ᠮᠠᠨ ᠤ ᠬᠤᠰᠢᠭᠤᠨ ᠤ ᠠᠩᠬᠠᠳᠠᠭᠴᠢ ︽ᠵᠢᠦᠢ ᠶᠠᠨ ᠤ ᠠᠯᠪᠠᠨ ᠴᠠᠭᠳᠠᠭ᠎ᠠ︾᠎ ᠶᠢᠨ ᠠᠩᠭᠢ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/5/5
      ᠤᠶᠢᠷ᠎ᠠ ᠶᠢᠨ ᠡᠳᠦᠷ᠂  ᠮᠠᠨ ᠤ ᠬᠤᠰᠢᠭᠤ ︽ᠵᠢᠦᠢ ᠶᠠᠨ ᠤ ᠠᠯᠪᠠᠨ ᠴᠠᠭᠳᠠᠭ᠎ᠠ︾᠎ ᠶᠢᠨ ᠠᠩᠭᠢ ᠪᠠᠶᠢᠭᠤᠯᠤᠭᠳᠠᠬᠤ ᠶᠣᠰᠣᠯᠠᠯ ᠢ ᠶᠠᠪᠤᠭᠳᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ       ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠭᠤᠣ ᠯᠸᠢ ᠶᠣᠰᠣᠯᠠᠯ ᠳᠤ ᠣᠷᠣᠯᠴᠠᠨ ᠶᠠᠷᠢᠵᠤ ᠲᠠᠯᠪᠢᠵᠤ᠂ ᠬᠤᠰᠢᠭᠤᠨ ᠤ ᠳᠡᠳ᠋ ᠳᠠᠷᠤᠭ᠎ᠠ᠂ ᠳᠣᠲᠣᠭᠠᠳᠣ ᠶᠢ ᠬᠠᠮᠠᠭᠠᠯᠠᠬᠤ ᠲᠣᠪᠴᠢᠶᠠᠨ ᠤ ᠨᠠᠮ ᠤᠨ ᠡᠭᠦᠷ ᠤᠨ ᠱᠦᠵᠢ᠂ ᠲᠣᠪᠴᠢᠶᠠᠨ ᠳᠠᠷᠤᠭ᠎ᠠ ᠬᠥᠬᠡ ᠶᠣᠰᠣᠯᠠᠯ ᠢ ᠡᠷᠬᠢᠯᠡᠨ᠂ ᠬᠤᠰᠢᠭᠤᠨ ᠤ ᠳᠣᠲᠤᠭᠠᠲᠤ ᠶᠢ ᠬᠠᠮᠠᠭᠠᠯᠠᠬᠤ ᠲᠣᠪᠴᠢᠶᠠᠨ ᠤ ᠪᠦᠬᠦ ᠴᠠᠭᠳᠠᠭ᠎ᠠ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠭᠵᠢᠬᠦᠯᠬᠦ       ᠲᠥᠪ ᠤᠨ ᠲᠤᠤᠷᠵᠢᠯ ᠬᠠᠮᠢᠶᠠᠷᠤᠯᠲᠠ ᠶᠢᠨ ᠠᠵᠢᠯᠲᠠᠳ ᠶᠣᠰᠣᠯᠠᠯ ᠳᠤ ᠣᠷᠣᠯᠴᠠᠪᠠ᠃      ᠶᠣᠰᠣᠯᠠᠯ ᠳᠤ᠂ ᠬᠤᠰᠢᠭᠤᠨ ᠤ ᠳᠣᠲᠤᠭᠠᠲᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠡᠭᠦᠷ ᠤᠨ ᠳᠡᠳ᠋ ᠱᠦᠵᠢ᠂ ᠤᠯᠤᠰ ᠲᠥᠷᠥ ᠶᠢᠨ ᠭᠡᠰᠢᠭᠦᠨ ᠰᠦᠨ ᠱᠠᠨ ᠴᠢᠨ ᠲᠤᠤᠷᠵᠢᠯ ᠬᠠᠮᠢᠶᠠᠷᠤᠯᠲᠠ ᠶᠢᠨ ᠠᠵᠢᠯᠲᠠᠨ ᠳᠤ       ︽ᠵᠢᠦᠢ ᠶᠠᠨ ᠤ ᠠᠯᠪᠠᠨ ᠴᠠᠭᠳᠠᠭ᠎ᠠ︾᠎ ᠶᠢᠨ ᠭᠠᠷ ᠤᠨ ᠲᠡᠮᠳᠡᠭ ᠵᠡᠭᠦᠯᠭᠡᠵᠦ᠂  ︽ᠵᠢᠦᠢ ᠶᠠᠨ ᠤ ᠠᠯᠪᠠᠨ       ᠴᠠᠭᠳᠠᠭ᠎ᠠ︾᠎ ᠶᠢᠨ ᠲᠥᠯᠥᠭᠡᠯᠡᠭᠴᠢ ᠠᠴᠠ ᠬᠥᠮᠥᠨ ᠰᠠᠶᠢᠨ ᠲᠠᠨᠢᠵᠤ᠂ ᠭᠠᠵᠠᠷ ᠮᠡᠳᠡᠨ᠂ ᠪᠠᠶᠢᠳᠠᠯ ᠢ ᠤᠶᠢᠯᠠᠭᠠᠳᠠᠭ ᠳᠠᠪᠠᠭᠤᠯᠢᠭ ᠢᠶᠠᠨ ᠪᠠᠳᠠᠷᠠᠭᠤᠯᠤᠨ᠂ ᠰᠡᠷᠭᠡᠶᠢᠯᠡᠨ ᠵᠠᠰᠠᠬᠤ ᠪᠠ ᠲᠤᠰᠠᠯᠠᠬᠤ ᠴᠢᠨᠠᠷᠲᠠᠢ ᠴᠠᠭᠳᠠᠭ᠎ᠠ ᠶᠢᠨ ᠠᠵᠢᠯ ᠢ ᠰᠠᠶᠢᠲᠤᠷ ᠬᠢᠵᠦ᠂ ᠬᠠᠮᠲᠤᠪᠠᠷ ᠴᠡᠭᠴᠡᠯᠡᠨ ᠵᠠᠰᠠᠵᠤ ᠬᠠᠮᠲᠤᠪᠠᠷ ᠡᠳ᠋ᠯᠡᠬᠦ ᠨᠡᠶᠢᠭᠡᠮ ᠤᠨ ᠪᠠᠶᠢᠳᠠᠯ ᠢ ᠪᠤᠢ ᠪᠣᠯᠭᠠᠬᠤ ᠳᠤ ᠬᠦᠴᠦᠨ ᠨᠡᠮᠡᠷᠢᠯᠡᠨ᠎ᠡ ᠭᠡᠵᠦ ᠣᠪᠣᠷ ᠢᠶᠠᠨ ᠢᠯᠡᠳᠬᠡᠪᠡ᠃ ︽ᠵᠢᠦᠢ ᠶᠠᠨ ᠤ ᠠᠯᠪᠠᠨ ᠴᠠᠭᠳᠠᠭ᠎ᠠ︾᠎ ᠶᠢᠨ ᠠᠩᠭᠢ ᠪᠠᠶᠢᠭᠤᠯᠤᠭᠳᠠᠭᠰᠠᠨ ᠨᠢ ᠲᠤᠤᠷᠵᠢᠯ ᠬᠠᠮᠶᠠᠷᠤᠯᠲᠠ ᠶᠢᠨ ᠠᠵᠢᠯᠲᠠᠨ ᠳᠤ ᠰᠢᠨ᠎ᠡ ᠡᠭᠦᠷᠭᠡ ᠲᠤᠰᠢᠶᠠᠯ ᠢ ᠣᠯᠭᠤᠵᠤ᠂ ᠦᠨᠳᠦᠰᠦᠨ ᠱᠠᠲᠤᠨ ᠤ ᠲᠤᠤᠷᠵᠢᠯ ᠬᠠᠮᠢᠶᠠᠷᠤᠯᠲᠠ ᠶᠢᠨ ᠠᠵᠢᠯᠲᠠᠨ ᠤ ᠨᠠᠶᠢᠭᠡᠮ ᠤᠨ ᠪᠠᠶᠢᠳᠠᠯ ᠠᠷᠠᠳ ᠤᠨ       ᠬᠦᠰᠡᠯ ᠢ ᠴᠤᠭᠯᠠᠭᠤᠯᠬᠤ᠂ ᠵᠥᠷᠢᠴᠡᠯ ᠵᠢᠭᠤᠷᠠᠯᠳᠤᠭᠠᠨ ᠢ ᠨᠠᠮᠬᠠᠳᠬᠠᠬᠤ᠂ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠳᠤ ᠦᠢᠯᠡᠳᠦᠯ ᠢᠶᠠᠨ ᠪᠠᠳᠠᠷᠠᠭᠤᠯᠤᠨ᠂ ᠪᠠᠷᠢᠮᠵᠢᠶᠠᠵᠢᠭᠰᠠᠨ ᠲᠥᠯᠦᠭᠡᠯᠡᠬᠦ ᠴᠢᠨᠠᠷᠲᠠᠢ ᠠᠯᠪᠠᠨ ᠵᠢᠷᠦᠮ ᠤᠨ ᠴᠠᠭᠳᠠᠭᠠᠨ ᠤ ᠡᠩᠨᠡᠭᠡ ᠪᠣᠯᠵᠤ᠂ ᠡᠩᠬᠡ ᠲᠠᠶᠢᠪᠤᠩ ᠡᠵᠡᠨ᠎ᠡ ᠶᠢᠨ ᠪᠦᠲᠦᠭᠡᠨ       ᠪᠠᠶᠢᠭᠤᠯᠤᠯᠲᠠ ᠳᠤ ᠬᠦᠴᠦ ᠪᠠᠨ ᠡᠷᠭᠦᠬᠦ ᠶᠤᠮ᠃      ᠰᠠᠶᠢᠬᠠᠨᠲᠣᠣᠷᠠᠢ ᠵᠠᠮ ᠨᠡᠶᠢᠭᠡᠮ ᠲᠤᠭᠤᠷᠢᠭ ᠤᠨ ᠲᠤᠤᠷᠵᠢᠯ ᠬᠠᠮᠢᠶᠠᠷᠤᠯᠲᠠ ᠶᠢᠨ ᠳᠤᠭᠤᠶᠢᠯᠠᠩ ᠤᠨ ᠳᠠᠷᠤᠭ᠎ᠠ ᠯᠢ ᠵᠢᠶᠦ᠋ᠨ᠄ ︽ᠪᠢᠳᠡ ᠳᠣᠲᠤᠭᠠᠲᠤ ᠶᠢ ᠬᠠᠮᠠᠭᠠᠯᠠᠬᠤ ᠴᠠᠭᠳᠠᠭ᠎ᠠ ᠨᠠᠷ ᠲᠠᠢ ᠢᠳᠡᠪᠬᠢᠲᠠᠢ ᠬᠠᠮᠵᠢᠯᠴᠠᠨ᠂ ᠬᠠᠮᠲᠤᠪᠠᠷ ᠠᠮᠤᠷ ᠢ ᠬᠠᠮᠠᠭᠠᠯᠠᠬᠤ ᠤᠬᠠᠭᠤᠯᠭ᠎ᠠ ᠬᠢᠬᠦ᠂ ᠨᠡᠶᠢᠭᠡᠮ ᠤᠨ ᠴᠠᠭᠳᠠᠨ ᠪᠠᠶᠢᠴᠠᠭᠠᠯᠲᠠ᠂ ᠵᠢᠭᠤᠷᠠᠯᠳᠤᠭᠠᠨ ᠢ ᠰᠡᠢᠳᠪᠦᠷᠢᠯᠡᠬᠦ ᠵᠡᠷᠭᠡ ᠠᠵᠢᠯ ᠢ ᠥᠷᠨᠢᠭᠦᠯᠦᠨ᠂ ᠡᠵᠡᠨ᠎ᠡ ᠶᠢᠨ ᠡᠩᠬᠡ ᠠᠮᠤᠭᠤᠯᠠᠩ ᠢ ᠬᠠᠮᠠᠭᠠᠯᠠᠵᠤ᠂ ᠣᠯᠠᠨ       ᠲᠦᠮᠡᠨ ᠳᠤ ᠦᠢᠯᠡᠴᠢᠯᠡᠨ᠂ ᠲᠤᠤᠷᠵᠢᠯ ᠬᠠᠮᠢᠶᠠᠷᠤᠯᠲᠠ ᠶᠢᠨ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠨ ᠭᠦᠢᠴᠡᠳᠭᠡᠨ᠎ᠡ︾ ᠭᠡᠪᠡ᠃      ᠳᠠᠯᠠᠶᠢᠬᠦ᠋ᠪ ᠪᠠᠯᠭᠠᠰᠤᠨ ᠤ ᠲᠤᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠨᠢᠶᠧ ᠵᠧᠩ ᠹᠧᠢ᠄ ︽ᠨᠢᠭᠡᠨ ᠳᠤᠲᠤᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠤᠯᠤᠭᠰᠠᠨ ᠤ ᠬᠤᠪᠢ ᠳᠤ ᠲᠤᠤᠷᠵᠢᠯ ᠬᠠᠮᠢᠶᠠᠷᠤᠯᠲᠠ ᠶᠢᠨ ᠠᠵᠢᠯᠲᠠᠳ ᠲᠠᠢ ᠰᠠᠶᠢᠲᠦᠷ ᠬᠠᠮᠵᠢᠯᠴᠠᠨ ᠠᠵᠢᠯᠯᠠᠵᠤ᠂ ᠴᠠᠭᠳᠠᠭᠠᠨ ᠤ ᠰᠦᠯᠵᠢᠶ᠎ᠡ ᠶᠢᠨ ᠤᠯᠠᠨ ᠢᠶᠠᠷ ᠢᠶᠠᠨ ᠵᠠᠰᠠᠵᠤ ᠤᠯᠠᠨ ᠢᠶᠠᠷ ᠢᠶᠠᠨ ᠰᠡᠷᠭᠡᠶᠢᠯᠡᠬᠦ ᠬᠦᠴᠦᠨ ᠢ ᠪᠤᠢ ᠪᠤᠯᠭᠠᠨ᠂ ᠡᠵᠡᠨ᠎ᠡ ᠬᠤᠰᠢᠭᠤᠨ ᠤ ᠠᠷᠠᠳ ᠢᠷᠭᠡᠳ ᠲᠤ ᠡᠩᠬᠡ ᠲᠠᠶᠢᠪᠤᠩ ᠢ ᠠᠪᠴᠦ ᠢᠷᠡᠬᠦ ᠪᠠᠷ ᠴᠢᠷᠮᠠᠶᠢᠨ ᠠᠵᠢᠯᠯᠠᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号