ᠡᠨᠡ ᠵᠢᠯ᠂ ᠠᠯᠠᠱᠠ ᠠᠶᠢᠮᠠᠭ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ᠂ ᠡᠵᠡᠨ᠎ᠡ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠨᠢ ᠥᠪᠥᠷ ᠮᠣᠩᠭᠤᠯ ᠤᠨ | ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠮᠧᠩ ᠰᠢᠶᠠᠩ ᠤᠰᠤᠨ ᠤ ᠭᠠᠷᠤᠯᠲᠠ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠲᠠᠢ ᠬᠠᠮᠳᠤᠷᠠᠵᠤ᠂ ᠡᠵᠡᠨ᠎ᠡ ᠬᠤᠰᠢᠭᠤᠨ ᠤ ᠲᠤᠮᠤ ᠰᠡᠯᠢᠭᠦᠷᠲᠦ ᠵᠢᠭᠠᠰᠤ ᠶᠢ ᠬᠦᠮᠦᠨ ᠤ | ᠬᠦᠴᠦ ᠪᠠᠷ ᠦᠷᠡᠵᠢᠬᠦᠯᠬᠦ ᠤᠰᠤᠨ ᠤ ᠭᠠᠷᠤᠯᠳᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠬᠠᠮᠲᠤ ᠪᠠᠷ | ᠪᠠᠶᠢᠭᠤᠯᠤᠨ᠂ ᠣᠳᠣᠬᠠᠨ ᠪᠣᠯᠬᠤ ᠳᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠰᠢᠪᠲᠤᠷᠭᠠᠨ ᠳᠠᠭᠠᠨ | ᠣᠷᠣᠭᠰᠠᠨ ᠪᠠᠶᠢᠨ᠎ᠠ᠃ | ᠡᠵᠡᠨ᠎ᠡ ᠬᠤᠰᠢᠭᠤᠨ ᠤ ᠲᠤᠮᠤ ᠰᠡᠯᠢᠭᠦᠷᠲᠦ ᠵᠢᠭᠠᠰᠤ ᠶᠢ ᠬᠦᠮᠦᠨ ᠤ ᠬᠦᠴᠦ ᠪᠠᠷ ᠦᠷᠡᠵᠢᠬᠦᠯᠬᠦ ᠤᠰᠤᠨ ᠤ | ᠭᠠᠷᠤᠯᠳᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠨᠢ ᠰᠢᠷ᠎ᠠ ᠨᠠᠭᠤᠷ ᠤᠨ ᠤᠰᠤᠨ ᠴᠥᠭᠦᠷᠥᠮ ᠤᠨ | ᠣᠶᠢᠷᠠᠯᠴᠠᠭ᠎ᠠ ᠪᠠᠶᠢᠵᠤ᠂ ᠨᠡᠶᠢᠲᠡ 5000 ᠭᠠᠷᠤᠢ ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠃ ᠡᠭᠦᠨ ᠳᠤ | ᠭᠤᠣᠯᠳᠠᠭᠤ ᠵᠢᠷᠠᠭᠠᠬᠠᠢ ᠶᠢ ᠪᠣᠶᠢᠵᠢᠭᠤᠯᠣᠨ ᠨᠡᠪᠴᠢᠬᠦᠯᠬᠦ ᠵᠢᠴᠢ ᠲᠡᠵᠢᠭᠡᠨ ᠦᠷᠡᠵᠢᠭᠦᠯᠬᠦ ᠴᠢᠳᠠᠮᠵᠢ ᠲᠠᠢ ᠭᠤᠷᠪᠠᠨ | ᠳᠤᠯᠠᠭᠠᠨ ᠰᠠᠷᠠᠪᠴᠢ ᠪᠠᠶᠢᠭᠤᠯᠵᠤ᠂ ᠰᠠᠷᠠᠪᠴᠢ ᠪᠦᠷᠢ ᠶᠢᠨ ᠣᠷᠳᠣ ᠨᠢ 26 ᠮᠧᠲᠷ᠂ ᠥᠷᠭᠡᠨ ᠨᠢ 12 ᠮᠧᠲᠷ᠂ | ᠥᠨᠳᠥᠷ ᠨᠢ 4 ᠮᠧᠲᠷ ᠪᠠᠶᠢᠵᠤ ᠰᠠᠷᠠᠪᠴᠢ ᠪᠦᠷᠢ ᠳᠤ ᠪᠠᠰᠠ ᠳ᠋ᠢᠶᠠᠮᠧᠲᠷ ᠨᠢ 5 ᠮᠧᠲᠷ ᠤᠨ ᠡᠷᠭᠢᠯᠲᠡᠲᠤ ᠤᠰᠤᠨ ᠤ | ᠲᠡᠵᠢᠭᠡᠨ ᠦᠷᠡᠵᠢᠭᠦᠯᠬᠦ ᠤᠰᠤᠨ ᠴᠥᠭᠦᠷᠥᠮ 8 ᠶᠢ ᠲᠤᠬᠢᠷᠠᠭᠤᠯᠤᠨ᠂ ᠤᠰᠤ ᠬᠠᠩᠭᠠᠵᠤ ᠤᠰᠤ | ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ᠂ ᠬᠦᠴᠢᠯᠲᠥ᠋ᠷᠥᠭᠴᠢ ᠬᠠᠩᠭᠠᠬᠤ ᠵᠡᠷᠭᠡ ᠢᠵᠢ ᠪᠦᠷᠢᠳᠦᠭᠦᠯᠬᠦ | ᠪᠡᠯᠡᠳᠬᠡᠮᠵᠢ ᠶᠢ ᠪᠠᠶᠢᠭᠤᠯᠤᠭᠰᠠᠨ ᠪᠠᠶᠢᠨ᠎ᠠ᠃ ᠤᠳᠤᠬᠠᠨ ᠪᠣᠯᠬᠤ ᠳᠤ 2 ᠳᠤᠯᠠᠭᠠᠨ ᠰᠠᠷᠠᠪᠴᠢ ᠶᠢ ᠨᠢᠭᠡᠨᠲᠡ | ᠪᠠᠶᠢᠭᠤᠯᠵᠤ ᠳᠠᠭᠤᠰᠬᠠᠨ᠂ ᠬᠡᠰᠡᠭ ᠲᠡᠵᠢᠭᠡᠨ ᠦᠷᠡᠵᠢᠭᠦᠯᠬᠦ ᠴᠥᠭᠦᠷᠥᠮ ᠴᠦ ᠠᠰᠢᠭᠯᠠᠯᠲᠠ ᠳᠤ ᠣᠷᠣᠵᠣ᠂ | 3 ᠳ᠋ᠤᠭᠠᠷ ᠳᠤᠯᠠᠭᠠᠨ ᠰᠠᠷᠠᠪᠴᠢ ᠶᠢ ᠪᠠᠶᠢᠭᠤᠯᠬᠤ ᠱᠠᠳᠤᠨ ᠳᠤ ᠪᠠᠨ ᠪᠠᠶᠢᠵᠤ᠂ ᠵᠢᠱᠢᠯᠲᠡ ᠪᠠᠷ 5 ᠰᠠᠷ᠎ᠠ ᠶᠢᠨ | ᠰᠡᠭᠦᠯᠴᠢ ᠪᠠᠷ ᠪᠠᠶᠢᠭᠤᠯᠵᠤ ᠳᠠᠭᠤᠰᠬᠠᠬᠤ ᠪᠠᠷ ᠪᠤᠢ᠃ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ | ᠪᠠᠶᠢᠭᠤᠯᠤᠭᠳᠠᠭᠰᠠᠨ ᠤ ᠳᠠᠷᠠᠭ᠎ᠠ᠂ ᠵᠢᠯ ᠪᠦᠷᠢ 500 ᠲᠦᠮᠡᠨ ᠵᠢᠷᠠᠭᠠᠬᠠᠢ ᠶᠢ ᠨᠡᠪᠴᠢᠭᠦᠯᠬᠦ ᠪᠤᠯᠤᠨ᠎ᠠ᠃ | ᠠᠯᠠᠱᠠ ᠠᠶᠢᠮᠠᠭ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠳᠡᠭᠡᠳᠦ ᠲᠠᠰ ᠤᠨ ᠤᠰᠤᠨ ᠤ | ᠭᠠᠷᠤᠯᠲᠠ ᠶᠢᠨ ᠢᠨᠵᠧᠨᠧᠷ ᠯᠢᠶᠠᠩ ᠺᠧ ᠴᠢᠨ᠄ ︽ᠣᠲᠣ ᠨᠢᠭᠡᠨᠲᠡ 16 ᠰᠠᠭᠤᠷᠢ ᠡᠷᠭᠢᠯᠲᠡᠲᠦ ᠤᠰᠤᠨ ᠤ | ᠭᠠᠷᠤᠯᠳᠠ ᠶᠢᠨ ᠲᠡᠵᠢᠭᠡᠨ ᠦᠷᠡᠵᠢᠭᠦᠯᠬᠦ ᠴᠥᠭᠦᠷᠥᠮ ᠢ ᠪᠠᠶᠢᠭᠤᠯᠵᠤ᠂ ᠪᠠᠰᠠ 8 ᠰᠠᠭᠤᠷᠢ ᠶᠢ ᠶᠠᠭ ᠪᠦᠲᠦᠭᠡᠨ | ᠪᠠᠶᠢᠭᠤᠯᠵᠤ ᠪᠠᠶᠢᠨ᠎ᠠ᠂ ᠨᠢᠭᠡᠨᠳᠡ ᠪᠠᠶᠢᠭᠤᠯᠤᠭᠳᠠᠭᠰᠠᠨ 16 ᠰᠠᠭᠤᠷᠢ ᠦᠷᠡᠵᠢᠬᠦᠯᠬᠦ ᠴᠦᠬᠦᠷᠡᠮ ᠳᠤ ᠨᠢᠭᠡᠨᠲᠡ | ᠵᠢᠷᠠᠭᠠᠬᠠᠢ ᠶᠢ ᠦᠷᠡᠵᠢᠭᠦᠯᠦᠨ ᠨᠡᠪᠴᠢᠭᠦᠯᠵᠦ ᠡᠬᠢᠯᠡᠭᠰᠡᠨ᠃ ᠡᠨᠡ ᠵᠢᠯ ᠵᠢᠱᠢᠯᠲᠡ ᠪᠠᠷ ᠪᠠᠷᠤᠭ 100 ᠲᠦᠮᠡᠨ | ᠳᠣᠮᠤ ᠰᠠᠯᠢᠭᠦᠷᠳᠤ ᠬᠡᠶᠢᠳᠦ ᠴᠤᠤᠬ᠎ᠠ ᠵᠢᠭᠠᠰᠤ ᠶᠢᠨ ᠵᠢᠷᠠᠭᠠᠬᠠᠢ ᠶᠢ ᠨᠡᠪᠴᠢᠭᠦᠯᠬᠦ ᠪᠣᠯᠣᠨ᠎ᠠ︾ ᠭᠡᠵᠦ ᠪᠠᠶᠢᠯ᠎ᠠ᠃ | ᠥᠪᠥᠷ ᠮᠣᠩᠭᠤᠯ ᠤᠨ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠮᠧᠩ ᠰᠢᠶᠠᠩ ᠤᠰᠤᠨ ᠤ | ᠭᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢ ᠯᠢ ᠵᠧᠨ ᠴᠤᠸ᠄ ︽ᠲᠣᠮᠣ | ᠰᠡᠯᠢᠭᠦᠷᠲᠦ ᠵᠢᠭᠠᠰᠤ ᠶᠢ ᠬᠥᠮᠥᠨ ᠤ ᠬᠦᠴᠦ ᠪᠠᠷ ᠪᠠ ᠪᠠᠶᠢᠭᠠᠯᠢ ᠶᠢᠨ ᠬᠤᠶᠠᠷ ᠵᠦᠢᠯ ᠤᠨ ᠠᠷᠭ᠎ᠠ ᠪᠠᠷ ᠦᠷᠡᠵᠢᠭᠦᠯᠦᠨ | ᠪᠣᠶᠢᠵᠢᠭᠤᠯᠳᠠᠭ᠂ ᠲᠡᠭᠦᠨ ᠤ ᠥᠨᠳᠡᠭᠡ ᠨᠢ ᠴᠠᠭᠠᠨ ᠥᠩᠭᠡ ᠲᠠᠢ ᠮᠥᠬᠦᠯᠢᠭ ᠬᠡᠯᠪᠡᠷᠢ ᠲᠠᠢ ᠪᠠᠶᠢᠵᠤ᠂ ᠭᠤᠣᠯᠳᠠᠭᠤ | ᠤᠰᠤᠨ ᠤ ᠳᠤᠯᠠᠭᠠᠨ ᠪᠠ ᠤᠰᠤᠨ ᠤ ᠤᠷᠤᠰᠬᠠᠯ ᠢ ᠡᠵᠡᠮᠳᠡᠬᠦ ᠪᠠᠷ ᠳᠡᠮᠵᠢᠨ ᠨᠡᠪᠴᠢᠬᠦᠯᠦᠨ᠎ᠡ᠃ ᠨᠡᠪᠴᠢᠭᠡᠳ | ᠪᠣᠶᠢᠵᠢᠭᠰᠠᠨ ᠤ ᠳᠠᠷᠠᠭ᠎ᠠ ᠵᠠᠮᠠᠭ ᠪᠣᠯᠣᠨ ᠵᠢᠵᠢᠭ ᠬᠤᠷᠣᠬᠠᠢ ᠵᠡᠷᠭᠡ ᠪᠠᠷ ᠨᠢᠯᠬ᠎ᠠ ᠵᠢᠷᠠᠭᠠᠬᠠᠢ ᠶᠢᠨ ᠥᠰᠦᠯᠲᠡ ᠶᠢᠨ | ᠰᠢᠮ᠎ᠡ ᠳᠡᠵᠢᠭᠡᠯᠳᠤ ᠪᠣᠳᠠᠰ ᠪᠣᠯᠭᠠᠵᠤ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠪᠠᠨ ᠴᠢᠩᠭᠠᠳᠬᠠᠬᠤ ᠪᠠᠷ | ᠳᠠᠮᠵᠢᠨ ᠲᠡᠭᠦᠨ ᠤ ᠠᠮᠢᠳᠤᠷᠠᠬᠤ ᠨᠣᠷᠮ᠎ᠠ ᠶᠢ ᠨᠢ ᠳᠡᠭᠡᠭᠰᠢᠯᠡᠭᠦᠯᠳᠡᠭ︾ ᠭᠡᠵᠦ ᠪᠠᠶᠢᠪᠠ᠃ | ᠤᠰᠤᠨ ᠤ ᠭᠠᠷᠤᠯᠳᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠨᠢ ᠳᠤᠯᠠᠭᠠᠨ ᠰᠠᠷᠠᠪᠴᠢ ᠶᠢᠨ | ᠡᠷᠭᠢᠯᠲᠡᠲᠦ ᠤᠰᠤᠨ ᠴᠥᠭᠦᠷᠥᠮ ᠢᠶᠠᠷ ᠲᠣᠮᠣ ᠰᠡᠯᠢᠭᠦᠷᠲᠦ ᠵᠢᠭᠠᠰᠤ ᠶᠢ ᠲᠥᠷᠥᠯ ᠬᠤᠪᠢᠶᠠᠨ ᠨᠡᠪᠴᠢᠭᠦᠯᠦᠨ ᠲᠡᠵᠢᠭᠡᠨ | ᠦᠷᠡᠵᠢᠭᠦᠯᠬᠦ ᠶᠢᠨ ᠬᠠᠮᠲᠤ ᠲᠣᠮᠣ ᠰᠡᠯᠢᠭᠦᠷᠲᠦ ᠵᠢᠭᠠᠰᠤ ᠶᠢᠨ ᠠᠮᠢᠳᠤ ᠪᠣᠳᠠᠰ ᠤᠨ ᠤᠬᠠᠭᠠᠨ ᠤ ᠣᠨᠴᠠᠯᠢᠭ ᠢ | ᠰᠤᠳᠤᠯᠤᠨ ᠪᠠᠶᠢᠴᠠᠭᠠᠬᠤ ᠪᠠ ᠬᠠᠷᠢᠴᠠᠭᠤᠯᠵᠤ᠂ ᠥᠰᠦᠯᠲᠡ ᠶᠢᠨ ᠬᠤᠷᠳᠤᠴᠠ ᠪᠠ ᠡᠭᠦᠯᠳᠡᠷ ᠢ ᠢᠯᠭᠠᠨ ᠲᠣᠳᠣᠯᠠᠵᠤ | ᠠᠩᠭᠢᠯᠠᠨ᠂ ᠹᠢᠽᠢᠺ ᠪᠠ ᠬᠢᠮᠢ ᠶᠢᠨ ᠡᠯᠧᠮᠧᠨ᠋ᠲ ᠤᠨ ᠲᠣᠰ ᠵᠢᠭᠠᠰᠤᠨ ᠳᠤ ᠦᠵᠡᠭᠦᠯᠬᠦ ᠨᠥᠯᠥᠭᠡ ᠶᠢ ᠬᠦᠢᠴᠡᠳ | ᠰᠤᠳᠤᠯᠵᠤ᠂ ᠬᠡᠭᠡᠷ᠎ᠡ ᠶᠢᠨ ᠵᠢᠭᠠᠰᠤᠨ ᠤ ᠲᠥᠷᠥᠯ ᠤᠨ ᠲᠤᠭ᠎ᠠ ᠬᠡᠮᠵᠢᠶ᠎ᠡ ᠪᠠᠭᠠᠰᠤᠭᠰᠠᠨ ᠤ ᠰᠢᠭᠤᠳ ᠰᠢᠯᠲᠠᠭᠠᠨ ᠢ | ᠵᠠᠳᠠᠯᠤᠨ ᠰᠢᠨᠵᠢᠯᠡᠬᠦ ᠪᠠᠷ ᠪᠤᠢ᠃ ᠣᠳᠣᠬᠠᠨ ᠳᠤ ᠲᠣᠮᠣ ᠰᠡᠯᠢᠭᠦᠷᠲᠦ ᠵᠢᠭᠠᠰᠤᠨ ᠳᠤ ᠬᠤᠶᠠᠷ ᠳᠡᠳ᠋ ᠲᠥᠷᠥᠯ | ᠪᠠᠶᠢᠬᠤ ᠶᠢ ᠢᠯᠡᠷᠡᠬᠦᠯᠵᠦ᠂ ᠮᠥᠨᠴᠦ ᠡᠳᠡᠭᠡᠷ ᠬᠤᠶᠠᠷ ᠳᠡᠳ᠋ ᠲᠥᠷᠥᠯ ᠤᠨ ᠦᠷᠡᠵᠢᠵᠦ ᠥᠨᠳᠡᠭᠡᠯᠡᠬᠦ ᠪᠠ | ᠠᠮᠢᠳᠤᠷᠠᠯ ᠤᠨ ᠵᠠᠩ ᠳᠠᠳᠬᠠᠯ ᠤᠨ ᠲᠤᠬᠠᠢ ᠵᠣᠬᠢᠬᠤ ᠬᠡᠮᠵᠢᠶᠠᠨ ᠤ ᠰᠤᠳᠤᠯᠭᠠᠨ ᠬᠢᠵᠦ ᠪᠠᠶᠢᠨ᠎ᠠ᠃ ᠡᠨᠡᠬᠦ ᠰᠠᠭᠤᠷᠢᠨ | ᠭᠠᠵᠠᠷ ᠢ ᠪᠠᠶᠢᠭᠤᠯᠤᠭᠰᠠᠨ ᠨᠢ ᠬᠥᠮᠥᠨ ᠤ ᠬᠦᠴᠦ ᠪᠠᠷ ᠨᠡᠪᠴᠢᠭᠦᠯᠦᠨ ᠠᠮᠢᠳᠤᠷᠠᠭᠤᠯᠬᠤ ᠨᠣᠷᠮ᠎ᠠ ᠶᠢ ᠪᠦᠲᠦᠮᠵᠢᠲᠡᠢ | ᠳᠡᠭᠡᠭᠰᠢᠯᠡᠭᠦᠯᠵᠦ᠂ ᠰᠣᠪᠨᠠᠭᠤᠷ ᠳᠤ ᠬᠥᠮᠥᠨ ᠤ ᠬᠦᠴᠦ ᠪᠠᠷ ᠶᠡᠭᠡ ᠬᠡᠪᠴᠢᠶ᠎ᠡ ᠪᠠᠷ ᠥᠷᠡᠵᠢᠬᠦᠯᠦᠨ᠂ ᠲᠣᠮᠣ | ᠰᠡᠯᠢᠭᠦᠷᠲᠦ ᠵᠢᠭᠠᠰᠤ ᠶᠢᠨ ᠪᠠᠶᠢᠭᠠᠯᠢ ᠶᠢᠨ ᠤᠰᠤᠨ ᠣᠷᠣᠨ ᠤ ᠲᠦᠷᠦᠯ ᠤᠨ ᠰᠦᠷᠦᠭ ᠤᠨ ᠲᠤᠭ᠎ᠠ ᠬᠡᠮᠵᠢᠶ᠎ᠡ ᠶᠢ | ᠰᠡᠷᠭᠦᠭᠡᠬᠦ ᠳᠤ ᠠᠰᠢᠭᠲᠠᠢ ᠤᠶᠢᠯᠡᠳᠣᠯ ᠥᠵᠡᠬᠦᠯᠬᠦ ᠪᠣᠯᠣᠨ᠎ᠠ᠃ |