ᠬᠠᠪᠤᠷ ᠤᠨ ᠤᠯᠠᠷᠢᠯ ᠤᠨ ᠬᠢᠵᠢᠭ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠪᠠᠯᠭᠠᠰᠤ ᠶᠢ ᠡᠭᠦᠳᠦᠨ ᠪᠠᠶᠢᠭᠤᠯᠬᠤ ᠳᠤ ᠬᠦᠴᠦᠨ ᠨᠠᠮᠠᠷᠢᠯᠡᠵᠦ᠂ ᠪᠠᠶᠠᠨᠲᠣᠣᠷᠠᠢ ᠰᠤᠮᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠮᠠᠯᠵᠢᠬᠤ ᠡᠷᠦᠬᠡ ᠳᠤ ᠭᠦᠨᠵᠡᠭᠡᠶᠢᠷᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/24
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠪᠦᠬᠦ ᠤᠯᠤᠰ ᠤᠨ︽ᠬᠤᠶᠠᠷ ᠬᠤᠷᠠᠯ︾᠎ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠮᠤᠷ ᠲᠦᠪᠰᠢᠨ ᠤ ᠲᠣᠣᠷ ᠢ ᠪᠠᠲᠤ ᠪᠠᠬᠢ ᠪᠠᠶᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠳᠤ ᠬᠦᠴᠦ ᠨᠡᠮᠡᠷᠢᠯᠡᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠪᠠᠶᠠᠨᠲᠥᠥᠷᠠᠢ ᠰᠤᠮᠤ ᠎ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠨᠡᠶᠢᠭᠡᠮ ᠤᠨ ᠠᠵᠢᠯ ᠤᠨ ᠥᠷᠲᠡᠭᠡ ᠪᠠ ᠡᠪᠯᠡᠯ ᠤᠨ ᠬᠤᠷᠢᠶ᠎ᠠ ᠨᠢ ᠰᠤᠮᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠲᠠᠢ ᠬᠠᠮᠵᠢᠯᠴᠠᠨ ᠬᠥᠳᠡᠯᠮᠦᠷᠢ ᠬᠦᠴᠦ ᠳᠤᠲᠠᠭᠳᠠᠵᠤ ᠪᠠᠶᠢᠭ᠎ᠠ ᠮᠠᠯᠴᠢᠳ ᠢ ᠬᠠᠪᠰᠤᠷᠴᠤ᠂ ᠬᠢᠵᠢᠭ ᠢ ᠰᠡᠷᠭᠡᠶᠢᠯᠡᠬᠦ ᠪᠠ ᠲᠡᠮᠡᠭᠡᠨ ᠨᠣᠣᠰᠣ ᠬᠠᠶᠢᠴᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠭᠰᠡᠨ ᠪᠠᠶᠢᠨ᠎ᠠ᠃      ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠳ ᠠᠵᠢᠯ ᠤᠨ ᠬᠤᠪᠢᠶᠠᠷᠢᠯᠠᠯ ᠢᠯᠡ ᠲᠣᠳᠣ ᠪᠠᠶᠢᠵᠤ᠂ ᠨᠢᠭᠡ ᠪᠦᠯᠦᠭ ᠨᠢ ᠮᠠᠯᠴᠢᠳ ᠢ ᠬᠠᠮᠵᠢᠨ ᠲᠡᠮᠡᠭᠡ ᠬᠠᠶᠢᠴᠢᠯᠠᠵᠤ᠂ ᠨᠥᠭᠦᠭᠡ ᠨᠢᠭᠡ ᠪᠦᠯᠦᠭ ᠨᠢ ᠭᠠᠴᠠᠭᠠᠨ ᠤ ᠬᠢᠵᠢᠭ ᠰᠡᠷᠭᠡᠶᠢᠯᠡᠬᠦ ᠠᠵᠢᠯᠲᠠᠳ ᠲᠠᠢ ᠬᠠᠮᠲᠤ ᠮᠠᠯ ᠤᠨ ᠬᠢᠵᠢᠭ ᠡᠪᠡᠳᠴᠢᠨ ᠤ ᠪᠠᠶᠢᠴᠠᠭᠠᠯᠲᠠ᠂ ᠴᠢᠰᠤᠨ ᠤ ᠦᠯᠢᠭᠡᠷ ᠠᠪᠬᠤ ᠪᠠ ᠸᠠᠺᠼᠢᠨ ᠲᠠᠷᠢᠬᠤ ᠠᠵᠢᠯ ᠢ ᠥᠷᠨᠢᠭᠦᠯᠪᠡ᠂ ᠬᠢᠵᠢᠭ ᠰᠡᠷᠭᠡᠶᠢᠯᠡᠬᠦ ᠠᠵᠢᠯᠲᠠᠨ ᠨᠢ ︽ᠰᠤᠮᠤᠨ ᠳᠤ ᠭᠠᠴᠠᠭ᠎ᠠ ᠣᠷᠬᠢᠭᠳᠠᠬᠤ ᠦᠭᠡᠢ᠂  ᠭᠠᠴᠠᠭᠠᠨ ᠳᠤ ᠡᠷᠦᠬᠡ ᠣᠷᠬᠢᠭᠳᠠᠬᠤ ᠦᠭᠡᠢ᠂ ᠡᠷᠦᠬᠡ ᠳᠤ ᠮᠠᠯ ᠣᠷᠬᠢᠭᠳᠠᠬᠤ ᠦᠭᠡᠢ᠂ ᠮᠠᠯ ᠳᠤ ᠲᠠᠷᠢᠯᠭ᠎ᠠ ᠣᠷᠬᠢᠭᠳᠠᠬᠤ ᠦᠭᠡᠢ︾ ᠪᠠᠶᠢᠬᠤ ᠵᠠᠷᠴᠢᠮ ᠤᠨ ᠶᠣᠰᠣᠭᠠᠷ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠮᠢᠲᠠᠨ ᠤ ᠬᠢᠵᠢᠭ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠠᠢ᠃ ᠡᠭᠦᠨ ᠤ ᠬᠠᠮᠲᠤ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠡᠷᠦᠬᠡ ᠳᠤ ᠭᠦᠨᠵᠡᠭᠡᠶᠢᠷᠡᠨ ᠤᠬᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ       ︽ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾᠂ ᠠᠮᠢᠲᠠᠨ ᠤ ᠬᠦᠨᠳᠦ ᠶᠡᠭᠡ ᠭᠡᠮ ᠬᠢᠵᠢᠭ ᠢ ᠰᠡᠷᠭᠡᠶᠢᠯᠡᠨ ᠬᠢᠵᠠᠭᠠᠷᠯᠠᠬᠤ ᠵᠢᠴᠢ ᠬᠥᠮᠥᠨ ᠮᠠᠯ ᠳᠤ ᠲᠣᠰᠳᠠᠭ ᠡᠪᠡᠳᠴᠢᠨ ᠤ ᠬᠤᠣᠷ ᠬᠥᠨᠥᠭᠡᠯ ᠵᠡᠷᠭᠡ ᠮᠡᠳᠡᠯᠭᠡ ᠶᠢ ᠶᠡᠬᠡᠪᠡᠷ ᠤᠬᠠᠭᠤᠯᠤᠨ᠂ ᠮᠠᠯᠴᠢᠨ ᠲᠠᠷᠢᠶᠠᠴᠢᠳ ᠤᠨ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠬᠢᠵᠠᠭᠠᠷᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃      ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠬᠤ ᠨᠢ ᠮᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠲᠠᠢ ᠨᠢᠭᠲᠠ ᠬᠤᠯᠪᠤᠭᠳᠠᠵᠤ᠂ ᠡᠳᠦᠭᠡ ᠪᠣᠯᠲᠠᠯ᠎ᠠ ᠪᠠᠶᠠᠨᠲᠣᠣᠷᠠᠢ ᠰᠤᠮᠤ ᠨᠢ ᠨᠢᠭᠡᠨᠲᠡ ᠲᠦᠮᠡ ᠭᠠᠷᠤᠢ ᠬᠤᠨᠢ᠂ 800 ᠭᠠᠷᠤᠢ ᠲᠡᠮᠡᠭᠡᠨ ᠤ ᠸᠠᠺᠼᠢᠨ ᠲᠠᠷᠢᠬᠤ ᠠᠵᠢᠯ ᠢ ᠠᠮᠵᠢᠯᠲᠠᠲᠠᠢ ᠪᠡᠶᠡᠯᠡᠭᠦᠯᠪᠡ᠃ ᠳᠠᠷᠠᠭ᠎ᠠ ᠠᠯᠬᠤᠮ ᠳᠤ᠂ ᠪᠠᠶᠠᠨᠲᠣᠣᠷᠠᠢ ᠰᠤᠮᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠦᠬᠦ ᠰᠤᠮᠤᠨ ᠤ ᠮᠠᠯ ᠠᠵᠤ ᠠᠬᠤᠢ ᠶᠢᠨ ᠡᠷᠡᠭᠦᠯ ᠲᠣᠭᠲᠠᠭᠤᠨ ᠬᠥᠭᠵᠢᠯᠲᠡ ᠶᠢ ᠬᠠᠮᠠᠭᠠᠯᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠤᠷᠤᠭᠰᠢᠲᠠᠢ ᠴᠣᠭᠴᠠᠯᠠᠨ ᠪᠠᠶᠢᠭᠤᠯᠬᠤ ᠶᠢ ᠠᠬᠢᠭᠤᠯᠤᠨ᠎ᠠ᠃                                                                              ᠣᠷᠴᠢᠭᠤᠯᠤᠭᠴᠢ᠄ ᠷᠢᠨᠴᠢᠨᠳᠤᠯᠮ᠎ᠠ ︵ᠪᠠᠶᠠᠨᠲᠤᠤᠷᠠᠢ ᠰᠤᠮᠤ︶                                                         
 
ᠢᠷᠡᠯᠲᠡ᠄ ᠪᠠᠶᠠᠨᠲᠤᠤᠷᠠᠢ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号