᠢ ᠴᠢᠩᠭᠠᠳᠬᠠᠨ᠂ ᠪᠠᠭ᠎ᠠ | ᠳᠡᠭᠡᠷ᠎ᠡ ᠨᠢ ᠰᠡᠷᠭᠡᠶᠢᠯᠡᠬᠦ ᠶᠢ ᠰᠠᠶᠢᠲᠤᠷ ᠬᠢᠪᠡ᠃ ᠨᠢᠭᠤᠴᠠ ᠶᠢ ᠬᠠᠮᠠᠭᠠᠯᠠᠬᠤ ᠪᠠᠶᠢᠴᠠᠭᠠᠯᠲᠠ ᠶᠢᠨ ᠵᠢᠯᠤᠭᠤᠳᠬᠤ | ᠦᠢᠯᠡᠳᠦᠯ ᠢ ᠬᠦᠢᠴᠡᠳ ᠪᠠᠳᠠᠷᠠᠭᠤᠯᠵᠤ᠂ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠠᠷᠭ᠎ᠠ ᠮᠠᠶᠢᠭ ᠢ | ᠠᠪᠴᠤ᠂ ᠠᠯᠪᠠᠨ ᠭᠡᠷ ᠤᠨ ᠬᠥᠮᠥᠰ ᠢ ᠵᠣᠬᠢᠶᠠᠨ ᠪᠠᠶᠢᠭᠤᠯᠤᠨ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ | ᠠᠵᠢᠯ ᠤᠨ ᠭᠤᠣᠯᠳᠠᠯᠭ᠎ᠠ ᠲᠠᠢ ᠭᠤᠭᠴᠤᠭ᠎ᠠ᠂ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ᠂ ᠨᠢᠭᠤᠴᠠ ᠳᠤ | ᠬᠤᠯᠪᠣᠭᠳᠠᠬᠤ ᠪᠢᠴᠢᠭ ᠮᠠᠲ᠋ᠧᠷᠢᠶᠠᠯ ᠢ ᠬᠤᠷᠢᠶᠠᠵᠤ ᠲᠠᠷᠬᠠᠭᠠᠬᠤ ᠵᠡᠷᠭᠡ ᠠᠵᠢᠯ ᠳᠤ ᠥᠪᠡᠷ ᠤᠨ ᠪᠠᠶᠢᠴᠠᠭᠠᠯᠲᠠ ᠶᠢ | ᠥᠷᠨᠢᠭᠦᠯᠵᠦ᠂ ᠣᠯᠵᠤ ᠮᠡᠳᠡᠭᠰᠡᠨ ᠠᠰᠠᠭᠤᠳᠠᠯ ᠢ ᠲᠤᠬᠠᠢ ᠶᠢᠨ ᠴᠠᠭ ᠲᠤᠨᠢ ᠴᠡᠭᠴᠡᠯᠡᠵᠦ ᠨᠢᠭᠤᠴᠠ ᠳᠤ | ᠬᠤᠯᠪᠣᠭᠳᠠᠬᠤ ᠪᠢᠴᠢᠭ ᠮᠠᠲ᠋ᠧᠷᠢᠶᠠᠯ ᠢ ᠦᠵᠡᠬᠦ᠂ ᠬᠠᠳᠠᠭᠠᠯᠠᠬᠤ ᠶᠠᠪᠤᠳᠠᠯ ᠢ ᠰᠠᠶᠢᠲᠤᠷ ᠬᠢᠵᠦ᠂ ᠨᠢᠭᠤᠴᠠ ᠳᠤ | ᠬᠤᠯᠪᠣᠭᠳᠠᠬᠤ ᠪᠢᠴᠢᠭ ᠮᠠᠲ᠋ᠧᠷᠢᠶᠠᠯ ᠢ ᠬᠡᠪᠯᠡᠬᠦ ᠠᠵᠢᠯ ᠢ ᠵᠢᠷᠤᠮᠵᠢᠭᠤᠯᠪᠠ᠃ ᠨᠢᠭᠤᠴᠠ ᠳᠤ ᠬᠤᠯᠪᠣᠭᠳᠠᠬᠤ ᠪᠢᠴᠢᠭ | ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠨ᠂ ᠺᠠᠳ᠋ᠷ ᠠᠵᠢᠯᠲᠠᠨ ᠤ ᠨᠢᠭᠤᠴᠠᠶᠢ ᠬᠠᠮᠠᠭᠠᠯᠠᠬᠤ ᠦᠵᠡᠯ | ᠤᠬᠠᠮᠰᠠᠷ ᠢ ᠳᠡᠭᠡᠭᠰᠢᠯᠡᠭᠦᠯᠵᠦ᠂ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠵᠢᠯ ᠳᠤᠮᠳᠠ ᠨᠢᠭᠤᠴᠠ ᠳᠤ | ᠬᠤᠯᠪᠣᠭᠳᠠᠬᠤ ᠬᠡᠷᠡᠭ ᠭᠠᠷᠬᠤ ᠶᠢ ᠰᠡᠷᠭᠡᠶᠢᠯᠡᠨ ᠬᠤᠷᠢᠭᠯᠠᠪᠠ᠃ | ᠳᠠᠷᠠᠭ᠎ᠠ ᠠᠯᠬᠤᠮ ᠳᠤ᠂ ᠮᠠᠽᠦ᠋ᠩᠱᠠᠨ ᠰᠤᠮᠤ ᠨᠢ ᠨᠢᠭᠤᠴᠠᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ | ᠰᠠᠷ᠎ᠠ ᠪᠠᠷ ᠲᠣᠬᠢᠶᠠᠯ ᠪᠣᠯᠭᠠᠨ᠂ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠪᠠᠶᠢᠩᠭᠤ ᠬᠢᠵᠦ᠂ | ᠨᠢᠭᠤᠴᠠ ᠶᠢ ᠬᠠᠮᠠᠭᠠᠯᠠᠬᠤ ᠤᠬᠠᠭᠤᠯᠭ᠎ᠠ ᠶᠢ ᠪᠠᠶᠢᠭᠤᠯᠭ᠎ᠠ᠂ ᠭᠠᠴᠠᠭ᠎ᠠ᠂ ᠠᠵᠤ ᠠᠬᠤᠶᠢᠯᠠᠯ᠂ ᠰᠦᠯᠵᠢᠶ᠎ᠡ ᠳᠤ | ᠣᠷᠣᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠤᠬᠠᠭᠤᠯᠭ᠎ᠠ ᠶᠢᠨ ᠪᠦᠷᠬᠦᠴᠡ ᠶᠢ ᠪᠥᠬᠦ ᠬᠦᠴᠦᠨ ᠢᠶᠠᠷ | ᠥᠷᠭᠡᠳᠬᠡᠵᠦ᠂ ᠥᠷᠭᠡᠨ ᠣᠯᠠᠨ ᠺᠠᠳ᠋ᠷ ᠠᠵᠢᠯᠲᠠᠨ᠂ ᠮᠠᠯᠴᠢᠨ ᠲᠦᠮᠡᠨ ᠤ ᠡᠳᠦᠷ ᠳᠣᠳᠣᠮ ᠤᠨ ᠠᠮᠢᠳᠤᠷᠠᠯ ᠳᠤᠮᠳᠠ | ᠪᠠᠨ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠤᠯᠤᠰ ᠤᠨ ᠨᠢᠭᠤᠴᠠ ᠶᠢ ᠬᠠᠮᠠᠭᠠᠯᠠᠬᠤ | ᠦᠢᠯᠡᠰ ᠲᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠤᠷᠢᠶᠠᠯᠠᠨ᠎ᠠ᠃ |