ᠠᠯᠠᠱᠠ ᠠᠶᠢᠮᠠᠭ ᠤᠨ ︽ᠤᠮᠠᠷᠠᠲᠤ ᠬᠢᠯᠢ ᠶᠢᠨ ᠥᠯᠢᠭᠡᠷ ᠳᠠᠭᠤᠷᠢᠶᠠᠯ︾᠎ ᠤᠨ ᠲᠡᠷᠢᠭᠦᠨ ᠤ ᠦᠶᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/5/24
      ᠣᠶᠢᠷ᠎ᠠ ᠶᠢᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂ ᠠᠶᠢᠮᠠᠭ ᠤᠨ ᠬᠠᠮ ᠵᠠᠭᠤᠴᠢᠯᠠᠭᠤᠷ ᠤᠨ ᠲᠥᠪ᠂ ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ᠂ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ ᠠᠴᠠ ᠳᠠᠭᠠᠭᠠᠴᠢᠯᠠᠨ ᠡᠷᠭᠢᠯᠡᠭᠰᠡᠨ ︽ᠡᠬᠡ ᠤᠯᠤᠰ ᠤᠨ ᠤᠮᠠᠷᠠᠲᠤ ᠬᠢᠯᠢ ᠶᠢ ᠰᠠᠬᠢᠨ ᠪᠠᠷᠠᠯᠠᠵᠤ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠶ᠎ᠠ︾ ᠲᠡᠷᠢᠭᠦᠨ ᠤ ᠦᠶᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠠᠮᠵᠢᠯᠲᠠ ᠲᠠᠢ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠪᠦᠬᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠪᠦᠳᠦᠭᠡᠯᠴᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠠᠩ ᠰᠢᠤᠸᠠᠢ ᠪᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢ ᠶᠦᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠱᠤᠤ ᠰᠢᠶᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠣᠯᠤᠳ ᠵᠡᠷᠭᠡ ᠬᠤᠰᠢᠭᠤ ᠤᠳᠤᠷᠢᠳᠤᠯᠭ᠎ᠠ ᠨᠡᠷ ᠠᠵᠢᠯᠯᠠᠭ᠎ᠠ ᠳᠤ       ᠣᠷᠣᠯᠴᠠᠵᠠᠢ᠃      ᠤᠬᠠᠭᠤᠯᠤᠨ ᠲᠠᠶᠢᠯᠪᠤᠷᠢᠯᠠᠬᠤ ᠠᠬᠤᠢ ᠲᠠᠯᠠᠪᠠᠢ ᠳᠤ᠂ ᠶᠣᠰᠣ ᠰᠤᠷᠲᠠᠬᠤᠨ ᠤ ᠵᠢᠱᠢᠶᠡᠴᠢ᠂ ︽ᠬᠤᠶᠠᠷ ᠰᠢᠯᠢᠳᠡᠭ ᠨᠢᠭᠡ ᠲᠡᠷᠢᠭᠦᠨ︾᠂ ᠬᠠᠮᠤᠭ ᠤᠨ ᠭᠤᠶᠤ ᠴᠡᠷᠢᠭ ᠠᠴᠠ ᠬᠠᠯᠠᠭᠳᠠᠭᠰᠠᠳ᠂ ᠬᠠᠮᠤᠭ ᠤᠨ ᠭᠤᠶᠤ ᠠᠵᠢᠯᠴᠢᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠷᠤᠭᠴᠢ ᠵᠡᠷᠭᠡ 200 ᠭᠠᠷᠤᠢ ᠬᠥᠮᠥᠨ ᠮᠡᠳᠡᠭᠦᠯᠦᠯᠲᠡ ᠶᠢᠨ ᠬᠤᠷᠠᠯ ᠢ ᠰᠣᠨᠣᠰᠪᠠ᠃ ᠮᠡᠳᠡᠭᠦᠯᠦᠯᠲᠡ ᠶᠢᠨ ᠬᠤᠷᠠᠯ ᠨᠢ ᠸᠢᠳᠢᠤ᠋ ᠣᠬᠤᠷ ᠹᠢᠯᠢᠮ ᠢ ᠨᠡᠪᠲᠡᠷᠡᠭᠦᠯᠬᠦ᠂ ᠶᠠᠷᠢᠯᠴᠠᠭ᠎ᠠ ᠰᠤᠷᠪᠤᠯᠵᠢᠯᠠᠭ᠎ᠠ ᠬᠢᠬᠦ ᠵᠡᠷᠭᠡ ᠬᠡᠯᠪᠡᠷᠢ ᠪᠠᠷ ᠠᠳᠠᠯᠢ ᠪᠤᠰᠤ ᠬᠠᠷᠠᠭᠠᠰᠤ ᠠᠴᠠ ︽ᠤᠮᠠᠷᠠᠲᠤ ᠬᠢᠯᠢ ᠶᠢᠨ ᠥᠯᠢᠭᠡᠷ ᠳᠠᠭᠤᠷᠢᠶᠠᠯ︾ ᠪᠣᠯᠬᠤ ᠬᠠᠷ᠎ᠠ ᠪᠦᠷᠭᠦᠳ ᠤᠨ ᠠᠭᠤᠯᠡ ᠶᠢᠨ ᠴᠠᠬᠢᠯᠭᠠᠨ ᠬᠠᠩᠭᠠᠬᠤ ᠥᠷᠲᠡᠭᠡ᠂ ᠨᠢᠮ᠎ᠠ ᠨᠠᠰᠤᠲᠠᠨ᠂ ᠳᠤᠶᠢᠭ ᠰᠢᠯᠢ ᠶᠢᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠠᠷ ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠶᠢ ᠶᠠᠷᠢᠪᠠ᠃    ᠡᠳᠡᠬᠡᠷ ︽ᠤᠮᠠᠷᠠᠲᠤ ᠬᠢᠯᠢ ᠶᠢᠨ ᠥᠯᠢᠭᠡᠷ ᠳᠠᠭᠤᠷᠢᠶᠠᠯ︾ ᠪᠣᠯ ᠮᠠᠨ ᠤ ᠠᠶᠢᠮᠠᠭ ᠤᠨ ᠠᠳᠠᠯᠢ ᠪᠤᠰᠤ ᠴᠠᠭ ᠦᠶ᠎ᠡ ᠶᠢᠨ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠠᠴᠠ ᠴᠣᠯᠭᠤᠷᠠᠨ ᠭᠠᠷᠤᠭᠰᠠᠨ ᠭᠠᠷᠮᠠᠭᠠᠢ ᠲᠥᠯᠥᠭᠡᠯᠡᠭᠴᠢ ᠪᠠᠶᠢᠵᠦ᠂ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤᠴᠤᠳ ᠤᠨ ᠥᠨᠢ ᠡᠭᠦᠷᠢᠳᠡ ᠶᠢᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠡᠪ ᠬᠠᠮᠲᠤ ᠨᠠᠮ ᠤᠨ ᠭᠡᠰᠢᠭᠦᠨ ᠤ ᠨᠠᠮ ᠳᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠶᠢ ᠪᠢᠴᠢᠭᠯᠡᠭᠰᠡᠨ ᠪᠠᠶᠢᠨ᠎ᠠ᠃ ᠳᠡᠳᠡᠨᠡᠷ ᠤᠨ ᠡᠨᠠᠬᠦ ᠠᠵᠢᠯ ᠦᠢᠯᠡᠰ ᠢᠶᠠᠨ ᠳᠡᠭᠡᠳᠦᠯᠡᠬᠦ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠨᠢ ᠲᠤᠬᠠᠢ ᠎ ᠶᠢᠨ ᠲᠠᠯᠠᠪᠠᠶ ᠶᠢᠨ ᠬᠥᠮᠥᠨ ᠨᠢᠭᠡᠪᠦᠷᠢ ᠶᠢᠨ ᠰᠡᠳᠬᠢᠯ ᠢ ᠳᠤᠭᠳᠤᠯᠤᠭᠤᠯᠵᠠᠢ᠃      ᠠᠯᠠᠱᠠ ᠪᠠᠷᠠᠭᠤᠨ ᠬᠤᠰᠢᠭᠤᠨ ᠤ ᠪᠠᠶᠠᠨᠭᠤᠣᠯ ᠰᠤᠮᠤᠨ ᠤ ᠤᠬᠠᠭᠤᠯᠤᠨ ᠲᠠᠶᠢᠯᠪᠤᠷᠢᠯᠠᠭᠴᠢ ᠹᠠᠨ ᠸᠧᠨ ᠰᠢᠨ᠄  ︽ᠡᠨᠡ ᠤᠳᠠᠭᠠᠨ ᠤ ᠮᠡᠳᠡᠭᠦᠯᠦᠯᠲᠡ ᠶᠢᠨ ᠬᠤᠷᠠᠯ ᠢᠶᠠᠷ ᠲᠠᠮᠵᠢᠨ᠂ ᠨᠠᠳᠠ ᠳᠤ ᠦᠯᠢᠭᠡᠷ ᠳᠠᠭᠤᠷᠢᠶᠠᠯ ᠤᠨ ᠬᠦᠴᠦᠨ ᠴᠢᠳᠠᠯ ᠢ ᠨᠡᠩ ᠢᠯᠡᠭᠦᠦ ᠣᠶᠢᠯᠠᠭᠠᠭᠤᠯᠪᠠ᠃ ᠦᠨᠳᠦᠰᠦᠨ ᠱᠠᠲᠤᠨ ᠤ ᠠᠵᠢᠯᠲᠠᠨ ᠪᠣᠯᠤᠭᠰᠠᠨ ᠤ ᠬᠤᠪᠢ ᠳᠤ᠂ ᠪᠢ ᠦᠷᠭᠦᠯᠵᠢᠯᠡᠨ ᠦᠨᠳᠦᠰᠦᠨ ᠱᠠᠲᠤᠨ ᠳᠤ ᠰᠠᠭᠤᠷᠢᠯᠠᠵᠤ᠂ ᠯᠠᠪᠳᠠᠭᠤᠨ ᠪᠠᠲᠤᠲᠠᠢ ᠠᠵᠢᠯᠯᠠᠨ ᠰᠢᠷᠭᠠᠭᠤ ᠬᠠᠳᠠᠭᠤᠵᠢᠯᠲᠠᠢ ᠲᠡᠮᠡᠴᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠪᠣᠯᠣᠨ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠪᠠᠶᠢᠯ᠎ᠠ᠃      ᠣᠶᠢᠷ᠎ᠠ ᠶᠢᠨ ᠵᠢᠯ ᠤᠳ ᠲᠤ᠂ ᠮᠠᠨ ᠤ ᠬᠤᠰᠢᠭᠤ ᠡᠬᠢ ᠪᠠᠶᠠᠯᠢᠭ ᠪᠣᠯᠣᠨ ᠭᠠᠵᠠᠷ ᠣᠷᠣᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ᠂ ᠬᠠᠷ᠎ᠠ ᠪᠦᠷᠭᠦᠳ ᠤᠨ ᠠᠭᠤᠯᠡ ᠶᠢᠨ ᠴᠠᠬᠢᠯᠭᠠᠨ ᠬᠠᠩᠭᠠᠬᠤ ᠥᠷᠲᠡᠭᠡ ᠶᠢᠨ ︽ᠤᠮᠠᠷᠠᠲᠤ ᠬᠢᠯᠢ ᠶᠢᠨ ᠥᠯᠢᠭᠡᠷ ᠳᠠᠭᠤᠷᠢᠶᠠᠯ︾᠎ ᠤᠨ ᠢᠷᠠᠭᠤ ᠠᠯᠳᠠᠷ ᠢ ᠳᠠᠭᠤᠷᠢᠰᠬᠠᠵᠤ᠂ ᠨᠠᠮ ᠵᠠᠰᠠᠭ ᠴᠡᠷᠢᠭ ᠠᠷᠠᠳ ᠠᠵᠤ ᠠᠬᠤᠶᠢᠯᠠᠯ ᠭᠠᠷ ᠬᠤᠯᠪᠣᠨ ᠬᠠᠷᠢᠯᠴᠠᠨ ᠠᠭᠤᠰᠤᠯᠴᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠢᠯᠢ ᠬᠢᠵᠠᠭᠠᠷ ᠲᠤ ᠥᠨᠳᠣᠰᠣᠯᠠᠨ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠦᠭᠰᠡᠨ ᠰᠡᠳᠬᠢᠯ ᠬᠥᠳᠡᠯᠭᠡᠮ᠎ᠡ ᠥᠯᠢᠭᠡᠷ ᠢ ᠦᠨᠡᠨ ᠰᠡᠳᠬᠢᠯ ᠠᠴᠠ ᠪᠠᠨ ᠶᠠᠷᠢᠵᠤ᠂ ᠬᠠᠷ᠎ᠠ ᠪᠦᠷᠭᠦᠳ ᠤᠨ ᠠᠭᠤᠯᠡ ᠶᠢᠨ ᠬᠥᠮᠥᠰ ᠤᠨ ᠤᠮᠠᠷᠠᠲᠤ ᠬᠢᠯᠢ ᠳᠤ ᠦᠢᠯᠡᠴᠢᠯᠡᠵᠦ᠂ ᠲᠡᠭᠷᠢ ᠶᠢᠨ ᠬᠠᠶᠠᠭ᠎ᠠ ᠶᠢ ᠭᠡᠷᠡᠯᠲᠦᠭᠦᠯᠦᠭᠰᠡᠨ ᠥᠯᠢᠭᠡᠷ ᠳᠠᠭᠤᠷᠢᠶᠠᠯ ᠤᠨ ᠵᠣᠷᠢᠭ ᠰᠠᠨᠠᠭ᠎ᠠ ᠶᠢ ᠦᠨᠡᠨ ᠪᠣᠳᠠᠲᠠᠢ ᠪᠠᠷ ᠳᠠᠬᠢᠨ ᠢᠯᠡᠷᠡᠭᠦᠯᠦᠭᠰᠡᠨ ᠪᠠ ᠤᠯᠠᠮᠵᠢᠯᠠᠭᠰᠠᠨ ᠪᠠᠶᠢᠨ᠎ᠠ᠃      ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠤᠶᠢᠭ ᠰᠢᠯᠢ ᠶᠢᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠤᠯᠤᠰ ᠲᠦᠷᠦ ᠶᠢᠨ ᠵᠢᠭᠠᠨ ᠵᠢᠯᠣᠭᠤᠳᠤᠭᠴᠢ ᠶᠤᠸᠠᠢ ᠭᠥᠸᠧ ᠴᠢ᠄  ︽ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠪᠠᠷ ᠳᠠᠮᠵᠢᠨ᠂ ᠮᠠᠨ ᠤ ᠨᠡᠩ ᠤᠯᠠᠨ ᠵᠠᠯᠠᠭᠤᠴᠤᠳ ᠦᠨᠳᠦᠰᠦᠨ ᠱᠠᠲᠤᠨ ᠳᠤ ᠬᠦᠨᠵᠡᠭᠡᠶᠢᠷᠡᠵᠦ᠂ ᠮᠠᠨ ᠤ ᠦᠨᠳᠦᠰᠦᠨ ᠱᠠᠲᠤᠨ ᠤ ᠮᠠᠯᠴᠢᠨ ᠲᠦᠮᠡᠨ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠦ᠂ ᠵᠠᠯᠠᠭᠤᠴᠤᠳ ᠮᠠᠨᠢ ᠭᠠᠯ ᠵᠠᠯᠠᠭᠤ ᠨᠠᠰᠣᠨ ᠤ ᠢᠳᠡᠪᠬᠢᠵᠢᠯ ᠢᠶᠠᠨ ᠵᠣᠷᠢᠭᠲᠠᠢ ᠪᠠᠳᠠᠷᠠᠭᠤᠯᠬᠤ ᠶᠢ ᠬᠦᠰᠡᠵᠦ ᠪᠠᠶᠢᠨ᠎ᠠ︾ ᠭᠡᠪᠡ᠃      ᠡᠵᠡᠨ᠎ᠡ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠴᠠᠬᠢᠯᠭᠠᠨ ᠬᠡᠷᠡᠭᠯᠡᠬᠦ ᠶᠢ ᠪᠠᠶᠢᠴᠠᠭᠠᠬᠤ ᠲᠠᠰᠤᠭ ᠤᠨ ᠳᠠᠷᠤᠭ᠎ᠠ ᠴᠠᠢ ᠵᠤᠤ ᠬᠤᠸᠠ᠄ ︽ᠬᠡᠳᠦᠨ ᠦᠶ᠎ᠡ ᠶᠢᠨ ᠬᠥᠮᠥᠰ ᠤᠨ ᠴᠢᠷᠮᠠᠶᠢᠯᠭ᠎ᠠ ᠪᠠᠷ ᠬᠠᠷ᠎ᠠ ᠪᠦᠷᠭᠦᠳ ᠤᠨ ᠠᠭᠤᠯᠡ ᠶᠢᠨ ᠴᠠᠬᠢᠯᠭᠠᠨ ᠬᠠᠩᠭᠠᠬᠤ ᠥᠷᠲᠡᠭᠡ ᠬᠥᠭᠵᠢᠭᠡᠳ ᠥᠨᠤᠳᠤᠷ ᠪᠣᠯᠵᠤ ᠪᠠᠶᠢᠨ᠎ᠠ᠃ ᠥᠩᠭᠡᠷᠡᠭᠰᠡᠨ ᠳᠤ ᠲᠠᠪᠤ ᠵᠢᠷᠭᠤᠭᠠᠨ ᠴᠠᠭ ᠠᠶᠠᠯᠠᠵᠤ ᠪᠠᠶᠢᠭᠰᠠᠨ ᠠᠴᠠ ᠪᠠᠨ ᠤᠳᠤ ᠬᠤᠶᠠᠷ ᠴᠠᠭ ᠭᠤᠷᠪᠠᠨ ᠴᠠᠭ ᠤᠨ ᠥᠨᠳᠥᠷ ᠬᠤᠷᠳᠤᠴᠠᠲᠤ ᠵᠠᠰᠠᠮᠠᠯ ᠵᠠᠮ ᠲᠠᠢ ᠪᠣᠯᠣᠭᠰᠠᠨ᠃ ᠪᠢᠳᠡᠠ ᠤ ᠭᠠᠷᠭᠠᠭᠰᠠᠨ ᠬᠦᠴᠦᠨ ᠴᠢᠳᠠᠯ ᠶᠡᠭᠡ ᠦᠨ᠎ᠡ ᠴᠡᠨ᠎ᠡ ᠲᠠᠢ ᠪᠣᠯᠣᠯ᠎ᠠ᠃ ᠬᠤᠶᠢᠰᠢᠳᠠ ᠮᠠᠨ ᠤ ᠰᠢᠨ᠎ᠡ ᠢᠷᠡᠭᠰᠡᠨ ᠬᠥᠮᠥᠰ ᠡᠨᠠᠬᠦ ᠵᠣᠷᠢᠭ ᠰᠠᠨᠠᠭ᠎ᠠ ᠶᠢ ᠦᠷᠭᠦᠯᠵᠢᠯᠡᠨ ᠵᠠᠯᠭᠠᠮᠵᠢᠯᠠᠬᠤ ᠶᠢ ᠬᠦᠰᠡᠵᠦ ᠪᠠᠶᠢᠨ᠎ᠠ︾ ᠭᠡᠪᠡ᠃      ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠃ ᠮᠠᠨ ᠤ ᠬᠤᠰᠢᠭᠤ ᠵᠢᠱᠢᠶᠠᠴᠢ ᠶᠢᠨ ᠳᠠᠶᠢᠴᠢᠯᠠᠬᠤ ᠦᠢᠯᠡᠳᠦᠯ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠪᠣᠳᠠᠳᠠᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠢ ᠬᠤᠰᠢᠭᠤᠴᠢ ᠪᠣᠯᠣᠨ ᠵᠢᠱᠢᠶᠡᠴᠢ ᠠᠴᠠ ᠲᠠᠭᠠᠨ ᠰᠤᠷᠤᠯᠴᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠤᠷᠢᠶᠠᠯᠠᠭᠰᠠᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号