ᠡᠵᠡᠨ᠎ᠡ ᠬᠤᠰᠢᠭᠤ ᠪᠣᠷᠤᠯᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠵᠦ ᠣᠨᠴᠠᠯᠢᠭᠲᠤ ᠪᠦᠲᠦᠭᠡᠭᠳᠡᠬᠦᠨ ᠤ ᠬᠤᠣᠰ ᠴᠢᠭᠯᠡᠯ ᠤᠨ ᠭᠦᠢᠯᠭᠡᠭᠡ ᠶᠢ ᠲᠦᠷᠭᠡᠳᠬᠡᠬᠦ ᠳᠤ ᠰᠢᠨ᠎ᠡ ᠰᠠᠭᠤᠷᠢ ᠶᠢ ᠲᠠᠯᠪᠢᠪᠠ
ᠨᠡᠶᠢᠲᠡᠯᠡᠭᠰᠡᠨ ᠴᠠᠭ᠄
2023/5/31
      ᠪᠣᠷᠤᠯᠠᠭᠤᠯᠭ᠎ᠠ ᠶᠢᠨ ᠵᠠᠮ ᠢ ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ ᠣᠨᠴᠠᠯᠢᠭᠲᠤ ᠪᠦᠲᠦᠭᠡᠭᠳᠡᠬᠦᠨ ᠤ ᠬᠤᠣᠰ ᠴᠢᠭᠯᠡᠯ ᠤᠨ ᠭᠦᠢᠯᠭᠡᠭᠡ ᠶᠢ ᠲᠦᠷᠭᠡᠳᠬᠡᠵᠦ᠂ 5 ᠰᠠᠷ᠎ᠠ ᠶᠢᠨ 22᠎ ᠠᠴᠠ 23 ᠎ ᠤ ᠡᠳᠦᠷ ᠪᠣᠯᠲᠠᠯ᠎ᠠ᠂ ᠡᠵᠡᠨ᠎ᠡ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ 2023 ᠣᠨ ᠤ ᠪᠦᠬᠦ ᠤᠯᠤᠰ ᠤᠨ ᠣᠷᠣᠨ ᠨᠤᠲᠤᠭ ᠤᠨ ᠲᠡᠮᠳᠡᠭᠲᠦ ᠠᠮᠲᠠᠲᠤ ᠢᠳᠡᠭᠡᠨ ᠤ ᠬᠤᠭᠤᠯᠠ ᠪᠠᠵᠠᠭᠠᠬᠤ ᠤᠷᠤᠯᠳᠤᠭᠠᠨ ᠵᠢᠴᠢ ᠪᠠᠷᠠᠭᠤᠨ ᠬᠤᠶᠢᠲᠤ ᠶᠢᠨ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠴᠢᠨᠠᠷ ᠰᠠᠶᠢᠲᠠᠢ ᠢᠳᠡᠭᠡᠨ ᠤ ᠮᠠᠲ᠋ᠧᠷᠢᠶᠠᠯ ᠤᠨ ᠦᠵᠡᠰᠬᠦᠯᠡᠩ ᠳᠤ ᠣᠷᠣᠯᠴᠠᠵᠤ᠂ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠵᠢᠴᠢ ᠣᠨᠴᠠᠯᠢᠭᠲᠤ ᠠᠵᠤ ᠦᠢᠯᠡᠰ ᠢ ᠤᠬᠠᠭᠤᠯᠤᠨ ᠲᠠᠨᠢᠯᠴᠠᠭᠤᠯᠵᠤ᠂ ︽ᠨᠤᠲᠤᠭ ᠤᠨ ᠣᠨᠴᠠ ᠭᠠᠷᠤᠯᠲᠠ︾᠎ ᠶᠢᠨ ᠠᠵᠢᠯ ᠢ ᠰᠠᠶᠢᠲᠤᠷ ᠬᠢᠬᠦ ᠶᠢ ᠠᠬᠢᠭᠤᠯᠵᠤ᠂ ᠮᠠᠯᠴᠢᠨ ᠲᠠᠷᠢᠶᠠᠴᠢᠨ ᠳᠤ ᠴᠠᠭ ᠦᠶ᠎ᠡ ᠶᠢᠨ ᠠᠰᠢᠭ ᠲᠤᠰᠠ ᠶᠢ ᠡᠳ᠋ᠯᠡᠭᠦᠯᠵᠦ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠦᠨ᠎ᠡ᠃ ᠡᠨᠡ ᠬᠤᠭᠤᠴᠠᠭᠠᠨ ᠳᠤ᠂ ᠡᠵᠡᠨ᠎ᠡ ᠬᠤᠰᠢᠭᠤᠨ ᠳᠤ ᠰᠢᠭᠤᠳ ᠨᠡᠪᠲᠡᠷᠡᠭᠦᠯᠭᠡ ᠶᠢᠨ ᠪᠠᠷᠠᠭ᠎ᠠ ᠠᠪᠴᠤ ᠶᠠᠪᠤᠬᠤ ᠳᠡᠯᠭᠡᠨ ᠦᠵᠡᠭᠦᠯᠬᠦ ᠪᠠᠶᠢᠷᠢ 1᠂ ᠦᠵᠡᠭᠦᠯᠦᠯᠭᠡ ᠳᠤ ᠣᠷᠣᠯᠴᠠᠭᠰᠠᠨ ᠦᠢᠯᠡᠳᠬᠦᠨ 20᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠦᠢᠯᠡᠳᠬᠦᠨ 15 ᠪᠠᠶᠢᠵᠤ᠂ ᠰᠢᠭᠤᠳ ᠨᠡᠪᠲᠡᠷᠡᠭᠦᠯᠭᠡ ᠶᠢ ᠦᠵᠡᠭᠰᠡᠨ ᠬᠥᠮᠥᠨ 6 ᠮᠢᠩᠭ᠎ᠠ ᠭᠠᠷᠤᠢ  ᠳᠤ ᠬᠦᠷᠴᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠷᠤᠯᠠᠭᠤᠯᠭ᠎ᠠ ᠶᠢᠨ ᠶᠡᠷᠦᠩᠬᠡᠢ ᠬᠡᠮᠵᠢᠶ᠎ᠡ 4.7 ᠲᠦᠮᠡ ᠭᠠᠷᠤᠢ ᠲᠥᠭᠦᠷᠢᠭ ᠲᠤ ᠬᠦᠷᠪᠡ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号