ᠬᠠᠷᠢᠶᠠᠲᠤ ᠨᠤᠲᠤᠭ ᠤᠨ ᠬᠦᠴᠦᠨ ᠢ ᠨᠢᠭᠲᠠᠷᠠᠭᠤᠯᠵᠤ ᠪᠦᠯᠬᠦᠮᠳᠡᠯ ᠤᠨ ᠴᠡᠴᠡᠭᠡᠰ ᠢ ᠪᠠᠳᠮᠠᠷᠠᠭᠤᠯᠤᠨ ᠳᠡᠯᠭᠡᠷᠡᠭᠦᠯᠦᠶ᠎ᠡ
ᠨᠡᠶᠢᠲᠡᠯᠡᠭᠰᠡᠨ ᠴᠠᠭ᠄
2023/5/23
       ᠥᠩᠲᠣᠭᠤᠣᠯ ᠰᠤᠮᠤ ᠨᠢ ᠡᠵᠡᠨ᠎ᠡ ᠬᠤᠰᠢᠭᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠳᠠᠯᠠᠶᠢᠬᠦᠪ ᠪᠠᠯᠭᠠᠰᠤ ᠶᠢᠨ ᠲᠣᠭᠤᠷᠢᠭ ᠠᠴᠠ ᠵᠡᠭᠦᠨᠰᠢ 210 ᠺᠢᠯᠤᠮᠧᠲᠷ ᠵᠠᠶᠢᠲᠠᠢ ᠪᠠᠶᠢᠵᠤ᠂ ᠶᠡᠷᠦᠩᠬᠡᠢ ᠲᠠᠯᠠᠪᠠᠢ ᠨᠢ 1 . 57 ᠲᠦᠮᠡᠨ ᠬᠠᠪᠲᠠᠭᠠᠢ ᠳᠥᠷᠪᠡᠯᠵᠢᠨ ᠺᠢᠯᠤᠮᠧᠲᠷ ᠲᠤ ᠬᠦᠷᠴᠦ᠂ ᠤᠮᠠᠷᠠᠰᠢ ᠮᠣᠩᠭᠤᠯ ᠤᠯᠤᠰ ᠲᠠᠢ ᠬᠢᠯᠢ ᠵᠠᠯᠭᠠᠵᠤ᠂ ᠬᠢᠯᠢ ᠶᠢᠨ ᠬᠠᠮᠠᠭᠠᠯᠠᠯᠲᠠ ᠶᠢᠨ ᠱᠤᠭᠤᠮ ᠨᠢ 78 . 64 ᠺᠢᠯᠤᠮᠧᠲᠷ ᠤᠷᠳᠤ᠂ ᠬᠢᠯᠢ ᠶᠢᠨ ᠬᠠᠮᠠᠭᠠᠯᠠᠯᠲᠠ ᠶᠢᠨ ᠲᠠᠪᠤᠳᠤᠭᠠᠷ ᠰᠤᠮᠤᠨ ᠠᠩᠭᠢ ᠠᠴᠠ ᠰᠠᠬᠢᠨ  ᠬᠠᠮᠠᠭᠠᠯᠠᠵᠤ ᠪᠠᠶᠢᠨ᠎ᠠ᠃ ᠥᠩᠲᠣᠭᠤᠣᠯ ᠰᠤᠮᠤᠨ ᠳᠤ ᠮᠣᠩᠭᠤᠯ᠂ ᠬᠢᠲᠠᠳ᠂ ᠮᠣᠩᠭᠤᠷ᠂ ᠲᠥᠪᠡᠳ ᠵᠡᠷᠭᠡ ᠳᠥᠷᠪᠡᠨ ᠦᠨᠳᠦᠰᠦᠲᠡᠨ ᠰᠠᠭᠤᠷᠢᠰᠢᠵᠤ᠂ 40 %᠎ ᠠᠴᠠ ᠳᠡᠭᠡᠭᠰᠢᠬᠢ ᠮᠠᠯᠴᠢᠳ ᠨᠢ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠪᠠ ᠬᠠᠷᠢᠶᠠᠲᠤ ᠶᠢᠨ ᠭᠡᠷ ᠪᠦᠯᠢ ᠶᠢᠨ ᠬᠢᠨ ᠪᠣᠯᠬᠤᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠨᠡᠷᠡᠲᠡᠶ ︽ᠬᠠᠷᠢᠶᠠᠲᠤ ᠶᠢᠨ ᠨᠤᠲᠤᠭ︾ ᠪᠣᠯᠤᠭᠰᠠᠨ ᠪᠠᠶᠢᠨ᠎ᠠ᠃ ᠠᠳᠡᠬᠢ ᠰᠣᠶᠣᠯ ᠤᠨ ᠡᠬᠢ ᠪᠠᠶᠠᠯᠢᠭ ᠡᠯᠪᠡᠭ᠂ ᠲᠡᠦᠬᠡ ᠶᠢᠨ ᠠᠭᠤᠯᠤᠭᠳᠠᠬᠤᠨ ᠭᠦᠨ ᠵᠤᠵᠠᠭᠠᠨ ᠪᠠᠶᠢᠵᠤ᠂ ᠬᠡᠳᠦᠶᠢᠪᠡᠷ 300 ᠭᠠᠷᠤᠢ ᠬᠦᠮᠦᠨ ᠠᠮᠠ ᠲᠠᠢ ᠪᠤᠯᠪᠠᠴᠤ ᠲᠡᠳᠡᠨᠡᠷ ᠡᠬᠡ ᠤᠯᠤᠰ ᠤᠨ ᠢᠶᠠᠨ ᠬᠢᠯᠢ ᠬᠢᠵᠠᠭᠠᠷ ᠢ ᠰᠠᠬᠢᠨ ᠬᠠᠮᠠᠭᠠᠯᠠᠵᠤ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠦᠷᠯᠢᠭ ᠰᠠᠶᠢᠬᠠᠨ ᠬᠠᠭᠤᠳᠠᠰᠤ ᠶᠢ ᠵᠢᠷᠤᠭᠯᠠᠵᠤ       ᠪᠤᠢ᠃                           ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ ᠦᠨᠳᠦᠰᠦᠲᠡᠨ ᠤ ᠪᠦᠯᠬᠦᠮᠳᠡᠯ ᠤᠨ ᠦᠶᠯᠡᠰ ᠤᠨ ᠰᠠᠭᠤᠷᠢ ᠶᠢ ᠪᠠᠬᠢᠵᠢᠬᠦᠯᠪᠡ᠃       ᠰᠤᠷᠤᠯᠴᠠᠯᠭ᠎ᠠ ᠪᠣᠯᠪᠠᠰᠤᠷᠠᠯ ᠢ ᠴᠢᠩᠭ᠎ᠠ ᠠᠳᠬᠤᠪᠠ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠦᠨᠳᠦᠰᠦᠨ ᠱᠠᠭᠠᠷᠳᠠᠯᠭ᠎ᠠ ᠮᠥᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠪᠣᠯ ᠦᠨᠳᠦᠰᠦᠲᠡᠨ ᠤ ᠪᠦᠯᠬᠦᠮᠳᠡᠯ ᠤᠨ ᠠᠵᠢᠯ ᠤᠨ ︽ᠭᠤᠣᠯ ᠬᠦᠴᠦᠨ︾ ᠮᠥᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠭᠤᠣᠯᠯᠠᠬᠤ         ᠬᠦᠴᠦᠨ︾᠎ ᠤ ᠦᠢᠯᠡᠳᠦᠯ ᠢ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠴᠢᠬᠤᠯᠠ ᠠᠵᠢᠯ ᠤᠨ ᠬᠦᠷᠢᠶᠡᠨ ᠳᠤ ᠤᠷᠤᠭᠤᠯᠵᠤ ᠰᠠᠶᠢᠲᠤᠷ ᠠᠳᠬᠤᠬᠤ ᠶᠢ ᠢᠮᠠᠭᠲᠠ ᠪᠠᠷᠢᠮᠲᠠᠯᠠᠪᠠ᠃ ᠤᠬᠠᠭᠤᠯᠭ᠎ᠠ ᠬᠦᠮᠦᠵᠢᠯ ᠢ ᠦᠨᠡᠨᠬᠦ ᠠᠳᠬᠤᠪᠠ᠃ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ       ᠰᠠᠷ᠎ᠠ︾᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠲᠣᠬᠢᠶᠠᠯ ᠪᠣᠯᠭᠠᠨ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾᠂ ︽ᠲᠣᠭᠲᠠᠮᠠᠯ + ᠰᠢᠯᠵᠢᠮᠡᠯ︾ ᠬᠡᠯᠪᠡᠷᠢ ᠪᠠᠷ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠤ ︽ᠰᠣᠷᠢᠨᠵᠢᠨ︾᠎ ᠤ ᠦᠶᠯᠡᠳᠦᠯ ᠢ ᠢᠳᠡᠪᠬᠢᠲᠡᠶ ᠪᠠᠳᠠᠷᠠᠭᠤᠯᠤᠨ᠂ ᠦᠨᠳᠦᠰᠦᠲᠡᠨ ᠨᠦᠭᠦᠳ ᠤᠨ ᠬᠠᠷᠢᠯᠴᠠᠭᠠᠨ ᠤ ᠬᠠᠷᠰᠢ ᠰᠠᠭᠠᠳ ᠢ ᠨᠡᠪᠲᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠪᠠᠲᠤ ᠪᠠᠬᠢ ᠪᠣᠶ ᠪᠣᠯᠭᠠᠪᠠ᠃ ᠦᠢᠯᠡᠳᠦᠯᠭᠡ ᠶᠢ ᠰᠠᠶᠢᠲᠤᠷ ᠠᠳᠬᠤᠪᠠ᠃ ᠨᠠᠮ ᠤᠨ ᠪᠠᠶᠢᠭᠤᠯᠤᠯᠲᠠ ᠭᠡᠬᠦ ᠡᠨᠡᠬᠦ ︽ᠤᠯᠠᠭᠠᠨ ᠱᠤᠭᠤᠮ︾᠎ ᠢᠶᠠᠷ       ︽ᠨᠠᠮ ᠤᠨ ᠡᠭᠦᠷ + ᠨᠠᠮ ᠤᠨ ᠭᠡᠰᠢᠭᠦᠨ ᠰᠠᠶᠢᠨ ᠲᠤᠷᠠᠴᠤᠳ + ᠨᠠᠮ ᠤᠨ ᠭᠡᠰᠢᠭᠦᠨ ᠤ ᠭᠤᠣᠯᠳᠠᠯᠭᠠᠲᠤ ᠡᠷᠦᠭᠡ︾ ᠵᠡᠷᠭᠡ ᠠᠴᠢᠶᠠᠯᠠᠪᠤᠷᠢ ᠶᠢ ᠨᠢᠭᠡᠳᠬᠡᠬᠦ ᠶᠢ ᠪᠠᠷᠢᠮᠲᠠᠯᠠᠵᠤ᠂ ︽ᠨᠠᠮ ᠤᠨ ᠪᠠᠶᠢᠭᠤᠯᠤᠯᠲᠠ ᠪᠠᠷ ᠬᠦᠳᠦᠯᠥᠨ ᠳᠠᠭᠠᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠲᠤ ᠪᠠᠷ ᠰᠠᠭᠤᠵᠤ ᠬᠠᠮᠲᠤ ᠪᠠᠷ ᠪᠠᠶᠢᠭᠤᠯᠬᠤ︾ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠦᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾᠂ ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠦᠷᠢᠮ︾᠂ ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠬᠥᠮᠦᠵᠢᠯ ᠵᠡᠷᠭᠡ ᠠᠵᠢᠯ ᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠳᠦᠷ ᠲᠤᠳᠤᠮ ᠤᠨ ᠠᠮᠢᠳᠤᠷᠠᠯ ᠳᠤ ᠠᠭᠤᠰᠣᠯᠴᠠᠭᠤᠯᠪᠠ᠃      ᠲᠥᠷᠥᠯ ᠵᠦᠶᠯ ᠢᠶᠠᠷ ᠭᠠᠷᠳᠠᠴᠠ ᠪᠣᠯᠭᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠠᠬᠢᠭᠤᠯᠪᠠ        ᠵᠣᠬᠢᠶᠠᠨ ᠪᠠᠶᠢᠭᠤᠯᠵᠤ ᠳᠠᠭᠠᠭᠤᠯᠤᠨ ᠬᠥᠲᠦᠯᠪᠡ᠃ ᠭᠠᠴᠠᠭᠠᠨ ᠤ ᠠᠵᠤ ᠦᠶᠯᠡᠰ ᠤᠨ ᠬᠥᠭᠵᠢᠯᠲᠡ ᠶᠢᠨ ᠴᠢᠭᠯᠡᠯ ᠢ ᠣᠨᠣᠪᠴᠢᠲᠠᠶ ᠬᠠᠶᠢᠨ ᠰᠥᠪᠡᠭᠴᠢᠯᠡᠵᠦ᠂ ᠭᠠᠴᠠᠭᠠᠨ ᠤ ︽ᠬᠤᠶᠠᠷ ᠵᠥᠪᠯᠡᠯ︾᠎ ᠤᠨ ᠬᠡᠪ ᠴᠢᠨᠠᠷ ᠪᠠ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠤᠨ ᠬᠡᠪ ᠴᠢᠨᠠᠷ ᠪᠠ ᠴᠢᠳᠠᠪᠤᠷᠢ ᠶᠢ ᠳᠡᠭᠡᠭᠰᠢᠯᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠬᠠᠮᠲᠤ ᠶᠢᠨ ᠠᠵᠤ ᠠᠬᠤᠶ ᠪᠠ ᠣᠯᠠᠨ ᠲᠦᠮᠡᠨ ᠤ ᠣᠷᠣᠯᠭ᠎ᠠ ᠶᠢᠨ ︽ᠬᠤᠤᠰ ᠨᠡᠮᠡᠭᠳᠡᠯ︾᠎ ᠢ ᠪᠡᠶᠡᠯᠡᠬᠦᠯᠪᠡ᠃ ᠺᠠᠳ᠋ᠷ ᠠᠵᠢᠯᠲᠠᠨ ᠬᠠᠪᠰᠤᠷᠤᠨ ᠬᠦᠲᠦᠯᠪᠡ᠃ ᠭᠠᠴᠠᠭᠠᠨ ᠤ ᠤᠳᠤᠷᠢᠳᠬᠤ ᠪᠠᠭ ᠵᠢᠴᠢ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠶᠢᠨ ᠦᠶᠯᠡᠳᠦᠯ ᠢ ᠬᠦᠢᠴᠡᠳ ᠪᠠᠳᠠᠷᠠᠭᠤᠯᠵᠤ᠂ ᠣᠯᠠᠨ ᠲᠥᠷᠦᠯ ᠤᠨ ᠬᠠᠮᠲᠤ ᠶᠢᠨ ᠠᠵᠤ ᠠᠬᠤᠶ ᠶᠢᠨ ᠣᠷᠣᠯᠭ᠎ᠠ ᠨᠡᠮᠡᠭᠳᠡᠬᠦᠯᠬᠦ ᠠᠷᠭ᠎ᠠ ᠬᠡᠯᠪᠡᠷᠢ ᠶᠢ ᠢᠳᠡᠪᠬᠢᠲᠡᠶ ᠰᠦᠪᠡᠭᠴᠢᠯᠡᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠲᠣᠰ ᠪᠡᠶ᠎ᠡ ᠶᠢᠨ ︽ᠴᠢᠰᠤ ᠪᠦᠲᠦᠭᠡᠬᠦ ︾ ᠴᠢᠳᠠᠮᠵᠢ ᠶᠢ ᠪᠦᠲᠦᠮᠵᠢᠲᠡᠶ ᠳᠡᠭᠡᠭᠰᠢᠯᠡᠬᠦᠯᠪᠡ᠃ ᠲᠥᠷᠥᠯ ᠵᠦᠶᠯ ᠢᠶᠠᠷ ᠭᠤᠤᠯᠯᠠᠨ ᠬᠥᠲᠦᠯᠪᠡ᠃ 2022 ᠣᠨ ᠳᠤ᠂ ᠰᠤᠮᠤᠨ ᠠᠴᠠ ᠲᠥᠷᠥᠯ ᠵᠦᠢᠯ ᠤᠨ ᠪᠡᠯᠡ ᠮᠥᠩᠭᠦ ᠶᠢ ᠢᠳᠡᠪᠬᠢᠲᠡᠢ ᠵᠤᠬᠢᠴᠠᠭᠤᠯᠤᠨ ᠴᠢᠷᠮᠠᠶᠢᠨ ᠣᠯᠵᠤ᠂ ᠭᠡᠷᠡᠯᠲᠦ ᠭᠠᠴᠠᠭᠠᠨ ᠤ 21 ᠺᠢᠯᠤᠮᠧᠲᠷ ᠤᠨ ᠬᠥᠳᠡᠭᠡ ᠲᠣᠰᠬᠤᠨ ᠤ ᠴᠠᠬᠢᠯᠭᠠᠨ ᠲᠣᠣᠷ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠦ᠂ 17 ᠮᠠᠯᠴᠢᠨ ᠡᠷᠦᠬᠡ ᠶᠢᠨ ᠴᠠᠬᠢᠯᠭᠠᠨ ᠬᠡᠷᠡᠭᠯᠡᠬᠦ ᠬᠦᠴᠢᠷᠳᠡᠯ ᠢ ᠲᠦᠢᠯᠪᠤᠷᠢᠲᠠᠢ  ᠰᠢᠢᠳᠪᠦᠷᠢᠯᠡᠨ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠵᠦ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠨᠡᠮᠡᠭᠳᠡᠬᠦᠯᠪᠡ᠃                  ᠰᠣᠶᠣᠯ ᠢᠶᠠᠷ ᠬᠥᠳᠡᠯᠭᠡᠭᠦᠷ ᠪᠣᠯᠭᠠᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠭᠤᠷᠢ ᠶᠢ ᠪᠠᠬᠢᠵᠢᠬᠦᠯᠪᠡ      ᠰᠣᠶᠣᠯ ᠤᠨ ︽ᠠᠭᠤᠰᠤᠯᠴᠠᠬᠤ ᠬᠦᠴᠦᠨ︾᠎ ᠢ ᠴᠢᠩᠭᠠᠳᠬᠠᠪᠠ᠃ ᠬᠠᠷᠢᠶᠠᠲᠤ ᠨᠤᠲᠤᠭ ᠤᠨ ᠥᠪᠡᠷᠮᠢᠴᠡ ᠣᠨᠴᠠᠯᠢᠭᠲᠤ ᠠᠬᠤᠢ ᠪᠠᠶᠢᠳᠠᠯ ᠳᠤ ᠰᠠᠭᠤᠷᠢᠯᠠᠵᠤ᠂ ᠡᠯᠪᠡᠭ ᠪᠠᠶᠠᠯᠢᠭ ᠰᠣᠶᠣᠯ ᠢᠷᠭᠡᠨᠰᠢᠯ ᠤᠨ ᠠᠭᠤᠯᠤᠭᠳᠠᠬᠤᠨ ᠳᠤ ᠲᠥᠰᠢᠭᠯᠡᠨ᠂ ︽ᠰᠣᠶᠣᠯ +︾ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠬᠠᠷᠢᠶᠠᠲᠤ ᠨᠤᠲᠤᠭ ᠤᠨ ᠤᠷᠳᠤ ᠶᠢᠨ ᠳᠠᠭᠤᠨ ᠤ ᠨᠡᠶᠢᠭᠡᠮᠯᠢᠭ᠂ ᠮᠠᠯᠴᠢᠳ ᠤᠨ ᠪᠠᠶᠠᠰᠣᠯ ᠳᠠᠭᠤᠤ ᠤᠷᠠᠯᠢᠭ ᠤᠨ ᠪᠦᠯᠬᠦᠮ ᠵᠡᠷᠭᠡ ᠰᠣᠶᠣᠯ ᠤᠨ ᠥᠪ ᠢ ᠤᠯᠠᠮ ᠴᠢᠨᠠᠭᠰᠢᠳᠠ ᠠᠮᠢᠯᠠᠭᠤᠯᠵᠤ᠂ ᠲᠠᠶᠢᠴᠢᠯᠠᠵᠤ᠂ ᠬᠥᠭᠵᠢᠭᠡᠵᠦ᠂ ᠰᠢᠯᠢᠳᠡᠭ ᠰᠣᠶᠣᠯ ᠤᠨ ᠡᠬᠢ ᠪᠠᠶᠠᠯᠢᠭ ᠢ ᠦᠨᠡᠨᠬᠦ ᠤᠯᠠᠮᠵᠢᠯᠠᠪᠠ᠃ ᠰᠣᠶᠣᠯ ᠤᠨ ︽ᠰᠢᠨ᠎ᠡ ᠶᠢ ᠡᠭᠦᠳᠬᠦ ᠬᠦᠴᠦᠨ︾᠎ ᠢ ᠴᠤᠭᠴᠠᠯᠠᠪᠠ᠃ ︽ᠨᠠᠮ ᠤᠨ ᠪᠠᠶᠢᠭᠤᠯᠤᠯᠲᠠ +︾᠂ ︽ᠦᠨᠳᠦᠰᠦᠲᠡᠨ ᠤ ᠰᠣᠶᠣᠯ +︾᠂ ︽ᠬᠢᠯᠢ ᠬᠢᠵᠠᠭᠠᠷ︾᠎ ᠤᠨ ᠰᠣᠶᠣᠯ ᠤᠨ ᠵᠠᠭᠪᠤᠷ ᠢᠶᠠᠷ ᠭᠤᠣᠯ ᠪᠣᠯᠭᠠᠭᠰᠠᠨ ᠰᠣᠶᠣᠯ ᠤᠨ ︽ᠳᠣᠲᠣᠭᠠᠳᠤ ᠬᠦᠴᠦᠨ︾ ᠎ ᠤ ᠪᠠᠶᠢᠭᠤᠯᠤᠯᠲᠠ ᠶᠢᠨ ᠠᠷᠭ᠎ᠠ ᠵᠠᠮ ᠎ ᠨᠢ ᠬᠢᠯᠢ ᠬᠢᠵᠠᠭᠠᠷ ᠤᠨ ᠵᠠᠰᠠᠯᠲᠠ ᠳᠤ ᠰᠣᠶᠣᠯ ᠢᠶᠠᠷ ᠬᠢᠯᠢ ᠬᠢᠵᠠᠭᠠᠷ ᠢᠶᠠᠨ ᠮᠠᠨᠳᠤᠭᠤᠯᠬᠤ᠂ ᠬᠢᠯᠢ ᠬᠢᠵᠠᠭᠠᠷ ᠢᠶᠠᠨ ᠬᠦᠴᠦᠷᠬᠡᠭᠵᠢᠭᠦᠯᠬᠦ᠂ ᠬᠢᠯᠢ ᠬᠢᠵᠠᠭᠠᠷ ᠢᠶᠠᠨ ᠪᠠᠬᠢᠵᠢᠭᠦᠯᠬᠦ ᠰᠢᠨ᠎ᠡ ᠮᠠᠶ᠋ᠢᠭ ᠤᠨ ᠰᠣᠶᠣᠯ ᠤᠨ ᠦᠢᠯᠡᠴᠢᠯᠡᠭᠡ       ᠬᠠᠩᠭᠠᠵᠤ᠂ ᠥᠩᠲᠣᠭᠤᠣᠯ ᠰᠤᠮᠤᠨ ᠤ ᠰᠣᠶᠣᠯ ᠤᠨ ︽ᠰᠢᠨ᠎ᠡ ᠠᠮᠢᠵᠢᠷᠠᠯ ᠤᠨ ᠬᠦᠴᠦᠨ︾ ᠎ ᠢ ᠭᠦᠢᠴᠡᠳ ᠪᠠᠳᠠᠷᠠᠭᠤᠯᠤᠭᠰᠠᠨ ᠪᠠᠶᠢᠨ᠎ᠠ᠃ ᠰᠣᠶᠣᠯ ᠤᠨ ︽ᠨᠥᠯᠥᠭᠡᠯᠡᠬᠦ ᠬᠦᠴᠦᠨ︾᠎ ᠢ ᠨᠡᠭᠡᠭᠡᠨ ᠬᠦᠭᠵᠢᠭᠦᠯᠪᠡ᠃ ᠰᠢᠨ᠎ᠡ ᠴᠠᠭ ᠦᠶ᠎ᠡ ᠶᠢᠨ ᠤᠯᠠᠮᠵᠢᠯᠠᠨ ᠲᠥᠭᠡᠮᠡᠯᠵᠢᠬᠦᠯᠬᠦ ᠬᠡᠷᠡᠭᠴᠡᠭᠡ ᠳᠤ ᠵᠣᠬᠢᠴᠠᠭᠰᠠᠨ ᠥᠨᠳᠥᠷ ᠬᠡᠪ ᠪᠣᠯᠪᠠᠰᠤᠷᠠᠯ ᠲᠠᠢ ᠲᠤᠰᠬᠠᠶ ᠴᠢᠳᠠᠪᠤᠷᠢᠲᠠᠨ ᠤ ᠡᠩᠨᠡᠭᠡ ᠶᠢ ᠲᠠᠰᠤᠷᠠᠯᠲᠠ ᠥᠬᠡᠶ ᠪᠠᠬᠢᠵᠢᠭᠦᠯᠬᠦ ᠶᠢᠨ ᠬᠠᠮᠲᠤ ᠨᠥᠬᠦᠷᠯᠡᠯ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠪᠦᠯᠬᠦᠮᠳᠡᠨ ᠨᠢᠭᠲᠠᠷᠠᠵᠤ᠂ ᠬᠦᠮᠦᠨ ᠪᠦᠬᠦᠨ ᠬᠠᠷᠢᠶᠠᠲᠤ ᠨᠤᠲᠤᠭ ᠤᠨ ᠲᠡᠦᠬᠡ ᠶᠢᠨ ᠪᠣᠯᠪᠠᠰᠤᠨ ᠤ ᠲᠠᠶᠢᠯᠪᠤᠷᠢᠯᠠᠭᠴᠢ ᠪᠣᠯᠬᠤ ᠪᠠᠷ ᠴᠢᠷᠮᠠᠶᠢᠨ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ᠂ ᠬᠠᠷᠢᠶᠠᠲᠤ ᠨᠠᠷ ᠤᠨ ᠬᠡᠷ ᠪᠦᠯᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠬᠠᠷᠢᠶᠠᠲᠤ ᠤᠨ ᠰᠣᠶᠣᠯ ᠤᠨ ᠤᠯᠠᠮᠵᠢᠯᠠᠨ ᠳᠠᠮᠵᠢᠭᠤᠯᠬᠤ ᠬᠦᠴᠦᠨ᠂ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ  ᠴᠢᠩᠭᠠᠳᠬᠠᠪᠠ᠃
 
ᠢᠷᠡᠯᠲᠡ᠄ ᠥᠩᠲᠣᠭᠤᠣᠯ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号