ᠪᠠᠶᠠᠨᠲᠤᠬᠤᠢ ᠰᠤᠮᠤ᠄ ᠴᠡᠴᠡᠭ ᠬᠤᠸᠠᠷ ᠲᠠᠷᠢᠨ ᠨᠣᠭᠤᠭᠠᠷᠠᠭᠤᠯᠤᠯᠲᠠ ᠬᠢᠵᠦ ᠣᠷᠴᠢᠨ ᠲᠤᠭᠤᠷᠢᠨ ᠢᠶᠠᠨ ᠭᠤᠶᠤᠵᠢᠭᠤᠯᠤᠨ᠎ᠠ
ᠨᠡᠶᠢᠲᠡᠯᠡᠭᠰᠡᠨ ᠴᠠᠭ᠄
2023/5/23
      ᠪᠠᠶᠠᠨᠲᠤᠬᠤᠢ ᠰᠤᠮᠤ ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠪᠣᠬᠢᠷᠲᠤᠯ ᠦᠭᠡᠢ ᠭᠡᠷ ᠣᠷᠣᠨ ᠢ ᠬᠠᠮᠲᠤᠪᠠᠷ ᠪᠠᠶᠢᠭᠤᠯᠵᠤ᠂ ᠬᠠᠮᠲᠤᠪᠠᠷ ᠡᠳ᠋ᠯᠡᠵᠦ᠂ ᠬᠠᠮᠲᠤᠪᠠᠷ ᠵᠠᠰᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂  ᠨᠤᠭᠤᠭᠠᠷᠠᠭᠤᠯᠤᠯᠲᠠ ᠶᠢᠨ ᠠᠵᠢᠯ ᠢ ᠦᠷᠭᠦᠯᠵᠢᠯᠡᠭᠦᠯᠦᠨ ᠦᠷᠨᠢᠭᠦᠯᠪᠡ᠃       ᠰᠤᠮᠤᠨ ᠤ ᠡᠯ᠎ᠡ ᠭᠤᠣᠯ ᠵᠠᠮ ᠳᠠᠭᠠᠤ᠂ ᠠᠯᠪᠠᠨ ᠠᠰᠠᠷ ᠤᠨ ᠡᠭᠦᠳᠡᠨ ᠲᠢᠩᠬᠢᠮ ᠤᠨ ᠡᠮᠦᠨ᠎ᠡ ᠵᠡᠷᠭᠡ ᠭᠠᠵᠠᠷ ᠲᠤ ᠤᠯᠠᠨ ᠢᠶᠠᠷ ᠢᠶᠠᠨ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠡᠷᠴᠢ ᠵᠣᠷᠢᠭ ᠲᠡᠭᠦᠯᠳᠡᠷ ᠢᠶᠠᠷ᠂ ᠠᠵᠢᠯ ᠢᠶᠠᠨ ᠬᠤᠪᠢᠶᠠᠯᠴᠠᠨ ᠨᠢᠭᠲᠠ ᠬᠠᠮᠵᠢᠯᠴᠠᠵᠤ᠂ ᠡᠪᠡᠰᠦ ᠠᠷᠢᠯᠭᠠᠨ ᠭᠠᠵᠠᠷ ᠲᠡᠭᠰᠢᠯᠡᠵᠦ᠂ ᠨᠦᠬᠡ ᠮᠠᠯᠲᠠᠨ ᠦᠷ᠎ᠡ  ᠰᠠᠴᠤᠵᠤ ᠤᠰᠤᠯᠠᠬᠤ ᠵᠡᠷᠭᠡ ᠠᠵᠢᠯ ᠢ ᠡᠮᠬᠢ ᠴᠡᠭᠴᠡ ᠲᠠᠢ ᠪᠠᠷ ᠰᠠᠶᠢᠬᠠᠨ ᠪᠡᠶᠡᠯᠡᠭᠦᠯᠪᠡ᠃      ᠲᠤᠰ ᠤᠳᠠᠭᠠᠨ ᠤ ᠠᠵᠢᠯᠯᠠᠭᠠᠨ ᠢᠶᠠᠷ ᠳᠠᠮᠵᠢᠨ ᠰᠤᠮᠦᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠪᠣᠳᠠᠲᠤ ᠠᠵᠢᠯᠯᠠᠭ᠎ᠠ ᠪᠠᠷ ᠢᠶᠠᠨ ᠰᠤᠮᠤᠨ ᠤ  ᠨᠣᠭᠤᠭᠠᠷᠠᠭᠤᠯᠤᠯᠲᠠ ᠳᠤ ᠬᠦᠴᠦᠨ ᠴᠢᠳᠠᠯ ᠢᠶᠠᠨ ᠨᠡᠮᠡᠷᠢᠯᠡᠵᠦ᠂ ᠰᠤᠮᠦᠨ ᠤ ᠣᠷᠴᠢᠨ ᠲᠣᠭᠤᠷᠢᠨ ᠢ ᠰᠢᠨ᠎ᠡ ᠳᠦᠷᠰᠦ ᠪᠠᠶᠢᠳᠠᠯ ᠲᠠᠢ ᠪᠣᠯᠭᠠᠭᠰᠠᠨ ᠢᠶᠠᠷ ᠪᠠᠷᠠᠬᠤ ᠦᠭᠡᠢ᠂ ᠣᠯᠠᠨ ᠢᠶᠠᠷ ᠢᠶᠠᠨ ᠣᠷᠴᠢᠨ ᠲᠣᠭᠤᠷᠢᠨ ᠢᠶᠠᠨ ᠬᠠᠶᠢᠷᠠᠯᠠᠬᠤ᠂ ᠭᠡᠷ ᠣᠷᠣᠨ ᠢᠶᠠᠨ ᠰᠠᠬᠢᠨ ᠬᠠᠮᠠᠭᠠᠯᠠᠬᠤ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠠᠷᠠᠳ ᠢᠶᠠᠷ ᠢᠶᠠᠨ ᠣᠷᠣᠯᠴᠠᠭᠰᠠᠨ᠂ ᠪᠥᠬᠦ ᠠᠷᠠᠳ ᠢᠶᠠᠷ ᠢᠶᠠᠨ ᠳᠡᠮᠵᠢᠭᠰᠡᠨ᠂ ᠪᠥᠬᠦ ᠠᠷᠠᠳ ᠢᠶᠠᠷ ᠢᠶᠠᠨ ᠠᠬᠢᠭᠤᠯᠤᠭᠰᠠᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠶᠡᠭᠡ ᠪᠠᠶᠢᠷᠢᠰᠢᠯ︾᠎ ᠢ ᠪᠣᠶ ᠪᠣᠯᠭᠠᠭᠰᠠᠨ ᠪᠠᠶᠢᠨ᠎ᠠ᠃       ᠳᠠᠷᠠᠭᠠᠴᠢ ᠶᠢᠨ ᠠᠯᠬᠤᠮ ᠳᠤ᠂ ᠪᠠᠶᠠᠨᠲᠤᠬᠤᠢ ᠰᠤᠮᠤ ᠤᠬᠠᠭᠤᠯᠤᠨ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠠᠰᠢᠭᠲᠠᠢ ᠴᠠᠭ ᠲᠣᠬᠢᠶᠠᠯ ᠢ ᠠᠮᠵᠢᠵᠤ᠂   ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠥᠮᠥᠨ ᠪᠣᠯᠭᠠᠨ ︽ᠪᠣᠬᠢᠷᠲᠤᠯ ᠦᠭᠡᠢ ᠳᠠᠮᠵᠢᠭᠤᠯᠤᠭᠴᠢ︾᠂ ︽ᠪᠣᠬᠢᠷᠲᠤᠯ ᠦᠭᠡᠢ ᠪᠦᠲᠦᠭᠡᠨ ᠪᠠᠶᠢᠭᠤᠯᠤᠭᠴᠢ︾᠂ ︽ᠪᠣᠬᠢᠷᠲᠤᠯ ᠦᠭᠡᠢ ᠦᠢᠯᠡᠳᠦᠯᠭᠡᠵᠢᠭᠦᠯᠦᠭᠴᠢ︾ ᠪᠣᠯᠬᠤ ᠪᠠᠷ ᠴᠢᠷᠮᠠᠶᠢᠵᠤ᠂ ᠴᠡᠪᠡᠷ ᠲᠡᠭᠰᠢ ᠣᠷᠣᠰᠢᠨ ᠰᠠᠭᠤᠬᠤ ᠳᠤ ᠲᠣᠬᠢᠷᠠᠮᠵᠢᠲᠠᠢ ᠰᠤᠮᠤ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃
 
ᠢᠷᠡᠯᠲᠡ᠄ ᠪᠠᠶᠠᠨᠲᠤᠬᠤᠢ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号