ᠦᠰᠦᠭ ᠪᠢᠴᠢᠭ ᠢᠶᠠᠷ ᠥᠭᠦᠯᠡᠬᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠥᠨᠳᠥᠷ ᠪᠦᠲᠦᠮᠵᠢᠲᠡᠢ ᠪᠠᠷ  ᠵᠣᠯᠭᠠᠭᠤᠯᠵᠤ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠬᠤ ᠬᠡᠷᠡᠭᠵᠢᠭᠦᠯᠬᠦ ᠲᠥᠰᠥᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/5/6
      2022 ᠣᠨ ᠤ 12 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ  ᠬᠠᠯᠠᠮᠰᠢᠯ ᠤᠲᠠᠰᠤ ᠪᠣᠯᠣᠨ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠥᠨᠳᠥᠷ ᠪᠦᠲᠦᠮᠵᠢᠲᠡᠢ ᠪᠠᠷ ᠵᠣᠯᠭᠠᠭᠤᠯᠵᠤ ᠬᠤᠯᠪᠤᠭᠠᠯᠠᠨ  ᠬᠥᠳᠡᠯᠦᠯᠴᠡᠬᠦ ᠶᠢ ᠠᠬᠢᠭᠤᠯᠬᠤ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 89 ᠳ᠋ᠦ᠋ᠭᠡᠷ ᠲᠣᠭᠠᠲᠤ︶᠎ ᠢ ᠳᠠᠷᠤᠮᠠᠯᠯᠠᠨ  ᠲᠠᠷᠬᠠᠭᠠᠪᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ︵ᠳᠣᠷᠣᠭᠰᠢ 12345 ᠭᠡᠵᠦ  ᠲᠣᠪᠴᠢᠯᠠᠨ᠎ᠠ︶ ᠪᠠ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ︵ᠳᠣᠷᠣᠭᠰᠢ 110 ᠭᠡᠵᠦ ᠲᠣᠪᠴᠢᠯᠠᠨ᠎ᠠ︶᠎ ᠤᠨ ᠬᠠᠮᠵᠢᠯᠴᠠᠨ ᠦᠢᠯᠡᠴᠢᠯᠡᠬᠦ  ᠦᠢᠯᠡᠳᠦᠯ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠥᠯᠢᠶᠡᠨ ᠠᠪᠴᠤ ᠰᠢᠢᠳᠪᠦᠷᠢᠯᠡᠬᠦ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ᠂ ᠵᠣᠯᠭᠠᠭᠤᠯᠵᠤ  ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠰᠲ᠋ᠧᠮ ᠤᠨ ᠲᠤᠯᠭᠠᠭᠤᠷᠢᠯᠠᠯ ᠪᠠ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠵᠦ  ᠬᠡᠷᠡᠭᠯᠡᠬᠦ ᠶᠢ ᠴᠢᠩᠭᠠᠳᠬᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠢ ᠳᠣᠣᠷᠠᠬᠢ ᠮᠡᠲᠦ  ᠲᠠᠶᠢᠯᠤᠮᠵᠢ ᠬᠢᠪᠡ᠄      ᠨᠢᠭᠡ᠂ 12345 ᠎ ᠨᠢ ᠶᠠᠭᠠᠬᠢᠭᠠᠳ 110 ᠎ ᠲᠠᠢ ᠬᠤᠯᠪᠤᠭᠠᠯᠠᠨ ᠬᠥᠳᠡᠯᠦᠯᠴᠡᠬᠦ ᠬᠡᠷᠡᠭᠲᠡᠢ ᠪᠤᠢ︖       ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ ᠢᠯᠭᠠᠨ ᠲᠣᠳᠣᠷᠬᠠᠶᠢᠯᠠᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ᠂  ᠰᠢᠰᠲ᠋ᠧᠮ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠠᠴᠢᠮ ᠪᠤᠰᠤ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ ᠪᠠ  ᠴᠠᠭᠳᠠᠭᠠᠨ ᠤ ᠶᠠᠪᠤᠳᠠᠯ ᠤᠨ ᠵᠦᠢᠯᠡᠰ ᠢ ᠰᠢᠰᠲ᠋ᠧᠮᠵᠢᠭᠦᠯᠦᠨ ᠬᠠᠮᠢᠶᠠᠷᠴᠤ᠂ ᠪᠠᠴᠢᠮ ᠲᠦᠷᠦᠯ ᠳᠤ ᠪᠠᠭᠲᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠮᠣᠳᠠᠯ  ᠱᠠᠭᠠᠷᠳᠠᠯᠭ᠎ᠠ ᠶᠢ ᠬᠤᠯᠪᠤᠭᠠᠯᠠᠨ ᠬᠥᠳᠡᠯᠦᠯᠴᠡᠵᠦ ᠰᠢᠢᠳᠪᠦᠷᠢᠯᠡᠬᠦ ᠶᠢ ᠠᠬᠢᠭᠤᠯᠵᠤ᠂ ᠤᠯᠠᠨ ᠲᠦᠮᠡᠨ ᠳᠤ ᠨᠡᠩ ᠲᠤᠰᠬᠠᠶᠢᠵᠢᠭᠰᠠᠨ ᠪᠥᠭᠡᠳ ᠲᠦᠷᠭᠡᠨ ᠰᠢᠭᠤᠷᠬᠠᠢ  ᠦᠢᠯᠡᠴᠢᠯᠡᠭᠡ ᠦᠵᠡᠭᠦᠯᠬᠦ ᠶᠢ ᠪᠠᠲᠤᠯᠠᠵᠤ᠂ ᠵᠠᠰᠠᠭ ᠤᠨ ᠣᠷᠳᠣᠨ ᠤ ᠬᠠᠮᠢᠶᠠᠷᠤᠯᠲᠠ ᠪᠠ ᠦᠢᠯᠡᠴᠢᠯᠡᠭᠡ ᠳᠤ ᠬᠤᠯᠪᠣᠭᠳᠠᠭᠰᠠᠨ ᠪᠠᠴᠢᠮ ᠪᠤᠰᠤ ᠭᠤᠮᠣᠳᠠᠯ  ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ ᠰᠢᠢᠳᠪᠦᠷᠢᠯᠡᠬᠦ ᠶᠢ ᠠᠬᠢᠭᠤᠯᠵᠤ᠂ ᠰᠠᠯᠠᠭ᠎ᠠ ᠮᠥᠴᠢᠷ ᠤᠳ ᠤᠨ ᠥᠨᠳᠥᠷ ᠪᠦᠲᠦᠮᠵᠢᠲᠡᠢ ᠪᠠᠷ ᠬᠠᠮᠵᠢᠯᠴᠠᠨ ᠡᠭᠦᠷᠭᠡ  ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ 110᠎ ᠠᠴᠠ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂  ᠲᠤᠯᠭᠠᠮ᠎ᠠ ᠪᠥᠭᠡᠳ ᠠᠶᠤᠯ ᠲᠠᠢ ᠰᠡᠷᠡᠮᠵᠢ ᠶᠢᠨ ᠪᠠᠶᠢᠳᠠᠯ  ᠢ ᠴᠠᠭ ᠲᠤᠬᠠᠢ ᠳᠤ ᠎ ᠨᠢ ᠰᠢᠢᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠨᠡᠩ  ᠰᠠᠶᠢᠲᠤᠷ ᠬᠠᠮᠠᠭᠠᠯᠠᠬᠤ ᠶᠢᠨ ᠲᠤᠰᠠᠳᠠ ᠶᠤᠮ᠃      ᠬᠤᠶᠠᠷ᠂ 12345 ᠬᠠᠯᠠᠮᠰᠢᠯ ᠤᠲᠠᠰᠤ ᠎ ᠨᠢ ᠶᠠᠮᠠᠷ ᠬᠡᠷᠡᠭ ᠶᠠᠪᠤᠳᠠᠯ ᠢ ᠬᠠᠮᠢᠶᠠᠷᠳᠠᠭ ᠪᠤᠢ︖       12345 ᠬᠠᠯᠠᠮᠰᠢᠯ ᠤᠲᠠᠰᠤ ᠎ ᠨᠢ ᠠᠵᠤ ᠠᠬᠤᠶᠢᠯᠠᠯ ᠪᠠ ᠣᠯᠠᠨ ᠲᠦᠮᠡᠨ ᠤ ᠠᠵᠤ ᠠᠬᠤᠢ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ  ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ  ᠬᠦᠷᠢᠶᠡᠨ ᠳᠠᠬᠢ ᠠᠰᠠᠭᠤᠨ ᠯᠠᠪᠯᠠᠭ᠎ᠠ᠂ ᠪᠠᠴᠢᠮ ᠪᠤᠰᠤ ᠲᠤᠰᠠᠯᠠᠮᠵᠢ ᠭᠤᠶᠤᠴᠢᠯᠠᠯᠲᠠ᠂ ᠭᠤᠮᠣᠳᠠᠯ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠪᠠ ᠰᠠᠨᠠᠯ ᠰᠠᠨᠠᠭᠤᠯᠭ᠎ᠠ  ᠵᠡᠷᠭᠡ ᠶᠢ ᠭᠥᠯᠢᠶᠡᠨ ᠠᠪᠴᠤ ᠰᠢᠢᠳᠪᠦᠷᠢᠯᠡᠨ᠎ᠡ᠃       ᠵᠠᠭᠠᠯᠳᠤᠬᠤ᠂ ᠬᠥᠨᠳᠡᠯᠡᠨ ᠠᠴᠠ ᠲᠠᠰᠤᠯᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠰᠠᠭ ᠤᠨ  ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ ᠵᠡᠷᠭᠡ ᠵᠢᠷᠤᠮ ᠢᠶᠠᠷ ᠰᠢᠢᠳᠪᠦᠷᠢᠯᠡᠬᠦ ᠵᠦᠢᠯᠡᠰ᠂ ᠨᠢᠭᠡᠨᠲᠡ ᠵᠠᠬᠢᠳᠠᠯ ᠰᠣᠷᠪᠤᠯᠵᠢᠯᠠᠭ᠎ᠠ ᠶᠢᠨ ᠵᠠᠮ ᠳᠤ ᠣᠷᠣᠭᠰᠠᠨ  ᠵᠦᠢᠯᠡᠰ ᠵᠢᠴᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠪᠠ ᠨᠡᠶᠢᠭᠡᠮ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ  ᠬᠡᠪ ᠵᠠᠩᠰᠢᠯ ᠢ ᠵᠥᠷᠢᠴᠡᠭᠰᠡᠨ ᠵᠦᠢᠯᠡᠰ ᠵᠡᠷᠭᠡ ᠨᠢ 12345 ᠬᠠᠯᠠᠮᠰᠢᠯ ᠤᠲᠠᠰᠤᠨ ᠤ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ᠃       ᠭᠤᠷᠪᠠ᠂ 110 ᠎ ᠨᠢ ᠶᠠᠮᠠᠷ ᠬᠡᠷᠡᠭ ᠶᠠᠪᠤᠳᠠᠯ ᠢ ᠬᠠᠮᠢᠶᠠᠷᠳᠠᠭ ᠪᠤᠢ︖       ᠡᠷᠡᠭᠦᠦ ᠶᠢᠨ ᠬᠡᠷᠡᠭ ᠤᠨ ᠲᠦᠷᠦᠯ ᠤᠨ ᠰᠡᠷᠡᠮᠵᠢ ᠶᠢᠨ ᠪᠠᠶᠢᠳᠠᠯ᠂ ᠠᠮᠤᠷ ᠢ ᠬᠠᠮᠠᠭᠠᠯᠠᠬᠤ ᠲᠦᠷᠦᠯ ᠤᠨ ᠰᠡᠷᠡᠮᠵᠢ ᠶᠢᠨ ᠪᠠᠶᠢᠳᠠᠯ᠂ ᠵᠠᠮ ᠬᠠᠷᠢᠯᠴᠠᠭᠠᠨ ᠤ  ᠲᠦᠷᠦᠯ ᠤᠨ ᠰᠡᠷᠡᠮᠵᠢ ᠶᠢᠨ ᠪᠠᠶᠢᠳᠠᠯ᠂ ᠬᠥᠮᠥᠨ ᠤ ᠪᠡᠶ᠎ᠡ ᠪᠠ ᠡᠳ᠋ ᠬᠥᠷᠥᠩᠭᠡ ᠶᠢᠨ ᠠᠮᠤᠷ ᠲᠦᠪᠰᠢᠨ ᠪᠤᠶᠤ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠳᠤ  ᠠᠶᠤᠯ ᠬᠥᠨᠥᠭᠡᠯ ᠤᠴᠠᠷᠠᠭᠤᠯᠤᠭᠰᠠᠨ ᠣᠯᠠᠨ ᠨᠠᠶᠢᠳᠠ ᠶᠢᠨ ᠴᠢᠨᠠᠷᠲᠠᠢ ᠬᠡᠷᠡᠭ ᠵᠢᠴᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ  ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠢᠳᠪᠦᠷᠢᠯᠡᠬᠦ ᠴᠢᠬᠤᠯᠠᠲᠠᠢ ᠪᠤᠰᠤᠳ ᠴᠠᠭᠳᠠᠭ᠎ᠠ ᠳᠤ ᠮᠡᠳᠡᠭᠦᠯᠦᠭᠰᠡᠨ ᠬᠡᠷᠡᠭ︔ ᠤᠯᠠᠨ ᠨᠡᠶᠢᠲᠡ ᠶᠢᠨ  ᠪᠡᠯᠡᠳᠬᠡᠮᠵᠢ ᠶᠢᠨ ᠲᠦᠭᠰᠢᠭᠦᠷᠢᠲᠦ ᠪᠠᠶᠢᠳᠠᠯ᠂ ᠭᠠᠢ ᠭᠠᠮᠰᠢᠭ ᠡᠡ᠊ᠨᠳᠡᠯ ᠵᠢᠴᠢ ᠬᠥᠮᠥᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ᠂ ᠤᠯᠠᠨ  ᠨᠡᠶᠢᠲᠡ ᠶᠢᠨ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠤᠭᠰᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠣᠷᠣᠯᠴᠠᠵᠤ ᠰᠢᠢᠳᠪᠦᠷᠢᠯᠡᠬᠦ ᠴᠢᠬᠤᠯᠠᠲᠠᠢ  ᠪᠤᠰᠤᠳ ᠪᠠᠴᠢᠮ ᠲᠤᠰᠠᠯᠠᠮᠵᠢ ᠭᠤᠶᠤᠴᠢᠯᠠᠯᠲᠠ︔ ᠶᠠᠭ ᠡᠭᠦᠰᠴᠦ ᠪᠠᠶᠢᠭ᠎ᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠬᠠᠤᠯᠢ  ᠰᠠᠬᠢᠯᠭ᠎ᠠ ᠶᠢ ᠵᠥᠷᠢᠴᠡᠭᠰᠡᠨ ᠪᠤᠶᠤ ᠬᠠᠷᠢᠭᠤᠴᠠᠯᠭ᠎ᠠ ᠠᠯᠳᠠᠭᠰᠠᠨ ᠠᠵᠢᠯᠯᠠᠭ᠎ᠠ ᠶᠢᠨ ᠲᠤᠬᠠᠢ ᠵᠠᠭᠠᠯᠳᠤᠯᠭ᠎ᠠ᠃       ᠳᠥᠷᠪᠡ᠂ 12345 ᠪᠣᠯᠣᠨ 110 ᠬᠡᠷᠬᠢᠨ ᠬᠤᠯᠪᠤᠭᠠᠯᠠᠨ ᠬᠥᠳᠡᠯᠦᠯᠴᠡᠬᠦ ᠪᠤᠢ︖       12345 ᠎ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠤᠯᠪᠣᠭᠳᠠᠭᠰᠠᠨ ᠭᠤᠮᠣᠳᠠᠯ ᠵᠠᠭᠠᠯᠳᠤᠯᠭ᠎ᠠ ᠶᠢᠨ ᠵᠦᠢᠯᠡᠰ ᠪᠤᠶᠤ ᠪᠠᠴᠢᠮ ᠲᠤᠰᠠᠯᠠᠮᠵᠢ  ᠭᠤᠶᠤᠴᠢᠯᠠᠯᠲᠠ ᠶᠢ ᠭᠥᠯᠢᠶᠡᠨ ᠠᠪᠴᠤ᠂ 110 ᠎ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠬᠤᠯᠪᠣᠭᠳᠠᠭᠰᠠᠨ ᠭᠤᠮᠣᠳᠠᠯ ᠵᠠᠭᠠᠯᠳᠤᠯᠭ᠎ᠠ  ᠶᠢ ᠭᠥᠯᠢᠶᠡᠨ ᠠᠪᠴᠤ᠂  ᠬᠤᠯᠪᠤᠭᠠᠯᠠᠨ ᠬᠥᠳᠡᠯᠦᠯᠴᠡᠬᠦ ᠠᠵᠢᠯᠯᠠᠭᠠᠨ ᠤ ᠲᠣᠭᠲᠠᠴᠠ ᠶᠢ ᠡᠬᠢᠯᠡᠭᠦᠯᠵᠦ᠂ ᠨᠢᠭᠡ ᠲᠣᠪᠴᠢ ᠪᠠᠷ ᠳᠠᠮᠵᠢᠭᠤᠯᠤᠨ ᠵᠠᠯᠭᠠᠬᠤ᠂ ᠭᠤᠷᠪᠠᠨ ᠲᠠᠯ᠎ᠠ ︵ᠭᠤᠮᠣᠳᠠᠯ  ᠵᠠᠭᠠᠯᠳᠤᠯᠭ᠎ᠠ ᠢᠷᠡᠭᠦᠯᠦᠭᠰᠡᠨ ᠲᠠᠯ᠎ᠠ᠂ 110᠂ 12345︶ ᠤᠲᠠᠰᠤ ᠪᠠᠷ ᠬᠤᠯᠪᠣᠭᠳᠠᠬᠤ᠂ ᠲᠤᠰᠬᠠᠢ ᠰᠠᠭᠤᠳᠠᠯ ᠢᠶᠠᠷ ᠬᠤᠯᠪᠤᠭᠠᠯᠠᠨ ᠬᠥᠳᠡᠯᠦᠯᠴᠡᠬᠦ᠂  ᠰᠢᠰᠲ᠋ᠧᠮ ᠢᠶᠠᠷ ᠮᠡᠳᠡᠭᠡᠯᠡᠯ ᠬᠦᠷᠭᠡᠬᠦ ᠵᠡᠷᠭᠡ ᠬᠡᠯᠪᠡᠷᠢ ᠪᠠᠷ ᠭᠦᠢᠴᠡᠳᠬᠡᠨ᠎ᠡ᠃       ᠲᠠᠪᠤ᠂ 12345 ᠎ ᠨᠢ ᠠᠵᠤ ᠠᠬᠤᠶᠢᠯᠠᠯ ᠪᠠ ᠤᠯᠠᠨ ᠲᠦᠮᠡᠨ ᠳᠤ ᠬᠡᠷᠬᠢᠨ ᠨᠡᠩ ᠰᠠᠶᠢᠨ ᠦᠢᠯᠡᠴᠢᠯᠡᠬᠦ       ᠪᠤᠢ︖       ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠨᠡᠶᠢᠯᠡᠭᠦᠯᠦᠨ ᠨᠢᠭᠡᠳᠬᠡᠬᠦ ᠡᠷᠴᠢᠮ ᠢ ᠤᠯᠠᠮ ᠨᠢᠭᠡ  ᠠᠯᠬᠤᠮ ᠴᠢᠩᠭᠠᠷᠠᠭᠤᠯᠵᠤ᠂ ᠬᠤᠣᠰ ᠳ᠋ᠤᠭᠠᠷ ᠢ ᠵᠡᠷᠭᠡ ᠪᠠᠷ ᠬᠡᠷᠡᠭᠯᠡᠬᠦ᠂ ᠬᠤᠪᠢᠶᠠᠷᠢ ᠲᠥᠪ ᠪᠠᠶᠢᠭᠤᠯᠬᠤ ᠬᠡᠯᠪᠡᠷᠢ ᠪᠠᠷ ᠨᠡᠶᠢᠯᠡᠭᠦᠯᠦᠨ ᠨᠢᠭᠡᠳᠬᠡᠬᠦ ᠶᠢ ᠨᠢᠭᠡᠨᠲᠡ  ᠪᠡᠶᠡᠯᠡᠭᠦᠯᠦᠭᠰᠡᠨ ᠪᠣᠯᠪᠠᠴᠤ ᠤᠲᠠᠰᠤᠨ ᠤ ᠦᠢᠯᠡᠴᠢᠯᠡᠭᠡᠨ ᠤ ᠰᠠᠭᠤᠳᠠᠯ ᠢ ᠦᠯᠡᠳᠡᠭᠡᠭᠰᠡᠭᠡᠷ ᠪᠠᠶᠢᠭ᠎ᠠ ᠬᠠᠯᠠᠮᠰᠢᠯ ᠤᠲᠠᠰᠤ ᠶᠢᠨ ᠨᠣᠮᠧᠷ᠂ ︽7×24 ×24ᠴᠠᠭ︾  ᠬᠥᠮᠥᠨ ᠤ ᠬᠦᠴᠦᠨ ᠤ ᠦᠢᠯᠡᠴᠢᠯᠡᠭᠡᠨ ᠤ ᠴᠢᠳᠠᠪᠤᠷᠢ ᠦᠭᠡᠢ ᠪᠤᠶᠤ ᠬᠥᠮᠥᠨ ᠤ ᠬᠦᠴᠦᠨ ᠤ ᠬᠤᠯᠪᠣᠭᠳᠠᠬᠤ ᠨᠣᠷᠮ᠎ᠠ ᠨᠢ 60%᠎ ᠠᠴᠠ ᠳᠣᠣᠷ᠎ᠠ ᠪᠠᠶᠢᠪᠠᠯ᠂  ᠤᠲᠠᠰᠤᠨ ᠤ ᠦᠢᠯᠡᠴᠢᠯᠡᠭᠡᠨ ᠤ ᠰᠠᠭᠤᠳᠠᠯ ᠢ 12345᠎ ᠳᠤ ᠨᠡᠶᠢᠯᠡᠭᠦᠯᠵᠦ ᠨᠢᠭᠡᠳᠦᠯᠲᠡᠢ ᠬᠠᠮᠢᠶᠠᠷᠤᠨ᠎ᠠ᠃ 12345 ᠲᠠᠪᠴᠠᠩ ᠬᠢᠭᠡᠳ ᠰᠠᠯᠠᠭ᠎ᠠ ᠮᠥᠴᠢᠷ ᠤᠨ  ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢ ᠴᠠᠭ ᠲᠤᠬᠠᠢ ᠳᠤ ᠎ ᠨᠢ ᠪᠥᠬᠦ ᠬᠡᠮᠵᠢᠶ᠎ᠡ ᠪᠠᠷ  ᠬᠠᠮᠲᠤ ᠪᠠᠷ ᠬᠦᠷᠲᠡᠬᠦ ᠶᠢ ᠪᠡᠶᠡᠯᠡᠭᠦᠯᠦᠨ᠎ᠡ᠃ 12345 ᠎ ᠨᠢ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠪᠠ ᠣᠯᠠᠨ ᠲᠦᠮᠡᠨ ᠤ ᠥᠨᠳᠥᠷ ᠳᠠᠪᠲᠠᠮᠵᠢᠲᠤ  ᠠᠰᠠᠭᠤᠨ ᠯᠠᠪᠯᠠᠭ᠎ᠠ ᠶᠢᠨ ᠲᠥᠷᠥᠯ ᠤᠨ ᠠᠰᠠᠭᠤᠳᠠᠯ ᠢ ᠬᠤᠷᠢᠶᠠᠩᠭᠤᠶᠢᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠭᠠᠴᠢᠯᠠᠭ᠎ᠠ ᠠᠴᠠ ᠪᠠᠨ ᠮᠡᠳᠡᠭᠡ ᠵᠠᠩᠭᠢ ᠪᠠᠨ  ᠨᠡᠶᠢᠲᠡᠯᠡᠬᠦ ᠶᠢ ᠱᠠᠭᠠᠷᠳᠠᠵᠤ᠂ 12345 ᠠᠵᠢᠯ ᠤᠨ ᠬᠠᠭᠤᠳᠠᠰᠤ ᠶᠢ ᠳᠠᠭᠠᠭᠠᠨ ᠭᠦᠢᠴᠡᠳᠬᠡᠬᠦ ᠨᠢᠭᠡᠴᠢ ᠶᠢᠨ ᠠᠵᠢᠯ ᠢᠶᠠᠨ ᠭᠦᠢᠴᠡᠳᠬᠡᠬᠦ ᠶᠢ ᠰᠢᠮᠳᠠᠭᠤᠯᠤᠨ  ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠵᠤ᠂ ᠭᠦᠢᠴᠡᠳᠬᠡᠭᠰᠡᠨ ᠪᠠᠶᠢᠳᠠᠯ ᠢ ᠴᠠᠭ ᠲᠤᠬᠠᠢ ᠳᠤ ᠎ ᠨᠢ ᠢᠯᠡ ᠪᠣᠯᠭᠠᠨ᠂ ᠴᠤᠤᠷᠢᠶᠠᠲᠤᠨ ᠳᠠᠭᠠᠬᠤ ᠨᠣᠷᠮ᠎ᠠ᠂  ᠰᠢᠢᠳᠪᠦᠷᠢᠯᠡᠬᠦ ᠨᠣᠷᠮ᠎ᠠ ᠪᠠ ᠬᠠᠨᠤᠮᠵᠢᠲᠠᠢ ᠪᠠᠶᠢᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠨ  ᠱᠠᠭᠠᠷᠳᠠᠭᠰᠠᠨ ᠵᠦᠢᠯᠡᠰ ᠢ ᠠᠮᠵᠢᠯᠲᠠ ᠲᠠᠢ᠂ ᠲᠦᠷᠭᠡᠨ᠂ ᠰᠠᠶᠢᠨ ᠭᠦᠢᠴᠡᠳᠬᠡᠬᠦ ᠶᠢ ᠪᠠᠲᠤᠯᠠᠬᠤ ᠬᠡᠷᠡᠭᠲᠡᠢ᠃       ᠵᠢᠷᠭᠤᠭ᠎ᠠ᠂ 110 ᠎ ᠨᠢ ᠴᠠᠭᠳᠠᠭᠠᠨ ᠤ ᠰᠢᠢᠳᠪᠦᠷᠢᠯᠡᠬᠦ ᠬᠡᠷᠡᠭ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠶᠢ ᠬᠡᠷᠬᠢᠨ  ᠳᠡᠭᠡᠭᠰᠢᠯᠡᠭᠦᠯᠬᠦ ᠪᠣᠶ︖       ᠡᠯ᠎ᠡ ᠭᠠᠵᠠᠷ ᠤᠨ ᠬᠢᠨ ᠲᠤᠰ ᠭᠠᠵᠠᠷ ᠣᠷᠣᠨ ᠤ ᠪᠠᠨ 110 ᠴᠠᠭᠳᠠᠭ᠎ᠠ ᠳᠤ ᠮᠡᠳᠡᠭᠦᠯᠬᠦ ᠬᠡᠷᠡᠭ ᠤᠨ ᠭᠥᠯᠢᠶᠡᠨ ᠠᠪᠬᠤ ᠬᠡᠮᠵᠢᠶ᠎ᠡ  ᠶᠢ ᠦᠨᠳᠦᠰᠦᠯᠡᠨ᠂  ᠭᠥᠯᠢᠶᠡᠨ ᠠᠪᠬᠤ ᠰᠠᠭᠤᠳᠠᠯ  ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠵᠤ᠂ ᠭᠥᠯᠢᠶᠡᠨ ᠠᠪᠬᠤ ᠠᠵᠢᠯᠲᠠᠨ ᠪᠣᠯᠣᠨ ᠲᠣᠬᠢᠷᠠᠭᠤᠯᠤᠨ ᠵᠢᠯᠤᠭᠤᠳᠬᠤ  ᠴᠠᠭᠳᠠᠭ᠎ᠠ ᠶᠢ ᠪᠦᠷᠢᠨ ᠭᠦᠢᠴᠡᠳ ᠪᠥᠭᠡᠳ ᠪᠦᠲᠦᠮᠵᠢᠲᠡᠢ ᠲᠣᠬᠢᠷᠠᠭᠤᠯᠵᠤ᠂ ᠲᠥᠬᠦᠭᠡᠷᠦᠮᠵᠢ ᠪᠣᠯᠣᠨ ᠰᠢᠰᠲ᠋ᠧᠮ ᠤᠨ ᠪᠠᠲᠤᠯᠠᠭ᠎ᠠ  ᠶᠢ ᠴᠢᠩᠭᠠᠳᠬᠠᠨ᠂ 110᠎ ᠤᠨ ︽ᠠᠮᠢ ᠨᠠᠰᠤᠨ ᠤ ᠤᠲᠠᠰᠤ︾᠎ ᠶᠢᠨ ᠪᠦᠬᠦᠯᠢ ᠡᠳᠦᠷ ᠤᠨ ᠲᠤᠷᠰᠢ ᠰᠠᠭᠠᠳ ᠦᠭᠡᠢ ᠨᠡᠪᠲᠡᠷᠡᠬᠦ  ᠶᠢ ᠪᠠᠲᠤᠯᠠᠬᠤ ᠶᠢᠨ ᠬᠠᠮᠲᠤ ᠢᠨᠲ᠋ᠧᠷ ᠰᠦᠯᠵᠢᠶ᠎ᠡ ᠪᠠᠷ ᠴᠠᠭᠳᠠᠭ᠎ᠠ ᠳᠤ  ᠮᠡᠳᠡᠭᠦᠯᠬᠦ ᠠᠷᠭ᠎ᠠ ᠵᠠᠮ ᠢ ᠥᠷᠭᠡᠳᠬᠡᠵᠦ᠂ ᠠᠵᠤ ᠠᠬᠤᠶᠢᠯᠠᠯ ᠪᠣᠯᠣᠨ ᠣᠯᠠᠨ ᠲᠦᠮᠡᠨ ᠤ ᠬᠡᠷᠡᠭᠴᠡᠭᠡ ᠶᠢ ᠬᠠᠩᠭᠠᠨ᠎ᠠ᠃ ᠡᠯ᠎ᠡ ᠴᠠᠭᠳᠠᠭᠠᠨ ᠲᠥᠷᠥᠯ ᠪᠠ ᠵᠢᠩᠬᠢᠨᠢ  ᠪᠠᠶᠢᠯᠳᠤᠭᠠᠨ ᠤ ᠨᠢᠭᠡᠴᠢ ᠶᠢ 110 ᠭᠥᠯᠢᠶᠡᠨ ᠠᠪᠴᠤ ᠰᠢᠢᠳᠪᠦᠷᠢᠯᠡᠬᠦ ᠠᠵᠢᠯ ᠎ ᠲᠠᠢ ᠬᠠᠷᠢᠯᠴᠠᠨ ᠵᠣᠯᠭᠠᠭᠤᠯᠤᠨ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ  ᠪᠠᠶᠢᠭᠤᠯᠵᠤ᠂ ᠡᠮᠦᠨ᠎ᠡ ᠹᠷᠣᠨᠲ ᠤᠨ ᠴᠠᠭᠳᠠᠭᠠᠨ ᠤ ᠰᠢᠢᠳᠪᠦᠷᠢᠯᠡᠬᠦ ᠠᠵᠢᠯ ᠤᠨ ᠲᠤᠭ᠎ᠠ ᠪᠠᠷᠢᠮᠲᠠ ᠶᠢᠨ ᠴᠢᠳᠠᠪᠤᠷᠢ ᠣᠯᠭᠤᠬᠤ ᠪᠠ ᠠᠷᠤ ᠲᠠᠯ᠎ᠠ ᠶᠢᠨ ᠲᠤᠯᠭᠠᠭᠤᠷᠢᠯᠠᠯ ᠢ  ᠴᠢᠩᠭᠠᠳᠬᠠᠨ᠂ ᠤᠷᠢᠳᠴᠢᠯᠠᠨ ᠰᠡᠷᠭᠡᠶᠢᠯᠡᠬᠦ ᠴᠠᠭᠳᠠᠭᠠᠨ ᠤ ᠶᠠᠪᠤᠳᠠᠯ ᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ᠂ ᠴᠠᠭᠳᠠᠭᠠᠨ ᠤ ᠰᠢᠢᠳᠪᠦᠷᠢᠯᠡᠬᠦ ᠬᠡᠷᠡᠭ ᠶᠠᠪᠤᠳᠠᠯ ᠢ  ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠦᠢᠯᠡᠳᠦᠯ ᠴᠢᠳᠠᠮᠵᠢ ᠶᠢ ᠪᠦᠲᠦᠮᠵᠢᠲᠡᠢ ᠳᠡᠭᠡᠭᠰᠢᠯᠡᠭᠦᠯᠦᠨ᠎ᠡ᠃       ᠡᠭᠦᠨ ᠠᠴᠠ ᠭᠠᠳᠠᠨ᠎ᠠ᠂ 12345 ᠪᠣᠯᠣᠨ 110᠎ ᠨᠢ ᠬᠠᠮᠲᠤᠷᠠᠨ ᠡᠷᠬᠡ ᠰᠦᠷᠲᠦ ᠣᠨᠣᠪᠴᠢᠲᠠᠢ᠂ ᠪᠠᠷᠢᠮᠵᠢᠶ᠎ᠠ ᠨᠢ ᠨᠢᠭᠡᠳᠦᠯᠲᠡᠢ᠂ ᠴᠠᠭ ᠲᠤᠬᠠᠢ ᠳᠤ ᠎ ᠨᠢ  ᠰᠢᠨᠡᠳᠬᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ ᠮᠡᠳᠡᠯᠭᠡ ᠶᠢᠨ ᠬᠥᠮᠥᠷᠭᠡ ᠶᠢ ᠪᠠᠶᠢᠭᠤᠯᠵᠤ᠂ ᠥᠨᠳᠥᠷ ᠳᠠᠪᠲᠠᠮᠵᠢᠲᠤ ᠠᠰᠠᠭᠤᠳᠠᠯ ᠪᠠ ᠥᠨᠳᠥᠷ  ᠳᠠᠪᠲᠠᠮᠵᠢᠲᠤ ᠰᠢᠯᠵᠢᠭᠦᠯᠦᠨ ᠭᠦᠢᠴᠡᠳᠬᠡᠬᠦ ᠵᠦᠢᠯᠡᠰ ᠲᠤ ︽ᠨᠢᠭᠡ ᠠᠰᠠᠭᠤᠯᠲᠠ ᠳᠤ ᠨᠢᠭᠡ ᠬᠠᠷᠢᠭᠤᠯᠲᠠ ᠥᠭᠬᠦ︾ ᠪᠠᠷᠢᠮᠵᠢᠶ᠎ᠠ ᠶᠢ ᠲᠣᠭᠲᠠᠭᠠᠵᠤ᠂ ︽ᠠᠰᠠᠭᠤᠭᠰᠠᠨ  ᠳᠠᠷᠤᠢ ᠳᠤ ᠎ ᠨᠢ ᠬᠠᠷᠢᠭᠤᠯᠬᠤ︾᠎ ᠶᠢ ᠢᠳᠡᠪᠬᠢᠲᠡᠢ ᠬᠡᠷᠡᠭᠵᠢᠭᠦᠯᠦᠨ᠎ᠡ᠃         
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号