ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ | ᠶᠡᠷᠦᠩᠬᠡᠶᠢᠯᠡᠭᠰᠡᠨ ᠠᠯᠪᠠᠨ ᠭᠡᠷ᠂ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | 2023 ᠣᠨ ᠤ ᠠᠭᠤᠷᠬᠠᠢ ᠶᠢᠨ ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ | ᠠᠵᠢᠯ ᠢ ᠦᠨᠡᠨ ᠬᠦ ᠰᠠᠶᠢᠲᠤᠷ ᠬᠢᠵᠦ᠂ ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠴᠢᠬᠤᠯᠠ | ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ | ᠬᠠᠤᠯᠢ ᠪᠠᠷ ᠲᠣᠭᠲᠠᠭᠠᠭᠰᠠᠨ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠰᠡᠷᠭᠡᠶᠢᠯᠡᠨ ᠵᠠᠰᠠᠬᠤ ᠠᠵᠢᠯ ᠢ | ᠰᠠᠶᠢᠲᠤᠷ ᠠᠳᠬᠤᠬᠤ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ | ᠲᠥᠰᠥᠯ ᠢ ᠣᠨᠴᠠᠭᠠᠶᠢᠯᠠᠨ ᠲᠣᠭᠲᠠᠭᠠᠪᠠ᠂ ᠵᠢᠷᠤᠮᠯᠠᠨ ᠬᠡᠷᠡᠭᠵᠢᠭᠦᠯᠲᠦᠭᠡᠢ᠃ | | ᠳᠠᠭᠠᠯᠳᠤᠭᠤᠯᠤᠯ᠄ ᠡᠵᠡᠨ᠎ᠡ ᠬᠤᠰᠢᠭᠤᠨ ᠤ 2023 ᠣᠨ ᠤ ᠦᠶᠡᠷ ᠤᠨ ᠬᠤᠭᠤᠴᠠᠭᠠᠨ ᠤ ᠠᠭᠤᠷᠬᠠᠢ ᠶᠢᠨ | ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠲᠥᠰᠥᠯ | | 2023 ᠣᠨ ᠤ 4 ᠰᠠᠷ᠎ᠠ ᠶᠢᠨ 25 ᠤ ᠡᠳᠦᠷ | | ᠰᠢ ᠶᠢᠨ ᠫᠢᠩ ᠶᠡᠷᠦᠩᠬᠡᠢ ᠱᠦᠵᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠲᠤᠬᠠᠢ ᠴᠢᠬᠤᠯᠠ ᠥᠭᠦᠯᠡᠯᠲᠡ ᠪᠠᠷ ᠵᠢᠯᠣᠭᠤᠳᠤᠯᠭ᠎ᠠ ᠪᠣᠯᠭᠠᠵᠤ᠂ 2023 ᠣᠨ ᠤ ᠠᠭᠤᠷᠬᠠᠢ ᠶᠢᠨ | ᠭᠸᠥᠯᠥᠬᠢ ᠶᠢᠨ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ ᠠᠵᠢᠯ ᠢ ᠦᠨᠡᠨ ᠬᠦ ᠰᠠᠶᠢᠲᠤᠷ ᠬᠢᠵᠦ᠂ | ᠭᠸᠥᠯᠥᠬᠢ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ | ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠬᠠᠤᠯᠢ ᠪᠠᠷ ᠲᠣᠭᠲᠠᠭᠠᠭᠰᠠᠨ | ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ | ᠠᠳᠬᠤᠬᠤ ᠶᠢᠨ ᠲᠤᠰᠠᠳᠠ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ | ᠣᠨᠴᠠᠭᠠᠶᠢᠯᠠᠨ ᠲᠣᠭᠲᠠᠭᠠᠪᠠ᠃ | ᠨᠢᠭᠡ᠂ ᠬᠠᠷᠠᠯᠲᠠ ᠶᠢᠨ ᠡᠭᠦᠷᠭᠡ | ᠠᠭᠤᠷᠬᠠᠢ ᠶᠢᠨ ᠭᠸᠥᠯᠥᠬᠢ ᠶᠢᠨ ᠭᠠᠢ ᠭᠠᠮᠰᠢᠭ ᠢ ᠬᠢᠨᠠᠨ ᠬᠠᠮᠢᠶᠠᠷᠬᠤ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠸᠥᠯᠥᠬᠢ ᠶᠢᠨ ᠭᠠᠢ ᠭᠠᠮᠰᠢᠭ ᠤᠨ ᠳᠤᠮᠳᠠᠬᠢ ᠡᠭᠦᠷᠭᠡ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠣᠯᠠᠨ ᠢᠶᠠᠷ ᠬᠢᠨᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠥᠨᠳᠥᠷ ᠪᠦᠲᠦᠮᠵᠢᠲᠡᠶ ᠭᠡᠨᠡᠳᠲᠡ ᠶᠢᠨ ᠴᠢᠨᠠᠷᠲᠠᠢ | ᠭᠸᠥᠯᠥᠬᠢ ᠶᠢᠨ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠪᠠᠶᠢᠭᠤᠯᠵᠤ᠂ ᠪᠥᠬᠦ ᠬᠤᠰᠢᠭᠤᠨ ᠤ | ᠭᠸᠥᠯᠥᠬᠢ ᠶᠢᠨ ᠭᠠᠢ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠦᠶᠡᠷ ᠤᠨ ᠬᠤᠭᠤᠴᠠᠭᠠᠨ ᠤ ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ | ᠭᠸᠥᠯᠥᠬᠢ ᠶᠢᠨ ᠭᠠᠢ ᠭᠠᠮᠰᠢᠭ ᠤᠨ ᠴᠡᠭ ᠢ ᠰᠡᠷᠭᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠸᠥᠯᠥᠬᠢ ᠶᠢᠨ | ᠭᠠᠢ ᠭᠠᠮᠰᠢᠭ ᠤᠨ ᠠᠶᠤᠯ ᠲᠦᠭᠰᠢᠭᠦᠷᠢ ᠶᠢᠨ ᠪᠠᠶᠢᠳᠠᠯ ᠢ ᠴᠠᠭ ᠲᠤᠬᠠᠢ ᠳᠤᠨᠢ ᠵᠠᠰᠠᠨ ᠭᠸᠥᠯᠥᠬᠢ ᠶᠢᠨ ᠭᠠᠢ | ᠭᠠᠮᠰᠢᠭ ᠢ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭᠠᠳᠬᠠᠵᠤ᠂ ᠵᠣᠷᠢᠭᠤᠳᠠ ᠶᠢᠨ ᠬᠦᠴᠦᠨ ᠵᠦᠢᠯ ᠠᠴᠠ | ᠪᠣᠯᠤᠭᠰᠠᠨ ᠭᠸᠥᠯᠥᠬᠢ ᠶᠢᠨ ᠭᠠᠢ ᠭᠠᠮᠰᠢᠭ ᠢ ᠪᠦᠲᠦᠮᠵᠢᠲᠡᠶ ᠪᠠᠷ ᠪᠠᠭᠠᠰᠬᠠᠬᠤ ᠪᠤᠶᠤ ᠵᠠᠶᠢᠯᠠᠰᠬᠢᠨ᠎ᠡ᠃ | ᠬᠤᠶᠠᠷ᠂ ᠠᠵᠢᠯ ᠤᠨ ᠴᠢᠭᠯᠡᠯ | ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠲᠤᠲᠤᠷᠬᠠᠶᠢᠯᠠᠨ᠎ᠠ᠃ ᠠᠷᠠᠳ | ᠤᠯᠠᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠠᠪᠤᠳᠠᠯ ᠢ ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠨ | ᠵᠠᠰᠠᠬᠤ ᠠᠵᠢᠯ ᠤᠨ ᠡᠭᠦᠰᠬᠡᠯ ᠪᠠ ᠲᠡᠭᠦᠰᠬᠡᠯ ᠪᠣᠯᠭᠠᠵᠤ᠂ ᠭᠸᠥᠯᠥᠬᠢ ᠶᠢᠨ ᠭᠠᠢ ᠭᠠᠮᠰᠢᠭ ᠤᠨ ᠠᠷᠠᠳ ᠤᠯᠠᠨ ᠳᠤ | ᠤᠴᠠᠷᠠᠭᠤᠯᠬᠤ ᠦᠬᠦᠯ ᠰᠢᠷᠬᠠᠲᠤᠯ ᠪᠠ ᠬᠤᠣᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠥᠮᠥᠰ ᠤᠨ ᠠᠮᠤᠷ ᠲᠦᠪᠰᠢᠨ ᠤ ᠬᠠᠮᠠᠭᠠᠯᠠᠯᠲᠠ ᠶᠢ ᠦᠨᠡᠨᠬᠦ | ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠪᠠᠷ ᠵᠢᠯᠤᠭᠤᠳᠬᠤ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ | ᠤᠯᠠᠨ ᠲᠦᠮᠡᠨ ᠪᠠ ᠨᠡᠶᠢᠭᠡᠮ ᠤᠨ ᠬᠦᠴᠦᠨ ᠳᠤ ᠭᠦᠢᠴᠡᠳ ᠲᠦᠰᠢᠭᠯᠡᠨ᠂ ᠭᠸᠥᠯᠥᠬᠢ ᠶᠢᠨ ᠭᠠᠢ ᠭᠠᠮᠰᠢᠭ ᠢ | ᠠᠷᠭᠠᠴᠠᠬᠤ ᠰᠢᠨᠵᠢᠯᠡᠬᠦ ᠤᠬᠠᠭᠠᠨᠴᠢ ᠠᠷᠭ᠎ᠠ ᠶᠢ ᠰᠠᠶᠢᠵᠢᠷᠠᠭᠤᠯᠵᠤ᠂ ᠭᠸᠥᠯᠥᠬᠢ ᠶᠢᠨ ᠭᠠᠢ ᠭᠠᠮᠰᠢᠭ ᠢ ᠲᠦᠷᠭᠡᠨ | ᠲᠤᠰᠬᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠤᠯᠠᠨ ᠲᠦᠮᠡᠨ ᠢ ᠵᠣᠬᠢᠶᠠᠨ ᠪᠠᠶᠢᠭᠤᠯᠵᠤ ᠭᠡᠨᠡᠳᠲᠡ ᠶᠢᠨ ᠴᠢᠨᠠᠷᠲᠠᠢ | ᠭᠸᠥᠯᠥᠬᠢ ᠶᠢᠨ ᠭᠠᠢ ᠭᠠᠮᠰᠢᠭ ᠢ ᠠᠷᠭᠠᠴᠠᠬᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠡᠯ᠎ᠡ ᠵᠦᠢᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠵᠠᠰᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ | ᠰᠠᠯᠠᠭ᠎ᠠ ᠮᠥᠴᠢᠷ ᠤᠳ ︽ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠳᠦᠷᠢᠮ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ | ᠲᠥᠯᠦᠪᠵᠢᠭᠦᠯᠭᠡ︾ ︽ᠠᠯᠠᠱᠠ ᠠᠶᠢᠮᠠᠭ ᠤᠨ ᠠᠭᠤᠷᠬᠠᠢ ᠶᠢᠨ ᠭᠸᠥᠯᠥᠬᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠬᠢᠭᠡᠳ ᠵᠠᠰᠠᠯᠲᠠ ᠶᠢᠨ ᠲᠥᠯᠦᠪᠵᠢᠭᠦᠯᠭᠡ︾ ᠶᠢ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ᠂ | ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠬᠠᠷᠢᠭᠤᠴᠠᠯᠭ᠎ᠠ ᠶᠢᠨ | ᠳᠦᠷᠢᠮ ᠢ ᠱᠠᠲᠤ ᠱᠠᠲᠤ ᠪᠠᠷ ᠨᠡᠶᠢᠳᠠᠪᠤᠷᠢᠵᠢᠭᠤᠯᠤᠨ᠎ᠠ᠃ ᠬᠤᠰᠢᠭᠤᠨ ᠠᠷᠠᠳ ᠤᠨ ᠵᠠᠰᠠᠭ ᠤᠨ ᠣᠷᠳᠣᠨ | ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ | ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠬᠥᠮᠥᠨ ᠳᠤᠨᠢ ᠳᠠᠭᠠᠭᠠᠯᠭᠠᠨ᠂ | ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ᠂ ᠴᠡᠭᠡ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠠᠵᠢᠯ ᠤᠨ ᠡᠳᠦᠷ ᠲᠤᠲᠤᠮ ᠤᠨ ᠵᠥᠪᠯᠡᠬᠦ ᠵᠦᠢᠯ ᠳᠡᠭᠡᠨ ᠣᠷᠣᠭᠤᠯᠵᠤ᠂ ᠨᠢᠭᠡ ᠱᠠᠲᠤ ᠨᠢ ᠨᠢᠭᠡ ᠱᠠᠲᠤ ᠪᠠᠨ | ᠠᠳᠬᠤᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠵᠤ᠂ ᠭᠸᠥᠯᠥᠬᠢ ᠶᠢᠨ ᠭᠠᠢ ᠭᠠᠮᠰᠢᠭ ᠢ | ᠰᠡᠷᠭᠡᠶᠢᠯᠡᠨ ᠵᠠᠰᠠᠬᠤ ᠠᠵᠢᠯ ᠢ ᠪᠦᠬᠦ ᠨᠡᠶᠢᠭᠡᠮ ᠢᠶᠠᠷ ᠢᠶᠠᠨ ᠴᠢᠬᠤᠯᠠᠴᠢᠯᠠᠨ ᠦᠵᠡᠵᠦ᠂ ᠣᠷᠴᠢᠨ ᠠᠬᠤᠢ ᠶᠢ | ᠬᠠᠮᠠᠭᠠᠯᠠᠵᠤ ᠪᠠᠶᠢᠭᠠᠯᠢ ᠳᠤ ᠰᠠᠶᠢᠨ ᠬᠠᠨᠳᠤᠬᠤ᠂ ᠠᠮᠢ ᠠᠬᠤᠢ ᠶᠢ ᠬᠠᠮᠠᠭᠠᠯᠠᠬᠤ ᠨᠡᠶᠢᠭᠡᠮ ᠤᠨ ᠠᠭᠤᠷ ᠠᠮᠢᠰᠬᠤᠯ ᠢ | ᠪᠤᠢ ᠪᠣᠯᠭᠠᠵᠤ᠂ ᠤᠯᠠᠨ ᠢᠶᠠᠷ ᠢᠶᠠᠨ ᠰᠡᠷᠭᠡᠶᠢᠯᠡᠬᠦ᠂ ᠤᠯᠠᠨ ᠢᠶᠠᠷ ᠢᠶᠠᠨ ᠬᠠᠮᠢᠶᠠᠷᠬᠤ᠂ ᠤᠯᠠᠨ ᠢᠶᠠᠷ ᠢᠶᠠᠨ ᠵᠠᠰᠠᠬᠤ | ᠭᠠᠮᠰᠢᠭ ᠢ ᠰᠡᠷᠭᠡᠶᠢᠯᠡᠨ ᠵᠠᠰᠠᠬᠤ ᠰᠢᠰᠲ᠋ᠧᠮ ᠢ ᠪᠤᠢ ᠪᠣᠯᠭᠠᠨ᠎ᠠ᠃ ᠭᠸᠥᠯᠥᠬᠢ ᠶᠢᠨ ᠭᠠᠢ ᠭᠠᠮᠰᠢᠭ ᠠᠮᠠᠷᠬᠠᠨ | ᠡᠭᠦᠰᠬᠦ ᠳᠤ ᠬᠤᠯᠪᠤᠭᠳᠠᠬᠤ ᠠᠵᠢᠯ ᠲᠥᠷᠥᠯ ᠪᠠ ᠰᠠᠯᠠᠭ᠎ᠠ ᠮᠥᠴᠢᠷ ᠤᠳ ᠪᠠᠰᠠ ᠭᠸᠥᠯᠥᠬᠢ ᠶᠢᠨ ᠭᠠᠢ ᠭᠠᠮᠰᠢᠭ ᠢ | ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠠᠴᠠ ᠨᠢᠭᠡᠳᠦᠯᠲᠡᠢ ᠤᠳᠤᠷᠢᠳᠤᠨ ᠵᠢᠯᠤᠭᠤᠳᠴᠤ᠂ ᠡᠯ᠎ᠡ ᠰᠤᠮᠤ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ᠂ ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ | ᠳᠣᠲᠣᠭᠠᠳᠤ ᠶᠢ ᠬᠠᠮᠠᠭᠠᠯᠠᠬᠤ ᠭᠠᠯ ᠤᠨᠲᠠᠷᠠᠭᠠᠬᠤ᠂ ᠵᠠᠮ ᠬᠠᠷᠢᠯᠴᠠᠭ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ | ᠦᠢᠯᠡᠳᠪᠦᠷᠢ ᠮᠡᠳᠡᠭᠡ ᠵᠠᠩᠭᠢᠵᠢᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠠᠷᠠᠳ ᠤᠨ ᠶᠠᠪᠤᠳᠠᠯ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠤ ᠶᠠᠪᠤᠳᠠᠯ ᠵᠡᠷᠭᠡ ᠰᠠᠯᠠᠭ᠎ᠠ ᠮᠥᠴᠢᠷ ᠤᠳ | ᠲᠣᠰ ᠲᠣᠰ ᠤᠨ ᠠᠵᠢᠯ ᠲᠥᠷᠥᠯ ᠤᠨ ᠣᠨᠴᠠᠯᠢᠭ ᠢᠶᠠᠷ ᠢᠶᠠᠨ ᠦᠨᠳᠦᠰᠦᠯᠡᠯ ᠪᠣᠯᠭᠠᠨ ᠠᠵᠢᠯ ᠬᠤᠪᠢᠶᠠᠷᠢᠯᠠᠨ | ᠬᠠᠮᠵᠢᠯᠴᠠᠵᠤ᠂ ᠱᠠᠲᠤ ᠬᠤᠪᠢᠶᠠᠨ ᠬᠠᠷᠢᠭᠤᠴᠠᠨ ᠬᠡᠷᠡᠭᠵᠢᠭᠦᠯᠵᠦ᠂ ᠦᠶᠡᠷ ᠤᠨ ᠬᠤᠭᠤᠴᠠᠭᠠᠨ ᠤ ᠭᠸᠥᠯᠥᠬᠢ ᠶᠢᠨ | ᠭᠠᠮᠰᠢᠭ ᠢ ᠬᠢᠨᠠᠨ ᠬᠡᠮᠵᠢᠬᠦ᠂ ᠤᠷᠢᠳᠴᠢᠯᠠᠨ ᠰᠡᠷᠭᠡᠶᠢᠯᠡᠬᠦ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃ | ︵ᠬᠤᠶᠠᠷ︶ ᠭᠸᠥᠯᠥᠬᠢ ᠶᠢᠨ ᠭᠠᠢ ᠭᠠᠮᠰᠢᠭ ᠢ ᠬᠢᠨᠠᠨ ᠬᠡᠮᠵᠢᠬᠦ᠂ ᠲᠣᠭᠤᠷᠢᠨ ᠪᠠᠶᠢᠴᠠᠭᠠᠬᠤ ᠪᠠ ᠤᠷᠢᠳᠴᠢᠯᠠᠨ | ᠰᠡᠷᠡᠮᠵᠢᠯᠡᠭᠦᠯᠬᠦ ᠶᠢ ᠰᠠᠶᠢᠲᠤᠷ ᠬᠢᠨ᠎ᠡ᠃ ᠭᠸᠥᠯᠥᠬᠢ ᠶᠢᠨ ᠭᠠᠮᠰᠢᠭ ᠤᠨ ᠭᠡᠨᠡᠳᠲᠡ ᠶᠢᠨ ᠴᠢᠨᠠᠷ᠂ ᠬᠦᠨᠳᠦ ᠨᠣᠴᠢᠲᠠᠢ | ᠴᠢᠨᠠᠷ᠂ ᠨᠥᠯᠥᠭᠡᠯᠡᠬᠦ ᠬᠡᠪᠴᠢᠶ᠎ᠡ᠂ ᠬᠡᠷᠡᠭᠯᠡᠬᠦ ᠴᠢᠬᠤᠯᠠᠲᠠᠢ ᠡᠬᠢ ᠪᠠᠶᠠᠯᠢᠭ ᠤᠨ ᠡᠯᠧᠮᠧᠨ᠋ᠲ ᠢ ᠦᠨᠳᠦᠰᠦᠯᠡᠵᠦ᠂ ᠡᠯ᠎ᠡ | ᠰᠤᠮᠤ ᠪᠠᠯᠭᠠᠰᠤᠨ ᠤ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠴᠠ ᠬᠠᠷᠢᠶ᠎ᠠ ᠣᠷᠣᠨ ᠪᠠ | ᠠᠵᠢᠯ ᠲᠥᠷᠥᠯ ᠤᠨ ᠰᠠᠯᠠᠭ᠎ᠠ ᠮᠥᠴᠢᠷ ᠤᠨ ᠭᠸᠥᠯᠥᠬᠢ ᠶᠢᠨ ᠭᠠᠮᠰᠢᠭ ᠠᠮᠠᠷᠬᠠᠨ ᠡᠭᠦᠰᠬᠦ ᠣᠷᠣᠨ ᠳᠣᠲᠣᠷᠠᠬᠢ | ᠳᠠᠯᠳᠠ ᠭᠡᠮ ᠢ ᠪᠦᠬᠦ ᠲᠠᠯ᠎ᠠ ᠪᠠᠷ ᠪᠠᠶᠢᠴᠠᠭᠠᠵᠤ᠂ ᠦᠶᠡᠷ ᠤᠨ ᠬᠤᠭᠤᠴᠠᠭᠠᠨ ᠤ ᠬᠦᠳᠡᠯᠦᠩᠭᠦᠢ ᠲᠣᠭᠤᠷᠢᠨ | ᠪᠠᠶᠢᠴᠠᠭᠠᠵᠤ᠂ ᠴᠠᠭ ᠲᠤᠬᠠᠢ ᠲᠤᠨᠢ ᠡᠵᠡᠮᠰᠢᠨ ᠰᠠᠶᠢᠲᠤᠷ ᠬᠢᠵᠦ᠂ ᠡᠯ᠎ᠡ ᠲᠦᠷᠦᠯ ᠤᠨ ᠠᠭᠤᠷᠬᠠᠢ ᠶᠢᠨ ᠭᠠᠵᠠᠷ | ᠳᠣᠣᠷᠠᠬᠢ ᠮᠠᠯᠲᠠᠯᠲᠠ ᠪᠠ ᠵᠠᠳᠠᠭᠠᠢ ᠮᠠᠯᠲᠠᠯᠲᠠ ᠶᠢᠨ ᠠᠵᠢᠯᠯᠠᠭ᠎ᠠ᠂ ᠠᠭᠤᠷᠬᠠᠢ ᠶᠢᠨ ᠰᠢᠭᠠᠷᠤ᠂ ᠦᠯᠡᠳᠡᠭᠳᠡᠯ ᠬᠦᠳᠡᠷ | ᠣᠪᠤᠭᠠᠯᠠᠯᠲᠠ ᠵᠡᠷᠭᠡ ᠠᠴᠠ ᠪᠤᠯᠵᠤ ᠭᠠᠵᠠᠷ ᠠᠩ ᠭᠠᠷᠬᠤ᠂ ᠭᠠᠵᠠᠷ ᠤᠨ ᠭᠠᠳᠠᠷᠭᠤ ᠴᠥᠮᠥᠷᠡᠬᠦ ᠪᠠ ᠶᠡᠭᠦᠷᠡᠬᠦ | ᠲᠦᠭᠰᠢᠭᠦᠷᠢᠲᠦ ᠪᠠᠶᠢᠳᠠᠯ ᠡᠭᠦᠰᠴᠦ ᠮᠡᠳᠡᠬᠦ ᠲᠤᠬᠠᠢ ᠶᠢᠨ ᠲᠠᠯᠠᠪᠠᠢ ᠳᠤ ᠬᠠᠶᠢᠨ ᠬᠡᠮᠵᠢᠵᠦ᠂ ᠲᠠᠯᠳᠠ ᠭᠡᠮ ᠤᠨ ᠴᠡᠭ ᠢ | ᠬᠦᠷᠢᠶᠡᠯᠡᠨ ᠲᠣᠭᠲᠠᠭᠠᠵᠤ᠂ ᠢᠯᠡᠷᠬᠡᠢ ᠲᠡᠮᠳᠡᠭ ᠪᠣᠰᠬᠠᠬᠤ ᠶᠢᠨ ᠬᠠᠮᠲᠤ ᠢᠳᠡᠪᠬᠢᠲᠡᠢ ᠪᠠᠷ ᠰᠡᠷᠭᠡᠶᠢᠯᠡᠨ ᠵᠠᠰᠠᠬᠤ | ᠠᠷᠭ᠎ᠠ ᠬᠡᠮᠵᠢᠶ᠎ᠡ ᠠᠪᠴᠤ᠂ ᠭᠠᠮᠰᠢᠭ ᠭᠠᠷᠬᠤ ᠢ ᠰᠡᠷᠭᠡᠶᠢᠯᠡᠨ᠎ᠡ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ | ᠠᠵᠢᠯᠲᠠᠨ ᠤ ᠲᠣᠬᠢᠷᠠᠭᠤᠯᠤᠯᠲᠠ᠂ ᠵᠠᠷᠤᠳᠠᠯ ᠤᠨ ᠨᠠᠶᠢᠳᠠᠪᠤᠷᠢᠵᠢᠭᠤᠯᠤᠯᠲᠠ᠂ ᠰᠡᠷᠭᠡᠶᠢᠯᠡᠨ ᠵᠠᠰᠠᠬᠤ | ᠬᠠᠷᠢᠭᠤᠴᠠᠯᠭ᠎ᠠ᠂ ᠠᠮᠤᠷ ᠲᠦᠪᠰᠢᠨ ᠤ ᠪᠠᠲᠤᠯᠠᠭ᠎ᠠ ᠵᠡᠷᠭᠡ ᠡᠯ᠎ᠡ ᠲᠠᠯ᠎ᠠ ᠠᠴᠠ ᠳᠦᠷᠢᠮ ᠤᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠦᠨᠡᠨᠬᠦ ᠪᠠᠲᠤᠯᠠᠵᠤ᠂ ᠭᠸᠥᠯᠥᠬᠢ ᠶᠢᠨ ᠭᠠᠢ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ | ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠤᠨ᠎ᠠ᠃ | ︵ᠭᠤᠷᠪᠠ︶ ᠲᠥᠰᠥᠬᠡᠯᠡᠨ ᠬᠢᠨᠠᠨ ᠬᠡᠮᠵᠢᠵᠦ᠂ ᠵᠣᠬᠢᠴᠠᠭᠤᠯᠤᠨ ᠬᠠᠮᠵᠢᠯᠴᠠᠵᠤ᠂ ᠭᠠᠮᠰᠢᠭ ᠢ ᠰᠡᠷᠭᠡᠶᠢᠯᠡᠬᠦ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠤᠷᠢᠳᠴᠢᠯᠠᠨ ᠰᠡᠷᠭᠡᠶᠢᠯᠡᠬᠦ ᠶᠢ | ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠭᠤᠣᠯ ᠵᠠᠩᠭᠢᠯᠠᠭ᠎ᠠ ᠪᠣᠯᠭᠠᠵᠤ᠂ ᠭᠸᠥᠯᠥᠬᠢ ᠶᠢᠨ | ᠭᠠᠢ ᠭᠠᠮᠰᠢᠭ ᠠᠮᠠᠷᠬᠠᠨ ᠡᠭᠦᠰᠳᠡᠭ ᠣᠷᠣᠨ᠂ ᠠᠶᠤᠯᠲᠠᠢ ᠣᠷᠣᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ | ᠠᠵᠢᠯ ᠢ ᠴᠢᠩᠭᠠᠳᠬᠠᠨ ᠭᠡᠨᠡᠳᠲᠡ ᠶᠢᠨ ᠴᠢᠨᠠᠷᠲᠠᠢ ᠭᠸᠥᠯᠥᠬᠢ ᠶᠢᠨ ᠭᠠᠮᠰᠢᠭ ᠢ ᠠᠷᠭᠠᠴᠠᠭᠠᠬᠤ ᠬᠥᠮᠥᠰ᠂ ᠲᠧᠭᠨᠢᠭ | ᠮᠡᠷᠭᠡᠵᠢᠯ᠂ ᠡᠳ᠋ ᠪᠣᠳᠠᠰ ᠪᠠ ᠲᠥᠬᠦᠭᠡᠷᠦᠮᠵᠢ ᠶᠢᠨ ᠨᠥᠭᠡᠴᠡᠯᠡᠯᠲᠡ ᠶᠢ ᠰᠠᠶᠢᠲᠤᠷ ᠬᠢᠨ᠎ᠡ᠃ ᠠᠶᠤᠯ ᠠᠴᠠ ᠠᠪᠤᠷᠠᠬᠤ | ᠲᠤᠰᠬᠠᠢ ᠡᠩᠨᠡᠭᠡᠨ ᠤ ᠪᠣᠯᠪᠠᠰᠤᠷᠠᠭᠤᠯᠤᠯ ᠪᠠ ᠰᠣᠷᠢᠯᠲᠠ ᠶᠢ ᠴᠢᠩᠭᠠᠳᠬᠠᠵᠤ᠂ ᠮᠡᠳᠡᠭᠡ ᠵᠠᠩᠭᠢᠵᠢᠯᠲᠠ ᠶᠢᠨ ᠠᠷᠭ᠎ᠠ | ᠪᠠᠷᠢᠯ ᠢ ᠬᠡᠷᠡᠭᠯᠡᠨ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠭᠡᠨᠡᠳᠲᠡ ᠶᠢᠨ ᠴᠢᠨᠠᠷᠲᠠᠢ ᠭᠸᠥᠯᠥᠬᠢ ᠶᠢᠨ | ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠭᠸᠥᠯᠥᠬᠢ ᠶᠢᠨ ᠭᠠᠢ ᠭᠠᠮᠰᠢᠭ ᠢ ᠤᠷᠢᠳᠴᠢᠯᠠᠨ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠭᠠᠮᠰᠢᠭ ᠤᠨ | ᠪᠠᠶᠢᠳᠠᠯ ᠢ ᠣᠨᠣᠪᠴᠢᠲᠠᠶ ᠤᠷᠢᠳᠴᠢᠯᠠᠨ ᠮᠡᠳᠡᠭᠡᠯᠡᠬᠦ ᠪᠣᠯ ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ | ᠠᠵᠢᠯ ᠤᠨ ᠵᠠᠩᠭᠢᠯᠠᠭ᠎ᠠ ᠪᠠᠶᠢᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠣᠬᠢᠴᠠᠭᠤᠯᠤᠨ ᠬᠠᠮᠵᠢᠯᠴᠠᠬᠤ ᠠᠵᠢᠯ ᠪᠣᠯ | ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠰᠠᠭᠤᠷᠢ ᠪᠣᠯᠣᠨ᠎ᠠ᠃ ᠨᠢᠭᠡ ᠳᠤ᠂ ᠤᠷᠢᠳᠴᠢᠯᠠᠨ | ᠲᠥᠰᠥᠭᠡᠯᠡᠵᠦ ᠤᠷᠢᠳᠴᠢᠯᠠᠨ ᠮᠡᠳᠡᠭᠡᠯᠡᠨ᠎ᠡ᠃ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠦᠶᠡᠷ ᠤᠨ | ᠬᠤᠭᠤᠴᠠᠭᠠᠨ ᠤ ᠨᠡᠯᠢᠶᠡᠳ ᠶᠡᠭᠡ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠪᠣᠯᠣᠨ ᠨᠤᠷᠠᠵᠤ ᠶᠡᠭᠦᠷᠡᠬᠦ ᠵᠡᠷᠭᠡ | ᠭᠠᠮᠰᠢᠭ ᠤᠨ ᠪᠣᠯᠣᠮᠵᠢ ᠶᠢ ᠴᠠᠭ ᠲᠤᠬᠠᠢ ᠳᠤᠨᠢ ᠮᠡᠳᠡᠭᠳᠡᠵᠦ᠂ ᠦᠶᠡᠷ ᠤᠨ ᠬᠤᠭᠤᠴᠠᠭᠠᠨ ᠤ ᠭᠠᠮᠰᠢᠭ ᠢ ᠰᠡᠷᠭᠡᠶᠢᠯᠡᠨ | ᠵᠠᠰᠠᠬᠤ ᠨᠢᠭᠡᠳᠦᠭᠡᠷ ᠪᠣᠭᠤᠮᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ ᠭᠠᠮᠰᠢᠭ ᠢ ᠰᠡᠷᠭᠡᠶᠢᠯᠡᠬᠦ | ᠪᠠ ᠬᠢᠨᠠᠨ ᠬᠡᠮᠵᠢᠬᠦ ᠠᠵᠢᠯ ᠢ ᠰᠠᠶᠢᠲᠤᠷ ᠬᠢᠨ᠎ᠡ᠃ ᠡᠯ᠎ᠡ ᠱᠠᠲᠤᠨ ᠳᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠤᠨ᠂ | ᠣᠯᠵᠤ ᠮᠡᠳᠡᠭᠰᠡᠨ ᠠᠰᠠᠭᠤᠳᠠᠯ ᠢ ᠬᠢᠨᠠᠮᠠᠭᠠᠢ ᠵᠠᠳᠠᠯᠵᠤ᠂ ᠴᠠᠭ ᠲᠤᠬᠠᠢ ᠲᠤᠨᠢ ᠳᠡᠭᠡᠭᠰᠢ ᠮᠡᠳᠡᠭᠦᠯᠵᠦ᠂ ᠲᠦᠷᠭᠡᠬᠡᠨ | ᠰᠢᠢᠳᠪᠦᠷᠢᠯᠡᠬᠦ ᠪᠠᠷ ᠬᠦᠴᠦᠯᠡᠨ ᠴᠢᠷᠮᠠᠶᠢᠵᠤ᠂ ᠰᠡᠷᠭᠡᠶᠢᠯᠡᠬᠦ ᠠᠵᠢᠯ ᠢ ᠭᠠᠮᠰᠢᠭ ᠭᠠᠷᠬᠤ ᠠᠴᠠ ᠡᠮᠦᠨ᠎ᠡ ᠬᠢᠬᠦ ᠬᠡᠷᠡᠭᠲᠡᠢ᠃ | ᠰᠤᠮᠤ ᠶᠢᠨ ᠵᠠᠰᠠᠭ ᠤᠨ ᠣᠷᠳᠣᠨ᠂ ᠭᠠᠴᠠᠭ᠎ᠠ ᠵᠡᠷᠭᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠬᠦᠴᠦᠨ ᠳᠤ ᠭᠦᠢᠴᠡᠳ ᠲᠦᠰᠢᠭᠯᠡᠵᠦ᠂ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠵᠣᠬᠢᠴᠠᠩᠭᠤᠢ ᠤᠳᠤᠷᠢᠳᠬᠤ ᠪᠠᠶᠢᠭᠤᠯᠤᠮᠵᠢ ᠶᠢ ᠪᠠᠶᠢᠭᠤᠯᠵᠤ᠂ ᠬᠡᠷᠡᠭ ᠡᠷᠬᠢᠯᠡᠬᠦ ᠬᠥᠮᠥᠰ ᠢ ᠲᠣᠭᠲᠠᠭᠠᠵᠤ᠂ ᠵᠣᠬᠢᠶᠠᠨ | ᠪᠠᠶᠢᠭᠤᠯᠤᠯᠲᠠ ᠶᠢᠨ ᠬᠠᠷᠢᠭᠤᠴᠠᠯᠭᠠᠲᠤ ᠴᠢᠨᠠᠷ ᠢᠶᠠᠷ ᠴᠢᠩᠭ᠎ᠠ᠂ ᠵᠣᠬᠢᠬᠤ ᠪᠣᠯᠪᠠᠰᠤᠷᠠᠯ ᠤᠨ ᠰᠠᠭᠤᠷᠢ ᠲᠠᠢ ᠬᠥᠮᠥᠰ | ᠮᠡᠳᠡᠯᠭᠡ ᠶᠢᠨ ᠪᠣᠯᠪᠠᠰᠤᠷᠠᠯ ᠬᠢᠵᠦ᠂ ᠰᠢᠨᠵᠢᠯᠡᠬᠦ ᠤᠬᠠᠭᠠᠨᠴᠢ᠂ ᠪᠦᠲᠦᠮᠵᠢᠲᠡᠶ᠂ ᠶᠠᠪᠤᠭᠳᠠᠭᠤᠰᠢᠲᠠᠢ ᠬᠢᠨᠠᠨ ᠬᠡᠮᠵᠢᠬᠦ | ᠠᠷᠭ᠎ᠠ ᠪᠠᠷᠢᠯ ᠢ ᠬᠡᠷᠡᠭᠯᠡᠨ ᠦᠶᠡᠷ ᠤᠨ ᠬᠤᠭᠤᠴᠠᠭᠠᠨ ᠤ ᠭᠠᠮᠰᠢᠭ ᠤᠨ ᠪᠠᠶᠢᠳᠠᠯ ᠢ ᠬᠥᠳᠡᠯᠦᠩᠭᠦᠢ ᠪᠠᠷ ᠬᠢᠨᠠᠨ | ᠬᠡᠮᠵᠢᠵᠦ᠂ ᠭᠤᠣᠯᠳᠠᠯᠭ᠎ᠠ ᠲᠠᠢ ᠣᠷᠣᠨ ᠪᠦᠰᠡ ᠶᠢᠨ ᠲᠦᠭᠰᠢᠭᠦᠷᠢᠲᠦ ᠪᠠᠶᠢᠳᠠᠯ ᠢ ᠰᠡᠷᠭᠡᠶᠢᠯᠡᠬᠦ ᠠᠵᠢᠯ ᠢ ᠲᠤᠰᠬᠠᠢ | ᠬᠥᠮᠥᠨ ᠵᠢᠭᠠᠨ ᠲᠣᠭᠲᠠᠭᠠᠵᠤ ᠠᠵᠢᠭᠯᠠᠭᠤᠯᠤᠨ᠂ ᠭᠠᠮᠰᠢᠭ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ | ᠲᠦᠭᠰᠢᠭᠦᠷᠢᠲᠦ ᠪᠠᠶᠢᠳᠠᠯ ᠢ ᠣᠯᠵᠤ ᠮᠡᠳᠡᠪᠡᠯ ᠪᠠᠴᠢᠮ ᠪᠠᠶᠢᠳᠠᠯ ᠢ ᠠᠷᠭᠠᠴᠠᠭᠠᠬᠤ ᠭᠦᠢᠴᠡᠳ ᠠᠷᠭ᠎ᠠ ᠬᠡᠮᠵᠢᠶ᠎ᠡ ᠲᠠᠢ | ᠪᠠᠶᠢᠵᠤ᠂ ᠴᠢᠬᠤᠯᠠᠲᠠᠢ ᠦᠶ᠎ᠡ ᠳᠤ ᠪᠠᠰᠠ ᠵᠣᠬᠢᠰᠲᠠᠢ ᠰᠣᠷᠢᠯᠲᠠ ᠶᠢ ᠵᠣᠬᠢᠶᠠᠨ ᠪᠠᠶᠢᠭᠤᠯᠵᠤ᠂ ᠠᠶᠤᠯ ᠳᠤ | ᠤᠴᠠᠷᠠᠭᠠᠳ ᠰᠠᠮᠠᠭᠤᠷᠠᠬᠤ ᠦᠭᠡᠢ ᠪᠠᠶᠢᠬᠤ ᠵᠣᠷᠢᠯᠭ᠎ᠠ ᠳᠠᠭᠠᠨ ᠬᠦᠷᠴᠦ ᠪᠣᠯᠣᠨ᠎ᠠ᠃ ᠭᠤᠷᠪᠠ ᠳᠤ᠂ ᠠᠶᠤᠯ ᠳᠤ | ᠬᠤᠯᠪᠣᠭᠳᠠᠭᠰᠠᠨ ᠣᠷᠣᠨ ᠪᠦᠰᠡ ᠶᠢᠨ ᠬᠠᠮᠢᠶ᠎ᠠ ᠪᠦᠬᠦᠢ ᠨᠢᠭᠡᠴᠡ ᠪᠣᠯᠣᠨ ᠬᠤᠪᠢ ᠬᠥᠮᠥᠨ ᠤ ᠣᠯᠠᠨ ᠢᠶᠠᠷ ᠢᠶᠠᠨ | ᠠᠷᠭ᠎ᠠ ᠪᠣᠳᠣᠯᠭ᠎ᠠ ᠭᠠᠷᠭᠠᠵᠤ᠂ ᠣᠯᠠᠨ ᠢᠶᠠᠷ ᠢᠶᠠᠨ ᠵᠠᠰᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ | ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠡᠪᠯᠡᠯ᠂ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ | ᠠᠶᠤᠯ ᠭᠠᠮᠰᠢᠭ ᠶᠢᠨ ᠠᠪᠤᠷᠠᠯᠲᠠ ᠳᠤᠮᠳᠠᠬᠢ ᠭᠤᠣᠯᠯᠠᠭᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠭᠠᠮᠰᠢᠭ ᠭᠠᠷᠤᠭᠰᠠᠨ ᠤ ᠳᠠᠷᠠᠭᠠᠬᠢ ᠡᠯ᠎ᠡ ᠵᠦᠢᠯ ᠤᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠢ᠃ | ᠭᠤᠷᠪᠠ᠂ ᠡᠵᠡᠨ᠎ᠡ ᠬᠤᠰᠢᠭᠤᠨ ᠤ ᠭᠸᠥᠯᠥᠬᠢ ᠶᠢᠨ ᠭᠠᠮᠰᠢᠭ ᠤᠨ ᠭᠤᠣᠯ ᠳᠠᠯᠳᠠ ᠭᠡᠮ ᠣᠷᠣᠰᠢᠵᠤ ᠪᠠᠶᠢᠭ᠎ᠠ | ᠬᠦᠷᠢᠶ᠎ᠡ ᠬᠡᠪᠴᠢᠶ᠎ᠡ | ︵ᠨᠢᠭᠡ︶ ᠡᠵᠡᠨ᠎ᠡ ᠬᠤᠰᠢᠭᠤᠨ ᠤ ᠦᠵᠦᠭᠦᠷ ᠭᠠᠰᠢᠭᠤᠨ ᠲᠡᠮᠦᠷ ᠤᠨ ᠠᠭᠤᠷᠬᠠᠢ᠂ ᠡᠵᠡᠨ᠎ᠡ ᠬᠤᠰᠢᠭᠤᠨ ᠤ | ᠰᠦᠸᠧ ᠰᠦᠸᠧ ᠵᠢᠩ ᠲᠡᠮᠦᠷ ᠬᠠᠷ᠎ᠠ ᠲᠤᠭᠤᠯᠭ᠎ᠠ ᠶᠢᠨ ᠠᠭᠤᠷᠬᠠᠢ᠂ ᠡᠵᠡᠨ᠎ᠡ ᠬᠤᠰᠢᠭᠤᠨ ᠤ ᠰᠢᠶᠥᠤ ᠬᠤ᠋ ᠯᠢ | ᠱᠠᠨ ᠶᠢᠨ ᠬᠠᠷ᠎ᠠ ᠲᠤᠭᠤᠯᠭ᠎ᠠ ᠴᠠᠶᠢᠷ ᠮᠤᠯᠢᠪᠳᠧᠨ ᠬᠦᠳᠡᠷ ᠤᠨ ᠠᠭᠤᠷᠬᠠᠢ᠂ ᠡᠵᠡᠨ᠎ᠡ ᠬᠤᠰᠢᠭᠤᠨ ᠤ ᠰᠢᠷ᠎ᠠ ᠬᠠᠳᠠ | ᠨᠡᠭᠦᠷᠡᠰᠦᠨ ᠠᠭᠤᠷᠬᠠᠢ᠂ ᠡᠵᠡᠨ᠎ᠡ ᠬᠤᠰᠢᠭᠤᠨ ᠤ ᠺᠠᠩ ᠳ᠋ᠠ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ | ᠾᠧᠢ ᠶᠢᠩ ᠱᠠᠨ ᠠᠭᠤᠷᠬᠠᠢ ᠶᠢᠨ ᠣᠷᠣᠨ ᠤ VI ᠠᠭᠤᠷᠬᠠᠢ ᠶᠢᠨ ᠬᠡᠰᠡᠭ᠂ ᠡᠵᠡᠨ᠎ᠡ ᠬᠤᠰᠢᠭᠤᠨ ᠤ ᠪᠢ ᠢᠦᠢ ᠱᠠᠨ | ᠲᠡᠮᠦᠷ ᠤᠨ ᠠᠭᠤᠷᠬᠠᠢ᠂ ᠡᠵᠡᠨ᠎ᠡ ᠬᠤᠰᠢᠭᠤᠨ ᠤ ᠯᠢᠦ ᠱᠠ ᠱᠠᠨ ᠠᠭᠤᠯᠠ ᠶᠢᠨ ᠮᠤᠯᠢᠪᠳᠧᠨ ᠬᠦᠳᠡᠷ ᠤᠨ | ᠠᠭᠤᠷᠬᠠᠢ ᠳᠤ ᠭᠠᠵᠠᠷ ᠴᠥᠮᠥᠷᠡᠬᠦ ︵ᠭᠸᠥᠯᠥᠬᠢ ᠶᠢᠨ ᠠᠩ ᠴᠠᠪᠠ︶ ᠳᠠᠯᠳᠠ ᠬᠡᠮ ᠣᠷᠣᠰᠢᠵᠤ ᠪᠣᠢ ᠃ ᠳᠡᠭᠡᠷᠡᠬᠢ | ᠠᠭᠤᠷᠬᠠᠢ ᠶᠢ ᠨᠡᠭᠡᠭᠡᠨ ᠮᠠᠯᠲᠠᠬᠤ ᠠᠷᠭ᠎ᠠ ᠮᠠᠶ᠋ᠢᠭ ᠪᠣᠯ ᠭᠠᠵᠠᠷ ᠳᠣᠣᠷ᠎ᠠ ᠠᠴᠠ ᠨᠡᠭᠡᠭᠡᠨ ᠮᠠᠯᠲᠠᠬᠤ ᠠᠷᠭ᠎ᠠ ᠮᠠᠶ᠋ᠢᠭ | ᠪᠣᠯᠣᠨ᠎ᠠ᠃ ᠭᠠᠮᠰᠢᠭ ᠡᠭᠦᠰᠬᠡᠬᠦ ᠭᠤᠣᠯ ᠬᠦᠴᠦᠨ ᠵᠦᠢᠯ ᠪᠣᠯ ᠪᠣᠷᠣᠭᠠᠨ ᠣᠷᠣᠬᠤ᠂ ᠭᠠᠵᠠᠷ ᠬᠥᠳᠡᠯᠬᠦ᠂ ᠠᠭᠤᠷᠬᠠᠢ | ᠮᠠᠯᠲᠠᠬᠤ ᠠᠵᠢᠯᠯᠠᠭ᠎ᠠ᠂ ᠳᠡᠯᠪᠡᠴᠢᠯᠲᠡ ᠠᠴᠠ ᠬᠡᠯᠪᠡᠯᠵᠡᠯᠲᠡ ᠪᠣᠯᠣᠨ᠎ᠠ᠂ ᠠᠶᠥᠯ ᠳᠤ ᠤᠴᠠᠷᠠᠬᠤ ᠬᠤᠣᠷ ᠬᠥᠨᠥᠭᠡᠯ | ᠤᠴᠠᠷᠠᠭᠤᠯᠬᠤ ᠡᠲᠡᠭᠡᠳ ᠪᠣᠯ ᠠᠭᠤᠷᠬᠠᠢ ᠮᠠᠯᠲᠠᠭᠴᠢᠳ ᠵᠢᠴᠢ ᠮᠠᠰᠢᠨ ᠲᠥᠬᠦᠭᠡᠷᠦᠮᠵᠢ ᠪᠣᠯᠣᠨ᠎ᠠ᠃ | ︵ᠬᠤᠶᠠᠷ︶ ᠵᠢᠶᠠ ᠢᠦᠢ ᠭᠤᠸᠠᠨ ᠪᠣᠭᠤᠮᠲᠠ - ᠾᠧᠢ ᠶᠢᠩ ᠱᠠᠨ ᠲᠡᠮᠦᠷ ᠤᠨ ᠠᠭᠤᠷᠬᠠᠢ ᠶᠢᠨ ᠵᠠᠰᠠᠮᠠᠯ | ᠵᠠᠮ ᠳᠠᠭᠠᠤ ᠶᠢᠨ ᠬᠡᠰᠡᠭ ᠪᠣᠯ ᠨᠤᠷᠠᠵᠤ ᠶᠡᠭᠦᠷᠡᠬᠦ ᠭᠸᠥᠯᠥᠬᠢ ᠶᠢᠨ ᠭᠠᠮᠰᠢᠭ ᠤᠨ ᠭᠤᠣᠯᠳᠠᠯᠭ᠎ᠠ ᠲᠠᠢ ᠳᠠᠯᠳᠠ ᠭᠡᠮ ᠤᠨ | ᠣᠷᠣᠨ ᠪᠣᠯᠣᠨ᠎ᠠ᠃ ︵ᠴᠢᠯᠠᠭᠤᠯᠢᠭ ᠪᠡᠶ᠎ᠡ ᠶᠢᠨ ᠨᠤᠷᠠᠯᠲᠠ ᠶᠢᠨ ᠭᠸᠥᠯᠥᠬᠢ ᠶᠢᠨ ᠭᠠᠮᠰᠢᠭ ᠭᠠᠷᠴᠤ ᠦᠩᠭᠡᠷᠡᠪᠠ ︶ | ︵ᠭᠤᠷᠪᠠ︶ ᠡᠵᠡᠨ᠎ᠡ ᠬᠤᠰᠢᠭᠤᠨ ᠤ ᠮᠠᠽᠦ᠋ᠩᠱᠠᠨ ᠤ ᠭᠠᠵᠠᠷ ᠣᠷᠣᠨ ᠢ ᠭᠠᠵᠠᠷ ᠬᠥᠳᠡᠯᠦᠯᠲᠡ ᠶᠢᠨ | ᠭᠸᠥᠯᠥᠬᠢ ᠶᠢᠨ ᠭᠠᠮᠰᠢᠭ ᠤᠨ ᠭᠤᠣᠯᠳᠠᠯᠭ᠎ᠠ ᠲᠠᠢ ᠳᠠᠯᠳᠠ ᠬᠡᠮ ᠲᠠᠢ ᠣᠷᠣᠨ ᠪᠣᠯᠭᠠᠨ᠎ᠠ᠃ ︵2012 ᠣᠨ ᠤ 5 | ᠰᠠᠷ᠎ᠠ ᠶᠢᠨ 4 ᠤ ᠡᠳᠦᠷ ᠤᠨ ᠥᠷᠯᠥᠭᠡ ᠡᠵᠡᠨ᠎ᠠ ᠬᠤᠰᠢᠭᠤᠨ ᠤ ᠮᠠᠽᠦ᠋ᠩᠱᠠᠨ ᠳᠤ 5.4 ᠲᠠᠰ ᠤᠨ ᠭᠠᠵᠠᠷ | ᠬᠥᠳᠡᠯᠦᠯᠲᠡ ᠡᠭᠦᠰᠪᠡ︶ | ︵ᠳᠥᠷᠪᠡ︶ ᠵᠢᠦᠴᠢᠦᠸᠠᠨ ᠤ ᠪᠣᠯᠣᠳ ᠲᠡᠮᠦᠷ ᠤᠨ ᠪᠦᠯᠦᠭᠯᠡᠯ ᠤᠨ ᠾᠧᠢ ᠶᠢᠩ ᠱᠠᠨ ᠤ ᠲᠡᠮᠦᠷ ᠤᠨ | ᠠᠭᠤᠷᠬᠠᠢ᠂ ᠡᠵᠡᠨ᠎ᠡ ᠬᠤᠰᠢᠭᠤᠨ ᠤ ᠦᠵᠦᠭᠦᠷ ᠭᠠᠰᠢᠭᠤᠨ ᠲᠠᠮᠤᠷ ᠤᠨ ᠠᠭᠤᠷᠬᠠᠢ᠂ ᠡᠵᠡᠨ᠎ᠡ ᠬᠤᠰᠢᠭᠤᠨ ᠤ ᠪᠠᠢ | ᠾᠧ ᠱᠠᠨ ᠤ ᠲᠡᠮᠦᠷ ᠤᠨ ᠠᠭᠤᠷᠬᠠᠢ᠂ ᠡᠵᠡᠨ᠎ᠡ ᠬᠤᠰᠢᠭᠤᠨ ᠤ ᠾᠧᠢ ᠱᠠᠨ ᠲᠡᠮᠦᠷ ᠤᠨ ᠠᠭᠤᠷᠬᠠᠢ᠂ ᠡᠵᠡᠨ᠎ᠡ | ᠬᠤᠰᠢᠭᠤᠨ ᠤ ᠪᠠᠢ ᠯᠦᠩ ᠱᠠᠨ ᠤ ᠬᠠᠶᠢᠯᠤᠭᠤᠷ ᠵᠤᠩᠰᠢ ᠶᠢᠨ ᠠᠭᠤᠷᠬᠠᠢ᠂ ᠡᠵᠡᠨ᠎ᠡ ᠬᠤᠰᠢᠭᠤᠨ ᠤ ᠯᠣᠣ ᠳ᠋ᠦᠩ | ᠭᠧᠦ ᠶᠢᠨ ᠠᠯᠲᠠᠨ ᠤ ᠠᠭᠤᠷᠬᠠᠢ᠂ ᠡᠵᠡᠨ᠎ᠡ ᠬᠤᠰᠢᠭᠤᠨ ᠤ ᠳ᠋ᠦᠩ ᠴᠢ ᠢ ᠱᠠᠨ ᠤ ᠬᠠᠶᠢᠯᠤᠭᠤᠷ ᠵᠤᠩᠰᠢ ᠶᠢᠨ | ᠠᠭᠤᠷᠬᠠᠢ ᠶᠢᠨ ᠮᠠᠯᠲᠠᠯᠲᠠ ᠶᠢᠨ ᠨᠦᠬᠡ ᠶᠢᠨ ᠬᠠᠵᠠᠭᠤ ᠶᠢᠨ ᠬᠥᠲᠥᠯ ᠡᠭᠴᠡ ᠠᠰᠬ᠎ᠠ ᠪᠠᠶᠢᠵᠣ᠃ ᠭᠸᠥᠯᠥᠬᠢ ᠶᠢᠨ | ᠭᠠᠮᠰᠢᠭ ︵ᠨᠤᠷᠠᠵᠤ ᠶᠡᠭᠦᠷᠡᠬᠦ︶ ᠤᠨ ᠳᠠᠯᠳᠠ ᠬᠡᠮ ᠣᠷᠣᠰᠢᠵᠤ᠂ ᠭᠠᠮᠰᠢᠭ ᠡᠭᠦᠰᠬᠡᠬᠦ ᠭᠤᠣᠯ ᠬᠦᠴᠦᠨ ᠵᠦᠢᠯ ᠪᠣᠯ | ᠪᠣᠷᠣᠭᠠᠨ ᠣᠷᠣᠬᠤ᠂ ᠭᠠᠵᠠᠷ ᠬᠥᠳᠡᠯᠬᠦ᠂ ᠠᠴᠢᠶᠠᠯᠠᠬᠤ᠂ ᠨᠠᠯᠠᠤ ᠶᠢᠨ ᠥᠨᠴᠥᠭ ᠮᠠᠯᠲᠠᠬᠤ᠂ ᠳᠡᠯᠪᠡᠴᠢᠨ | ᠳᠣᠷᠭᠢᠭᠤᠯᠬᠤ ᠵᠡᠷᠭᠡ ᠪᠣᠯᠣᠨ᠎ᠠ᠂ ᠬᠥᠨᠥᠭᠡᠯ ᠠᠶᠤᠯ ᠤᠴᠠᠷᠠᠬᠤ ᠡᠲᠡᠭᠡᠳ ᠪᠣᠯ ᠠᠭᠤᠷᠬᠠᠢ ᠮᠠᠯᠲᠠᠭᠴᠢᠳ ᠵᠢᠴᠢ | ᠮᠠᠰᠢᠨ ᠲᠥᠬᠦᠭᠡᠷᠦᠮᠵᠢ ᠪᠣᠯᠣᠨ᠎ᠠ᠃ | ︵ᠲᠠᠪᠤ︶ ᠬᠠᠷᠢᠶ᠎ᠠ ᠣᠷᠣᠨ ᠤ ᠳᠣᠲᠣᠷᠠᠬᠢ ᠭᠤᠣᠯ ᠳᠠᠭᠠᠤ ᠶᠢᠨ ᠵᠠᠮ ᠢ ᠵᠠᠰᠠᠬᠤ ᠠᠵᠢᠯ ᠢ | ᠴᠢᠬᠤᠯᠠᠴᠢᠯᠠᠭᠰᠠᠨ ᠢᠶᠠᠷ ᠳᠤᠲᠠᠮᠠᠭ ᠪᠠᠶᠢᠵᠤ ᠬᠠᠰᠢᠯᠭ᠎ᠠ ᠳᠠᠯᠠᠩ ᠤᠨ ᠤᠰᠤ ᠳᠠᠪᠠᠭᠠᠳ ᠭᠤᠣᠯ ᠤᠨ ᠵᠠᠮ ᠢ ᠡᠪᠳᠡᠨ | ᠰᠦᠢᠳᠭᠡᠵᠤ ᠪᠠᠶᠢᠭ᠎ᠠ ᠠᠰᠠᠭᠤᠳᠠᠯ ᠤᠷᠤᠰᠢᠵᠤ ᠪᠤᠢ᠃ | ︵ᠵᠢᠷᠭᠤᠭ᠎ᠠ︶ ᠴᠡᠭᠡ ᠪᠣᠭᠤᠮᠲᠠ ᠶᠢᠨ ᠭᠠᠵᠠᠷ ᠣᠷᠣᠨ ᠤ ᠦᠶᠡᠷ ᠤᠨ ᠬᠤᠭᠤᠴᠠᠭᠠᠨ ᠳᠤ ᠠᠷᠤ | ᠮᠣᠩᠭᠤᠯ ᠤᠨ ᠠᠭᠤᠯᠠᠨ ᠦᠶᠡᠷ ᠲᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠤᠢ ᠃ᠠᠭᠤᠯᠠᠨ ᠦᠶᠡᠷ | ᠰᠢᠪᠠᠷ ᠴᠢᠯᠠᠭᠤᠨ ᠤ ᠤᠷᠤᠰᠬᠠᠯ ᠨᠢ ᠭᠤᠣᠯᠳᠠᠭᠤ ᠰᠢᠷᠦᠭᠦᠨ ᠪᠣᠷᠣᠭᠠᠨ ᠤ ᠨᠥᠯᠥᠭᠡ ᠠᠴᠠ ᠪᠤᠢ ᠪᠣᠯᠤᠭᠰᠠᠨ ᠪᠥᠭᠡᠳ | ᠢᠷᠡᠬᠦ ᠪᠠᠶᠢᠳᠠᠯ ᠨᠢ ᠰᠢᠷᠦᠭᠦᠨ ᠂ ᠴᠠᠭ ᠨᠢ ᠣᠬᠤᠷ ᠂ ᠬᠤᠣᠷ ᠬᠥᠨᠥᠭᠡᠯ ᠨᠢ ᠬᠦᠨᠳᠦ ᠪᠠᠶᠢᠳᠠᠭ ᠪᠣᠯᠬᠤᠷ ᠦᠶᠡᠷ | ᠵᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | 2023 ᠣᠨ ᠤ ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ | ᠬᠢᠬᠦ ᠶᠢᠨ ᠲᠥᠯᠥᠭᠡ᠂ ᠡᠵᠡᠨ᠎ᠡ ᠬᠤᠰᠢᠭᠤᠨ ᠤ ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠠᠵᠢᠯ ᠤᠨ ᠤᠳᠤᠷᠢᠳᠬᠤ ᠳᠤᠭᠤᠶᠢᠯᠠᠩ ᠢ ᠣᠨᠴᠠᠭᠠᠶᠢᠯᠠᠨ ᠪᠠᠶᠢᠭᠤᠯᠪᠠ ︵ᠳᠠᠭᠠᠯᠳᠤᠭᠤᠯᠤᠯ ᠳᠤ ᠦᠵᠡ︶᠃ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ | ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢ ᠵᠥᠩ ᠵᠢᠶᠠ ᠬᠤ᠋ ᠬᠠᠪᠰᠤᠷᠭᠠᠨ ᠬᠠᠷᠢᠭᠤᠴᠠᠵᠤ᠂ ᠪᠥᠬᠦ | ᠬᠤᠰᠢᠭᠤᠨ ᠤ ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠬᠦ ᠠᠵᠢᠯ ᠢ ᠵᠣᠬᠢᠴᠠᠭᠤᠯᠤᠨ ᠥᠷᠨᠢᠭᠦᠯᠬᠦ ᠶᠢ ᠪᠣᠳᠠᠲᠠᠢ | ᠬᠠᠷᠢᠭᠤᠴᠠᠨ᠎ᠠ᠃ | ᠲᠠᠪᠤ ᠂ ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ | ︵ᠨᠢᠭᠡ︶ ᠭᠸᠥᠯᠥᠬᠢ ᠶᠢᠨ ᠭᠠᠢ ᠭᠠᠮᠰᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ | ᠠᠵᠢᠯᠯᠠᠭ᠎ᠠ ᠶᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠵᠠᠮ᠂ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ︽4.22︾ ᠤᠨ ᠳᠡᠯᠡᠬᠡᠢ ᠶᠢᠨ ᠪᠥᠮᠪᠥᠷᠴᠡᠭ ᠤᠨ ᠡᠳᠦᠷ ᠂ | ︽ 5.12 ︾ ᠤᠨ ᠪᠦᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠂ ︽12.4 ︾ ᠶᠢᠨ | ᠦᠨᠳᠦᠰᠦᠨ ᠬᠠᠤᠯᠢ ᠶᠢᠨ ᠡᠳᠦᠷ ᠵᠡᠷᠭᠡ ᠴᠢᠬᠤᠯᠠ ᠡᠳᠦᠷ ᠲᠤᠬᠢᠶᠠᠯᠳᠠᠭᠤᠯᠤᠨ ᠭᠸᠥᠯᠥᠬᠢ ᠶᠢᠨ ᠭᠠᠢ ᠭᠠᠮᠰᠢᠭ ᠢ | ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢ ᠰᠠᠶᠢᠲᠤᠷ ᠬᠢᠵᠤ᠂ ᠨᠡᠩ ᠤᠯᠠᠨ ᠺᠠᠳ᠋ᠷ ᠤᠯᠠᠨ ᠲᠦᠮᠡᠨ ᠳᠤ | ᠭᠸᠥᠯᠥᠬᠢ ᠶᠢᠨ ᠭᠠᠢ ᠭᠠᠮᠰᠢᠭ ᠤᠨ ᠬᠤᠣᠷ ᠬᠥᠨᠥᠭᠡᠯᠳᠦ ᠴᠢᠨᠠᠷ ᠪᠠ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ | ᠬᠢᠬᠦ ᠶᠢᠨ ᠴᠢᠬᠤᠯᠠ ᠴᠢᠨᠠᠷ ᠢ ᠲᠠᠨᠢᠭᠤᠯᠵᠤ᠂ ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠬᠦ ᠤᠬᠠᠮᠰᠠᠷ ᠢ ᠬᠥᠮᠥᠰ ᠤᠨ | ᠰᠡᠳᠬᠢᠯ ᠳᠤ ᠬᠠᠳᠠᠩᠰᠢᠭᠤᠯᠵᠤ ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠲᠠᠰᠤᠷᠠᠯᠳᠠ ᠦᠭᠡᠢ ᠴᠢᠩᠭᠠᠳᠬᠠᠵᠤ᠂ | ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ | ︵ᠬᠤᠶᠠᠷ︶ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠡᠯ᠎ᠡ ᠰᠤᠮᠤ ᠪᠠᠯᠭᠠᠰᠤ | ᠪᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠲᠣᠰ ᠲᠥᠰᠥᠯ ᠢ ᠦᠨᠳᠦᠰᠦᠯᠡᠨ ᠬᠢᠨᠠᠮᠠᠭᠠᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠷᠢᠭᠤᠴᠠᠯᠭᠠᠲᠠᠨ ᠢ ᠨᠠᠶᠢᠳᠠᠪᠦᠷᠢᠵᠢᠭᠤᠯᠵᠤ ᠱᠠᠲᠤ ᠳᠠᠷᠠᠭᠠᠯᠠᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠯᠳᠠ ᠶᠢ ᠴᠢᠩᠭᠠᠳᠬᠠᠨ᠎ᠠ᠂ ᠵᠢᠱᠢᠶᠡᠯᠡᠪᠡᠯ ᠭᠸᠥᠯᠥᠬᠢ ᠶᠢᠨ ᠭᠠᠮᠰᠢᠭ ᠭᠠᠷᠪᠠᠯ | ᠴᠠᠭ ᠲᠤᠬᠠᠢ ᠳᠤᠨᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ | ︵ᠭᠤᠷᠪᠠ︶ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠡᠯ᠎ᠡ ᠰᠤᠮᠤ᠂ | ᠪᠠᠯᠭᠠᠰᠤ ᠪᠠ ᠠᠭᠤᠷᠬᠠᠢ ᠶᠢᠨ ᠠᠵᠤ ᠠᠬᠤᠶᠢᠯᠠᠯ ᠤᠳ ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ | ᠠᠵᠢᠯ ᠤᠨ ᠤᠳᠤᠷᠢᠳᠬᠤ ᠳᠤᠭᠤᠶᠢᠯᠠᠩ ᠢ ᠵᠣᠬᠢᠴᠠᠩᠭᠤᠢ ᠪᠠᠷ ᠪᠠᠶᠢᠭᠤᠯᠵᠤ᠂ ᠬᠠᠷᠢᠭᠤᠴᠠᠯᠭᠠᠲᠠᠨ ᠵᠢᠴᠢ ᠬᠠᠷᠢᠯᠴᠠᠬᠤ | ᠬᠥᠮᠥᠨ ᠢ ᠲᠣᠭᠲᠠᠭᠠᠬᠤ ᠶᠢᠨ ᠬᠠᠮᠲᠤ᠂ ᠨᠡᠷᠡᠰ᠂ ᠬᠠᠷᠢᠯᠴᠠᠬᠤ ᠠᠷᠭ᠎ᠠ ᠮᠠᠶ᠋ᠢᠭ ᠢᠶᠠᠨ ᠬᠤᠰᠢᠭᠤᠨ ᠤ ᠭᠸᠥᠯᠥᠬᠢ ᠶᠢᠨ | ᠭᠠᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ | ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ | ︵ᠳᠥᠷᠪᠡ︶ ᠭᠸᠥᠯᠥᠬᠢ ᠶᠢᠨ ᠢ ᠬᠢᠨᠠᠨ ᠬᠡᠮᠵᠢᠵᠦ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ ᠂ | ᠭᠤᠣᠯᠳᠠᠯᠭ᠎ᠠ ᠲᠠᠢ ᠬᠢᠨᠠᠨ ᠬᠡᠮᠵᠢᠬᠦ ᠴᠠᠭ ᠨᠢ ᠲᠠᠪᠤᠳᠦᠭᠠᠷ ᠰᠠᠷ᠎ᠠ ᠠᠴᠠ ᠠᠷᠪᠠᠳᠤᠭᠠᠷ ᠰᠠᠷ᠎ᠠ ᠶᠢᠨ ᠦᠶᠡᠷ ᠤᠨ | ᠬᠤᠭᠤᠴᠠᠭᠠᠨ ᠳᠤ ᠪᠠᠶᠢᠵᠤ ᠂ ᠦᠶᠡᠷ ᠬᠤᠭᠤᠴᠠᠭᠠᠨ ᠳᠤ 24 ᠴᠠᠭ ᠢᠶᠠᠷ ᠵᠢᠵᠢᠭᠦᠷᠯᠡᠬᠦ ᠳᠦᠷᠢᠮ ᠬᠢᠭᠡᠳ ᠭᠠᠵᠠᠷ | ᠤᠨ ᠭᠠᠮᠰᠢᠭ ᠢ ᠲᠦᠷᠭᠡᠨ ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ | ︵ᠲᠠᠪᠤ︶ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠡᠯ᠎ᠡ ᠰᠤᠮᠤ ᠪᠠᠯᠭᠠᠰᠤ | ᠪᠣᠯᠣᠨ ᠡᠯ᠎ᠡ ᠠᠭᠤᠷᠬᠠᠢ ᠶᠢᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠢ ᠭᠸᠥᠯᠥᠬᠢ ᠶᠢᠨ ᠭᠠᠢ | ᠭᠠᠮᠰᠢᠭ ᠤᠨ ᠳᠠᠯᠳᠠ ᠬᠡᠮ ᠤᠨ ᠴᠡᠭ ᠤᠨ ᠪᠣᠳᠠᠲᠠᠢ ᠬᠠᠷᠢᠭᠤᠴᠠᠯᠭᠠᠲᠠᠨ ᠪᠠᠶᠢᠵᠤ᠂ ᠳᠠᠯᠳᠠ ᠬᠡᠮ ᠢ ᠬᠢᠨᠠᠨ ᠬᠡᠮᠵᠢᠬᠦ | ᠠᠵᠢᠯ ᠢ ᠬᠠᠷᠢᠭᠤᠴᠠᠨ᠂ ᠳᠠᠯᠳᠠ ᠬᠡᠮ ᠢ ᠬᠢᠨᠠᠨ ᠬᠡᠮᠵᠢᠵᠦ ᠲᠡᠮᠳᠡᠭᠯᠡᠬᠦ ᠳᠦᠷᠢᠮ ᠢ ᠪᠠᠶᠢᠭᠤᠯᠵᠤ᠂ ᠦᠶᠡᠷ ᠤᠨ | ᠬᠤᠭᠤᠴᠠᠭᠠᠨ ᠳᠤ ᠪᠠᠶᠢᠴᠠᠭᠠᠬᠤ ᠨᠢᠭᠲᠠᠴᠠ ᠪᠠᠨ ᠨᠡᠮᠡᠭᠳᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠲᠦᠭᠰᠢᠭᠦᠷᠢ | ᠮᠡᠳᠡᠭᠡᠯᠡᠬᠦ ᠳᠦᠷᠢᠮ ᠪᠣᠯᠣᠨ ᠬᠥᠮᠥᠰ ᠢ ᠲᠠᠷᠬᠠᠭᠠᠬᠤ ᠲᠥᠰᠥᠯ ᠢ ᠲᠣᠭᠲᠠᠭᠠᠬᠤ ᠬᠡᠷᠡᠭᠲᠡᠢ᠃ | ︵ᠵᠢᠷᠭᠤᠭ᠎ᠠ︶ ᠠᠶᠤᠯ ᠤᠨ ᠪᠠᠶᠢᠳᠠᠯ ᠨᠡᠯᠢᠶᠡᠳ ᠬᠦᠨᠳᠦ ᠵᠢᠴᠢ ᠵᠠᠰᠠᠬᠤ ᠶᠢᠨ ᠠᠷᠭ᠎ᠠ ᠦᠭᠡᠢ ᠭᠠᠵᠠᠷ ᠢ ᠪᠣᠯ | ᠲᠤᠬᠠᠢ ᠶᠢᠨ ᠭᠠᠵᠠᠷ ᠤᠨ ᠪᠠᠶᠢᠳᠠᠯ ᠲᠠᠢ ᠪᠠᠨ ᠤᠶᠠᠯᠳᠤᠭᠤᠯᠤᠨ ᠲᠠᠷᠬᠠᠭᠠᠵᠤ ᠵᠢᠯᠤᠭᠤᠳᠤᠨ ᠲᠠᠭᠠᠷᠠᠭᠤᠯᠬᠤ ᠲᠥᠷ | ᠴᠠᠭ ᠭᠠᠷᠴᠤ ᠮᠡᠳᠡᠬᠦ ᠬᠤᠬᠢᠷᠠᠯ ᠢ ᠬᠠᠮᠤᠭ ᠤᠨ ᠪᠠᠭ᠎ᠠ ᠬᠡᠮᠵᠢᠶᠠᠨ ᠳᠤ ᠬᠦᠷᠲᠡᠯ᠎ᠡ ᠪᠠᠭᠤᠷᠠᠭᠤᠯᠬᠤ ᠬᠡᠷᠡᠭᠲᠡᠢ ᠃ | ︵ᠳᠣᠯᠤᠭ᠎ᠠ︶ ᠬᠤᠶᠢᠰᠢᠳᠠ ᠭᠤᠣᠯ ᠪᠣᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ᠂ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠭᠤᠶᠤᠴᠢᠯᠠᠬᠤ ᠠᠴᠠ ᠡᠮᠦᠨ᠎ᠡ᠂ ᠡᠷᠬᠡᠪᠰᠢ ᠭᠸᠥᠯᠥᠬᠢ ᠶᠢᠨ ᠭᠠᠢ ᠭᠠᠮᠰᠢᠭ ᠢ | ᠦᠨᠡᠯᠡᠨ ᠵᠢᠱᠢᠬᠦ ᠶᠢᠨ ᠬᠠᠮᠲᠤ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠦᠨ | ᠮᠠᠭᠠᠳᠯᠠᠨ ᠲᠣᠭᠲᠠᠭᠠᠯᠭᠠᠵᠤ᠂ ᠰᠢᠨ᠎ᠡ ᠪᠠᠷ ᠭᠸᠥᠯᠥᠬᠢ ᠶᠢᠨ ᠭᠠᠢ ᠭᠠᠮᠰᠢᠭ ᠡᠭᠦᠰᠬᠦ ᠶᠢ ᠰᠡᠷᠭᠡᠶᠢᠯᠡᠬᠦ ᠬᠡᠷᠡᠭᠲᠡᠢ᠃ | ︵ᠨᠠᠢᠮᠠ︶ ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠪᠡᠯᠡ ᠮᠥᠩᠭᠦ ᠶᠢ ᠵᠢᠯ ᠤᠨ | ᠲᠥᠰᠥᠪ ᠲᠡᠭᠡᠨ ᠣᠷᠣᠭᠤᠯᠵᠤ᠂ ᠭᠠᠢ ᠭᠠᠮᠰᠢᠭ ᠢ ᠬᠢᠨᠠᠨ ᠬᠡᠮᠵᠢᠬᠦ ᠂ ᠪᠠᠴᠢᠮ ᠪᠠᠶᠢᠳᠠᠯ ᠢ ᠠᠷᠭᠠᠴᠠᠨ ᠪᠠᠶᠢᠴᠠᠭᠠᠬᠤ ᠪᠠ | ᠵᠠᠰᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ ᠃ | ︵ᠶᠢᠰᠦ︶ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠡᠯ᠎ᠡ ᠰᠤᠮᠤ ︵ | ᠪᠠᠯᠭᠠᠰᠤ︶ ᠪᠣᠯᠣᠨ ᠡᠯ᠎ᠡ ᠨᠢᠭᠡᠴᠡ ᠵᠢᠴᠢ ᠠᠭᠤᠷᠬᠠᠢ ᠶᠢᠨ ᠭᠸᠥᠯᠥᠬᠢ ᠶᠢᠨ ᠭᠠᠢ ᠭᠠᠮᠰᠢᠭ ᠢ ᠬᠢᠨᠠᠨ ᠬᠡᠮᠵᠢᠬᠦ | ᠬᠠᠷᠢᠭᠤᠴᠠᠯᠭᠠᠲᠠᠨ ᠨᠢ ᠲᠣᠰ ᠬᠠᠷᠢᠶ᠎ᠠ ᠣᠷᠣᠨ ᠤ ᠪᠠᠨ ᠭᠸᠥᠯᠥᠬᠢ ᠶᠢᠨ ᠭᠠᠢ ᠭᠠᠮᠰᠢᠭ ᠤᠨ ᠴᠡᠭ ᠢ ᠬᠢᠨᠠᠨ | ᠬᠡᠮᠵᠢᠬᠦ ᠳᠡᠭᠡᠨ ᠪᠠᠷᠢᠮᠵᠢᠶ᠎ᠠ ᠳᠤ ᠬᠦᠷᠬᠦ ᠦᠭᠡᠢ᠂ ᠡᠭᠦᠷᠭᠡ ᠲᠤᠰᠢᠶᠠᠯ ᠳᠠᠭᠠᠨ ᠣᠰᠣᠯᠳᠠᠵᠤ᠂ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠬᠤᠬᠢᠷᠠᠯ ᠤᠨ ᠬᠡᠮᠵᠢᠶ᠎ᠡ ᠪᠠᠷ ᠵᠣᠬᠢᠬᠤ ᠬᠠᠷᠢᠭᠤᠴᠠᠯᠭ᠎ᠠ ᠨᠡᠬᠡᠮᠵᠢᠯᠡᠨ᠎ᠡ ᠃ᠦᠢᠯᠡ | ᠪᠠᠶᠢᠳᠠᠯ ᠨᠢ ᠬᠦᠨᠳᠦ ᠨᠣᠴᠢᠲᠠᠢ ᠪᠠᠶᠢᠵᠤ᠂ ᠬᠦᠨᠳᠦ ᠨᠣᠴᠢᠲᠠᠢ ᠬᠤᠬᠢᠷᠠᠯ ᠤᠴᠠᠷᠠᠭᠤᠯᠤᠭᠰᠠᠨ ᠪᠠ ᠬᠥᠮᠥᠨ ᠦᠬᠦᠵᠦ | ᠰᠢᠷᠬᠠᠲᠤᠭᠰᠠᠨ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠠᠤᠯᠢ | ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ ᠃ | ᠵᠢᠷᠭᠤᠭ᠎ᠠ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ︵ᠨᠢᠭᠡ︶ ᠭᠸᠥᠯᠥᠬᠢ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠤᠳᠤᠷᠢᠳᠬᠤ | ᠳᠤᠭᠤᠶᠢᠯᠠᠩ ᠭᠸᠥᠯᠥᠬᠢ ᠵᠢᠨᠭᠠᠮᠰᠢᠭ ᠰᠡᠷᠭᠡᠶᠢᠯᠡᠨ ᠵᠠᠰᠠᠬᠤ ᠠᠵᠢᠯ ᠤᠨ ᠲᠦᠷᠢᠮ ᠢ ᠲᠣᠭᠲᠠᠭᠠᠵᠤ᠂ ᠪᠦᠷᠢᠯᠳᠦᠭᠦᠨ | ᠨᠢᠭᠡᠴᠡ ᠶᠢᠨ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ ᠃ ᠰᠢᠨᠵᠢᠯᠡᠭᠡᠨ ᠤ ᠭᠸᠥᠯᠥᠬᠢ ᠶᠢᠨ ᠭᠠᠮᠰᠢᠭ | ᠡᠭᠦᠰᠦᠭᠰᠡᠨ ᠤ ᠲᠠᠷᠠᠭ᠎ᠠ ᠂ ᠴᠠᠭ ᠲᠤᠬᠠᠢ ᠳᠤᠨᠢ ᠪᠠᠶᠢᠳᠠᠯ ᠢ ᠣᠶᠢᠯᠠᠭᠠᠬᠤ ᠶᠢᠨ ᠬᠠᠮᠲᠤ ᠪᠣᠳᠠᠲᠠᠢ ᠪᠠᠶᠢᠳᠠᠯ ᠢ | ᠦᠨᠳᠦᠰᠦᠯᠡᠨ ᠠᠶᠤᠯ ᠠᠴᠠ ᠠᠪᠤᠷᠠᠵᠤ ᠭᠠᠮᠰᠢᠭ ᠲᠠᠢ ᠲᠡᠮᠡᠴᠡᠬᠦ ᠠᠵᠢᠯ ᠢ ᠵᠢᠯᠤᠭᠤᠳᠴᠤ ᠂ ᠭᠠᠮᠰᠢᠭ ᠠᠴᠠ ᠠᠪᠤᠷᠠᠬᠤ | ᠡᠯ᠎ᠡ ᠵᠦᠢᠯ ᠤᠨ ᠡᠳ᠋ ᠪᠣᠳᠠᠰ ᠤᠨ ᠬᠠᠩᠭᠠᠯᠭ᠎ᠠ ᠶᠢ ᠰᠢᠯᠵᠢᠭᠦᠯᠦᠨ ᠴᠤᠭᠯᠠᠭᠤᠯᠵᠤ ᠂ ᠭᠠᠮᠰᠢᠭᠳᠠᠭᠰᠠᠨ ᠤᠯᠠᠨ | ᠲᠦᠮᠡᠨ ᠢ ᠰᠢᠯᠵᠢᠭᠦᠯᠦᠨ ᠲᠦᠪᠬᠢᠨᠡᠭᠦᠯᠦᠨᠠ᠃ ᠭᠠᠮᠰᠢᠭ ᠤᠨ ᠳᠠᠷᠠᠭᠠᠬᠢ ᠭᠠᠮᠰᠢᠭᠳᠠᠭᠰᠠᠨ ᠠᠷᠠᠳ ᠢ ᠲᠡᠳᠬᠦᠬᠦ | ᠠᠵᠢᠯ ᠢ ᠬᠠᠷᠢᠭᠤᠴᠠᠨ᠎ᠠ ᠃ | ︵ᠬᠤᠶᠠᠷ︶ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠄ ᠣᠯᠠᠨ ᠵᠦᠢᠯ ᠤᠨ | ᠵᠠᠭᠤᠴᠢᠯᠠᠭᠤᠷ ᠤᠨ ᠠᠷᠭ᠎ᠠ ᠪᠠᠷᠢᠯ ᠢ ᠠᠰᠢᠭᠯᠠᠨ᠂ ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠤᠨ | ᠬᠠᠩᠭᠠᠭᠰᠠᠨ ᠭᠠᠮᠰᠢᠭ ᠤᠨ ᠪᠠᠶᠢᠳᠠᠯ ᠢ ᠦᠨᠳᠦᠰᠦᠯᠡᠨ᠂ ᠣᠯᠠᠨ ᠨᠡᠶᠢᠲᠡ ᠳᠤ ᠭᠠᠮᠰᠢᠭ ᠠᠴᠠ ᠰᠡᠷᠭᠡᠶᠢᠯᠡᠬᠦ ᠮᠡᠳᠡᠭᠡ | ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠭᠠᠮᠰᠢᠭ ᠠᠴᠠ ᠰᠡᠷᠭᠡᠶᠢᠯᠡᠬᠦ ᠠᠵᠢᠯ ᠤᠨ ᠤᠬᠠᠭᠤᠯᠤᠨ ᠳᠠᠶᠢᠴᠢᠯᠠᠬᠤ | ᠠᠵᠢᠯ ᠢ ᠴᠢᠩᠭᠠᠳᠬᠠᠬᠤ ᠬᠡᠷᠡᠭᠲᠡᠢ᠃ | ︵ᠭᠤᠷᠪᠠ︶ ᠴᠡᠭᠡ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ︵ᠪᠠᠯᠭᠠᠰᠤ︶ ᠶᠢᠨ | ᠠᠷᠠᠳ ᠤᠨ ᠵᠠᠰᠠᠭ ᠤᠨ ᠣᠷᠳᠣᠨ᠄ ᠲᠣᠰ ᠬᠠᠷᠢᠶ᠎ᠠ ᠣᠷᠣᠨ ᠤ ᠪᠠᠨ ᠭᠠᠮᠰᠢᠭ ᠢ ᠰᠡᠷᠭᠡᠶᠢᠯᠡᠬᠦ ᠪᠡᠯᠡᠳᠬᠡᠯ ᠲᠥᠰᠥᠯ ᠢ | ᠲᠣᠭᠲᠠᠭᠠᠵᠤ᠂ ᠭᠤᠣᠯᠳᠠᠯᠭ᠎ᠠ ᠲᠠᠢ ᠭᠸᠥᠯᠥᠬᠢ ᠶᠢᠨ ᠭᠠᠮᠰᠢᠭ ᠤᠨ ᠳᠠᠯᠳᠠ ᠬᠡᠮ ᠤᠨ ᠴᠡᠭ ᠤᠨ ᠬᠥᠳᠡᠯᠦᠩᠭᠦᠢ | ᠪᠠᠶᠢᠳᠠᠯ ᠢ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ | ᠭᠸᠥᠯᠥᠬᠢ ᠶᠢᠨ ᠭᠠᠮᠰᠢᠭ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠰᠢᠰᠲ᠋ᠧᠮ ᠵᠢᠴᠢ ᠡᠯ᠎ᠡ | ᠵᠦᠢᠯ ᠤᠨ ᠳᠦᠷᠢᠮ ᠲᠣᠭᠲᠠᠭᠠᠯ ᠢ ᠬᠡᠷᠡᠮ ᠳᠡᠭᠡᠷ᠎ᠡ ᠢᠯᠡ ᠨᠡᠶᠢᠲᠡᠯᠡᠨ᠎ᠡ᠃ ᠬᠠᠷᠠᠬᠠᠨ ᠲᠤᠶᠢᠯᠪᠤᠷᠢᠲᠠᠢ ᠵᠠᠰᠠᠵᠤ | ᠳᠡᠶᠢᠯᠦᠭᠡᠳᠦᠢ ᠴᠢᠬᠤᠯᠠ ᠭᠸᠥᠯᠥᠬᠢ ᠶᠢᠨ ᠭᠠᠢ ᠭᠠᠮᠰᠢᠭ ᠤᠨ ᠳᠠᠯᠳᠠ ᠬᠡᠮ ᠤᠨ ᠴᠡᠭ ᠪᠠᠨ ᠂ ᠢᠯᠡᠷᠬᠡᠢ ᠭᠠᠵᠠᠷ ᠲᠤ | ᠰᠡᠷᠡᠮᠵᠢ ᠶᠢᠨ ᠲᠡᠮᠳᠡᠭ ᠫᠠᠶᠢᠰᠠ ᠪᠣᠰᠬᠠᠬᠤ ᠬᠡᠷᠡᠭᠲᠡᠢ ᠃ ᠠᠷᠤ ᠮᠣᠩᠭᠤᠯ ᠤᠨ ᠪᠣᠷᠣᠭᠠᠨ ᠤ ᠤᠯᠠᠷᠢᠯ ᠤᠨᠡᠭᠦᠰᠦᠭᠰᠡᠨ | ᠠᠭᠤᠯᠠᠨ ᠦᠶᠡᠷ ᠤᠨᠤᠰᠤ ᠶᠢ ᠵᠠᠯᠠᠵᠤ ᠭᠠᠮᠰᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ᠂ | ᠪᠠᠶᠢᠴᠠᠭᠠᠵᠤ ᠢᠯᠡᠷᠡᠭᠦᠯᠦᠭᠰᠡᠨ ᠭᠸᠥᠯᠥᠬᠢ ᠶᠢᠨ ᠭᠠᠮᠰᠢᠭ ᠤᠨ ᠬᠡᠮ ᠦᠨᠰᠣᠭᠤᠭ ᠢ ᠴᠠᠭ ᠲᠤᠬᠠᠢ ᠳᠤᠨᠢ ᠬᠤᠰᠢᠭᠤᠨ ᠤ | ᠭᠸᠥᠯᠥᠬᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ | ᠮᠡᠳᠡᠭᠦᠯᠬᠦ ᠬᠡᠷᠡᠭᠲᠡᠢ᠃ | ︵ᠳᠥᠷᠪᠡ︶ ᠬᠤᠰᠢᠭᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠲᠣᠰ ᠭᠠᠵᠠᠷ ᠣᠷᠣᠨ ᠤ | ᠬᠦᠨᠳᠦ ᠶᠡᠭᠡ ᠭᠸᠥᠯᠥᠬᠢ ᠶᠢᠨ ᠭᠠᠢ ᠭᠠᠮᠰᠢᠭ ᠵᠢᠴᠢ ᠲᠡᠭᠦᠨ ᠠᠴᠠ ᠡᠭᠦᠰᠦᠭᠰᠡᠨ ᠭᠠᠢ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠯ ᠤᠨ ᠰᠢᠰᠲ᠋ᠧᠮᠵᠢ ᠶᠢᠨ ᠣᠷᠳᠣ ᠬᠤᠭᠤᠴᠠᠭᠠᠨ ᠤ ᠲᠥᠯᠦᠪᠵᠢᠭᠦᠯᠭᠡ ᠶᠢ ᠬᠠᠷᠢᠭᠤᠴᠠᠨ ᠲᠣᠭᠲᠠᠭᠠᠵᠤ᠂ | ᠵᠢᠯ ᠤᠨ ᠬᠥᠭᠵᠢᠯᠲᠡ ᠶᠢᠨ ᠲᠥᠯᠥᠪᠯᠡᠭᠡ ᠲᠠᠢ ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ ᠬᠢᠨᠠᠨ ᠵᠥᠪᠰᠢᠶᠡᠷᠡᠬᠦ ᠪᠠ ᠲᠥᠷᠥᠯ ᠵᠦᠢᠯ ᠤᠨ ᠪᠡᠯᠡ ᠮᠥᠩᠭᠦ ᠶᠢᠨ ᠲᠥᠯᠥᠪᠯᠡᠭᠡ ᠶᠢ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠨ᠎ᠡ᠃ | ︵ᠲᠠᠪᠤ︶ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠄ ᠡᠯ᠎ᠡ ᠴᠢᠮᠡᠭᠡ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠨ ︵ᠨᠡᠭᠦᠳᠡᠯ ᠬᠤᠯᠪᠣᠭ᠎ᠠ᠂ ᠨᠢᠭᠡᠳᠦᠮᠡᠯ | ᠬᠤᠯᠪᠣᠭ᠎ᠠ᠂ ᠴᠠᠬᠢᠯᠭᠠᠨ ᠬᠤᠯᠪᠣᠭ᠎ᠠ︶ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠡᠪᠳᠡᠭᠳᠡᠭᠰᠡᠨ ᠴᠢᠮᠡᠭᠡ | ᠬᠤᠯᠪᠣᠭᠠᠨ ᠤ ᠲᠥᠬᠦᠭᠡᠷᠦᠮᠵᠢ ᠶᠢ ᠲᠦᠷᠭᠡᠨ ᠰᠡᠷᠭᠦᠭᠡᠵᠦ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ | ᠳᠠᠮᠵᠢᠭᠤᠯᠬᠤ ᠱᠤᠭᠤᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ | ︵ᠵᠢᠷᠭᠤᠭ᠎ᠠ︶ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠭᠠᠮᠰᠢᠭᠳᠠᠭᠰᠠᠨ ᠣᠷᠣᠨ ᠤ | ᠨᠡᠶᠢᠭᠡᠮ ᠤᠨ ᠠᠮᠤᠷ ᠲᠣᠭᠲᠠᠭᠤᠨ ᠪᠠ ᠵᠠᠮ ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ ᠶᠢ ᠬᠠᠷᠢᠭᠤᠴᠠᠨ | ᠪᠠᠲᠤᠯᠠᠵᠤ᠂ ᠭᠠᠮᠰᠢᠭᠳᠠᠭᠰᠠᠨ ᠬᠥᠮᠥᠰ ᠤᠨ ᠠᠮᠤᠷ ᠲᠦᠪᠰᠢᠨ᠂ ᠲᠦᠷᠭᠡᠨ ᠢᠶᠠᠷ ᠰᠢᠯᠵᠢᠬᠦ ᠶᠢ ᠬᠠᠪᠰᠤᠷᠤᠨ᠎ᠠ᠃ | ︵ᠳᠣᠯᠤᠭ᠎ᠠ︶ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠄ ᠭᠠᠮᠰᠢᠭ ᠤᠨ ᠪᠠᠶᠢᠳᠠᠯ ᠢ ᠬᠢᠨᠠᠨ | ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠭᠠᠮᠰᠢᠭ ᠤᠨ ᠪᠠᠶᠢᠳᠠᠯ ᠢ ᠴᠠᠭ ᠲᠤᠬᠠᠢ ᠳᠤᠨᠢ ᠮᠡᠳᠡᠭᠳᠡᠵᠦ᠂ | ᠭᠠᠮᠰᠢᠭᠳᠠᠭᠰᠠᠨ ᠣᠷᠣᠨ ᠤ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠶᠢ ᠵᠣᠬᠢᠶᠠᠨ ᠪᠠᠶᠢᠭᠤᠯᠤᠨ | ᠵᠢᠯᠤᠭᠤᠳᠴᠤ᠂ ᠭᠠᠮᠰᠢᠭᠳᠠᠭᠰᠠᠨ ᠣᠷᠣᠨ ᠤ ᠣᠯᠠᠨ ᠲᠦᠮᠡᠨ ᠤ ᠠᠮᠢᠳᠤᠷᠠᠯ ᠤᠨ ᠬᠦᠴᠢᠷᠳᠡᠯ ᠢ ᠬᠠᠪᠰᠤᠷᠤᠨ | ᠰᠢᠢᠳᠪᠦᠷᠢᠯᠡᠵᠦ᠂ ᠭᠠᠮᠰᠢᠭ ᠢ ᠪᠠᠭᠠᠰᠬᠠᠬᠤ ᠲᠥᠯᠥᠪᠯᠡᠭᠡ ᠶᠢ ᠨᠠᠶᠢᠷᠠᠭᠤᠯᠤᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠨᠠᠢᠮᠠ︶ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠄ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ | ᠠᠴᠠ ᠠᠪᠤᠷᠠᠬᠤ ᠲᠤᠰᠬᠠᠢ ᠪᠡᠯᠡ ᠮᠥᠩᠭᠦ ᠴᠤᠭᠯᠠᠭᠤᠯᠤᠨ᠎ᠠ᠃ ᠪᠥᠬᠦ ᠬᠤᠰᠢᠭᠤᠨ ᠤ ᠬᠡᠪᠴᠢᠶᠡᠨ ᠳᠠᠬᠢ ᠬᠦᠨᠳᠦ ᠶᠡᠭᠡ | ᠭᠠᠵᠠᠷ ᠭᠸᠥᠯᠥᠬᠢ ᠶᠢᠨ ᠭᠠᠮᠰᠢᠭ ᠪᠠᠴᠢᠮ ᠪᠠᠶᠢᠳᠠᠯ ᠢ ᠠᠷᠭᠠᠴᠠᠬᠤ ᠪᠡᠯᠡ ᠮᠥᠩᠭᠦ ᠶᠢᠨ ᠬᠤᠪᠢᠶᠠᠷᠢᠯᠠᠯᠲᠠ᠂ | ᠬᠠᠮᠢᠶᠠᠷᠤᠯᠲᠠ ᠪᠠ ᠬᠡᠷᠡᠭᠯᠡᠯᠲᠡ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ︵ᠶᠢᠰᠦ︶ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠡᠵᠡᠨ᠎ᠡ ᠬᠤᠰᠢᠭᠤᠨ ᠤ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠭᠸᠥᠯᠥᠬᠢ ᠶᠢᠨ ᠭᠠᠢ ᠭᠠᠮᠰᠢᠭ ᠠᠮᠠᠷᠬᠠᠨ ᠡᠭᠦᠰᠳᠡᠭ ᠣᠷᠣᠨ ᠤ ᠲᠠᠷᠬᠠᠯᠲᠠ ᠶᠢᠨ | ᠵᠢᠷᠤᠭ ᠢ ᠬᠠᠷᠢᠭᠤᠴᠠᠨ ᠬᠠᠩᠭᠠᠵᠤ᠂ ᠬᠠᠮᠢᠶ᠎ᠠ ᠪᠦᠬᠦᠢ ᠬᠥᠮᠥᠨ᠂ ᠡᠳ᠋ ᠬᠥᠷᠥᠩᠭᠡ ᠵᠡᠷᠭᠡ ᠭᠸᠥᠯᠥᠬᠢ ᠶᠢᠨ ᠭᠠᠢ | ᠭᠠᠮᠰᠢᠭ ᠠᠴᠠ ᠵᠠᠶᠢᠯᠠᠭᠤᠯᠬᠤ ᠲᠥᠰᠥᠯ ᠢ ᠲᠣᠭᠲᠠᠭᠠᠨ᠎ᠠ᠃ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠡᠷᠡᠭᠵᠢᠭᠦᠯᠵᠦ ᠪᠠᠶᠢᠭ᠎ᠠ ᠬᠦᠨᠳᠦ ᠣᠨᠴᠠ ᠶᠡᠭᠡ ᠭᠸᠥᠯᠥᠬᠢ ᠶᠢᠨ ᠭᠠᠮᠰᠢᠭ ᠢ ᠪᠠᠭᠠᠰᠬᠠᠬᠤ ᠠᠷᠭ᠎ᠠ ᠬᠡᠮᠵᠢᠶ᠎ᠡ ᠶᠢ | ᠵᠢᠯᠣᠭᠤᠳᠤᠨ ᠵᠣᠬᠢᠴᠠᠭᠤᠯᠬᠤ ᠶᠢ ᠬᠠᠷᠢᠭᠤᠴᠠᠨ᠎ᠠ ᠃ ᠭᠸᠥᠯᠥᠬᠢ ᠶᠢᠨ ᠭᠠᠮᠰᠢᠭ ᠤᠨ ᠨᠥᠯᠥᠭᠡᠯᠡᠬᠦ ᠬᠡᠪᠴᠢᠶ᠎ᠡ ᠵᠢᠴᠢ | ᠲᠡᠭᠦᠨ ᠤ ᠬᠥᠭᠵᠢᠯᠲᠡ ᠶᠢᠨ ᠬᠠᠨᠳᠤᠰᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠷᠢᠭᠤᠴᠠᠨ ᠬᠠᠩᠭᠠᠵᠤ᠂ ᠠᠶᠤᠯ | ᠭᠠᠮᠰᠢᠭ ᠠᠴᠠ ᠠᠪᠤᠷᠠᠬᠤ ᠵᠢᠯᠤᠭᠤᠳᠬᠤ ᠭᠸᠥᠯᠥᠬᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ | ᠡᠬᠢᠯᠡᠭᠦᠯᠬᠦ ᠪᠠ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠨ᠎ᠠ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠡᠵᠡᠨ᠎ᠡ ᠬᠤᠰᠢᠭᠤᠨ ᠤ ᠵᠠᠰᠠᠭ ᠵᠠᠬᠢᠷᠭᠠᠨ ᠤ ᠣᠷᠣᠨ ᠳᠤ ᠡᠭᠦᠰᠦᠭᠰᠡᠨ ᠬᠦᠨᠳᠦ ᠣᠨᠴᠠ | ᠶᠡᠭᠡ ᠭᠠᠵᠠᠷ ᠭᠸᠥᠯᠥᠬᠢ ᠶᠢᠨ ᠭᠠᠮᠰᠢᠭ ᠤᠨ ᠪᠠᠶᠢᠳᠠᠯ ᠳᠤ ᠪᠠᠶᠢᠴᠠᠭᠠᠯᠲᠠ᠂ ᠴᠤᠭᠯᠠᠭᠤᠯᠭ᠎ᠠ᠂ ᠬᠤᠷᠢᠶᠠᠩᠭᠤᠶᠢᠯᠠᠯ | ᠬᠢᠵᠦ᠂ ᠭᠠᠮᠰᠢᠭ ᠤᠨ ᠲᠥᠷᠥᠯ ᠵᠦᠢᠯ᠂ ᠰᠢᠨᠵᠢ ᠴᠢᠨᠠᠷ᠂ ᠵᠡᠷᠭᠡ ᠳᠡᠰ ᠢ ᠲᠣᠭᠲᠠᠭᠠᠨ᠂ ᠬᠦᠨᠳᠦ ᠣᠨᠴᠠ ᠶᠡᠭᠡ | ᠭᠠᠵᠠᠷ ᠭᠸᠥᠯᠥᠬᠢ ᠶᠢᠨ ᠭᠠᠮᠰᠢᠭ ᠠᠴᠠ ᠪᠣᠯᠤᠭᠰᠠᠨ ᠬᠤᠬᠢᠷᠠᠯ ᠳᠤ ᠦᠨᠡᠯᠡᠨ ᠵᠢᠱᠢᠯᠲᠡ ᠬᠢᠨ᠎ᠡ᠃ ᠪᠠᠶᠢᠭᠠᠯᠢ ᠶᠢᠨ | ᠭᠠᠮᠰᠢᠭ ᠤᠨ ᠳᠠᠯᠳᠠ ᠭᠡᠮ ᠲᠠᠢ ᠣᠷᠣᠨ ᠪᠠ ᠲᠡᠦᠬᠡᠨ ᠦᠯᠡᠳᠡᠭᠳᠡᠯ ᠪᠠᠶᠢᠬᠤ ᠡᠰᠡᠬᠦ ᠶᠢ ᠬᠠᠷᠢᠭᠤᠴᠠᠨ᠎ᠠ ᠠᠴᠠ | ᠦᠯᠡᠳᠡᠭᠳᠡᠵᠦ ᠢᠷᠡᠭᠰᠡᠨ ᠭᠤᠣᠯ ᠮᠠᠯᠲᠠᠭᠰᠠᠨ ᠨᠦᠬᠡ ᠶᠢ ᠲᠥᠷᠥᠯ ᠵᠦᠢᠯ ᠲᠣᠭᠲᠠᠭᠠᠬᠤ ᠪᠠ ᠬᠢᠨᠠᠯᠲᠠ ᠲᠠᠯᠪᠢᠵᠤ | ᠵᠠᠰᠠᠬᠤ ᠪᠠᠷ ᠮᠡᠳᠡᠭᠦᠯᠬᠦ ᠬᠡᠷᠡᠭᠲᠡᠢ᠃ | ︵ᠠᠷᠪᠠ︶ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠄ ᠬᠦᠨᠳᠦ ᠶᠡᠭᠡ ᠭᠸᠥᠯᠥᠬᠢ ᠶᠢᠨ ᠭᠠᠢ ᠭᠠᠮᠰᠢᠭ ᠵᠢᠴᠢ ᠲᠡᠭᠦᠨ ᠠᠴᠠ ᠪᠤᠯᠤᠭᠰᠠᠨ ᠭᠠᠢ ᠭᠠᠮᠰᠢᠭ ᠡᠭᠦᠰᠬᠦ | ᠦᠶ᠎ᠡ ᠳᠤ᠂ ᠬᠤᠲᠠ ᠬᠥᠳᠡᠭᠡ ᠶᠢᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠰᠠᠭᠤᠷᠢ ᠪᠡᠯᠡᠳᠬᠡᠮᠵᠢ᠂ | ᠭᠡᠷ ᠤᠨ ᠭᠠᠳᠠᠨᠠᠬᠢ ᠵᠠᠷ ᠮᠡᠳᠡᠭᠡ᠂ ᠪᠠᠷᠢᠵᠤ ᠪᠠᠶᠢᠭ᠎ᠠ ᠭᠡᠷ ᠪᠠᠶᠢᠰᠢᠩ ᠵᠡᠷᠭᠡ ᠶᠢ ᠪᠠᠬᠢᠵᠢᠭᠦᠯᠬᠦ ᠪᠤᠶᠤ ᠠᠷᠢᠯᠭᠠᠬᠤ | ᠠᠵᠢᠯ ᠢ ᠬᠠᠷᠢᠭᠤᠴᠠᠵᠤ᠂ ᠪᠠᠷᠢᠯᠭ᠎ᠠ ᠶᠢᠨ ᠭᠠᠵᠠᠷ ᠪᠠᠨ ᠶᠢᠨ ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠵᠤ | ᠠᠮᠤᠷ ᠲᠦᠪᠰᠢᠨ ᠢᠶᠠᠷ ᠵᠠᠶᠢᠯᠠᠭᠤᠯᠬᠤ ᠪᠤᠶᠤ ᠰᠢᠯᠵᠢᠭᠦᠯᠬᠦ ᠶᠢᠨ ᠬᠠᠮᠲᠤ ᠭᠠᠵᠠᠷ ᠭᠸᠥᠯᠥᠬᠢ ᠶᠢᠨ ᠭᠠᠢ ᠭᠠᠮᠰᠢᠭ ᠠᠴᠠ | ᠵᠠᠶᠢᠯᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠥᠯ ᠢ ᠳᠤᠷᠠᠳᠤᠨ ᠭᠠᠷᠭᠠᠨ᠎ᠠ᠃ | ︵ᠠᠷᠪᠠᠨ ᠨᠢᠭᠡ︶ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠭᠸᠥᠯᠥᠬᠢ ᠶᠢᠨ ᠭᠠᠢ | ᠭᠠᠮᠰᠢᠭ ᠤᠨ ᠳᠠᠯᠳᠠ ᠬᠡᠮ ᠤᠨ ᠴᠡᠭ ᠤᠨ ᠲᠥᠬᠦᠭᠡᠷᠦᠮᠵᠢ ᠲᠡᠭᠡᠭᠡᠪᠦᠷᠢ ᠶᠢᠨ ᠬᠦᠴᠦᠨ ᠢ ᠵᠣᠬᠢᠶᠠᠨ ᠪᠠᠶᠢᠭᠤᠯᠵᠤ | ᠭᠠᠮᠰᠢᠭᠳᠠᠭᠰᠠᠨ ᠣᠷᠣᠨ ᠤ ᠵᠠᠮ ᠬᠠᠷᠢᠯᠴᠠᠭᠠᠨ ᠤ ᠲᠥᠬᠦᠭᠡᠷᠦᠮᠵᠢ ᠶᠢ ᠵᠠᠪᠳᠤᠨ ᠵᠠᠰᠠᠵᠤ᠂ ᠵᠠᠮ ᠬᠠᠷᠢᠯᠴᠠᠭᠠᠨ ᠤ | ᠡᠮᠬᠢ ᠳᠢᠭᠯᠢᠮ ᠢ ᠬᠠᠮᠠᠭᠠᠯᠠᠬᠤ ᠶᠢ ᠬᠠᠷᠢᠭᠤᠴᠠᠨ᠎ᠠ᠃ | ︵ᠠᠷᠪᠠᠨ ᠬᠤᠶᠠᠷ︶ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ᠄ ᠪᠥᠬᠦ ᠬᠤᠰᠢᠭᠤᠨ ᠤ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠭᠤᠣᠯ ᠮᠥᠷᠡᠨ᠂ ᠤᠰᠤᠨ ᠣᠷᠣᠨ᠂ ᠤᠰᠤᠨ ᠴᠥᠭᠦᠷᠥᠮ ᠤᠨ ᠲᠠᠷᠬᠠᠯᠲᠠ ᠶᠢᠨ | ᠮᠡᠳᠡᠭᠡ ᠵᠠᠩᠭᠢ ᠶᠢ ᠬᠠᠩᠭᠠᠬᠤ ᠶᠢ ᠬᠠᠷᠢᠭᠤᠴᠠᠨ᠎ᠠ ᠃ ᠤᠰᠤᠨ ᠵᠦᠢ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠵᠢᠴᠢ | ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠬᠠᠩᠭᠠᠬᠤ ᠶᠢ ᠬᠠᠷᠢᠭᠤᠴᠠᠨ᠎ᠠ ᠂ ᠭᠠᠩᠳᠠᠯ | ᠤᠰᠤᠲᠤᠯ ᠤᠨ ᠵᠡᠷᠭᠡ ᠭᠠᠮᠰᠢᠭ ᠤᠨ ᠪᠠᠶᠢᠳᠠᠯ ᠢ ᠨᠥᠯᠥᠭᠡᠯᠡᠬᠦ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠩᠭᠠᠬᠤ ᠶᠢ | ᠬᠠᠷᠢᠭᠤᠴᠠᠨ᠎ᠠ᠃ | ︵ᠠᠷᠪᠠᠨ ᠭᠤᠷᠪᠠ︶ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠄ ᠭᠠᠮᠰᠢᠭᠳᠠᠭᠰᠠᠨ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ | ᠨᠥᠯᠥᠭᠡ ᠶᠢᠨ ᠲᠥᠷᠥᠯ ᠬᠤᠪᠢᠶᠠᠭᠰᠠᠨ ᠮᠡᠳᠡᠭᠡ ᠵᠠᠩᠭᠢ ᠬᠠᠩᠭᠠᠬᠤ ᠶᠢ ᠬᠠᠷᠢᠭᠤᠴᠠᠨ᠎ᠠ᠃ ᠭᠠᠮᠰᠢᠭᠳᠠᠭᠰᠠᠨ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠬᠦᠨᠳᠦ ᠶᠡᠭᠡ ᠭᠠᠵᠠᠷ ᠤᠨ ᠭᠸᠥᠯᠥᠬᠢ ᠶᠢᠨ ᠭᠠᠮᠰᠢᠭ ᠵᠢᠴᠢ ᠲᠡᠭᠦᠨ ᠠᠴᠠ | ᠡᠭᠦᠰᠦᠭᠰᠡᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ ᠵᠣᠬᠢᠶᠠᠨ ᠪᠠᠶᠢᠭᠤᠯᠵᠤ ᠂ ᠭᠠᠮᠰᠢᠭᠳᠠᠭᠰᠠᠨ ᠣᠷᠣᠨ ᠤ | ᠲᠠᠷᠢᠶᠠᠴᠢᠨ ᠮᠠᠯᠴᠢᠳ ᠤᠨ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ ᠰᠡᠷᠭᠦᠭᠡᠬᠦ ᠶᠢ ᠬᠠᠪᠰᠤᠷᠤᠨ | ᠵᠢᠯᠣᠭᠤᠳᠤᠨ᠎ᠠ ᠃ | ︵ᠠᠷᠪᠠᠨ ᠳᠥᠷᠪᠡ︶ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠡᠬᠢ ᠪᠠᠶᠠᠯᠢᠭ ᠤᠨ ᠭᠠᠵᠠᠷ ᠵᠦᠢ ᠶᠢᠨ ᠲᠠᠷᠬᠠᠯᠲᠠ ᠶᠢᠨ ᠮᠡᠳᠡᠭᠡ ᠵᠠᠩᠭᠢ ᠶᠢ | ᠬᠠᠷᠢᠭᠤᠴᠠᠨ ᠬᠠᠩᠭᠠᠵᠤ᠂ ᠬᠠᠯᠳᠠᠪᠤᠷᠢᠲᠤ ᠡᠪᠡᠳᠴᠢᠨ ᠤ ᠲᠠᠬᠤᠯᠲᠤ ᠴᠢᠨᠠᠷ ᠤᠨ ᠡᠭᠦᠰᠦᠯᠲᠡ᠂ ᠬᠥᠭᠵᠢᠯᠲᠡ ᠶᠢᠨ | ᠬᠥᠳᠡᠯᠦᠩᠭᠦᠢ ᠬᠢᠨᠠᠨ ᠡᠵᠡᠮᠳᠡᠬᠦ ᠠᠵᠢᠯ ᠢ ᠰᠠᠶᠢᠲᠤᠷ ᠬᠢᠨ᠎ᠡ ᠃ ᠭᠠᠮᠰᠢᠭᠳᠠᠭᠰᠠᠨ ᠣᠷᠣᠨ ᠤ ᠭᠠᠮᠰᠢᠭ ᠠᠴᠠ ᠠᠪᠤᠷᠠᠵᠤ | ᠭᠠᠮᠰᠢᠭ ᠲᠠᠢ ᠲᠡᠮᠡᠴᠡᠬᠦ ᠬᠥᠮᠥᠰ ᠤᠨ ᠡᠷᠡᠭᠦᠯ ᠮᠡᠨᠳᠦ ᠶᠢᠨ ᠬᠡᠪ ᠤᠨ ᠠᠵᠢᠯ ᠢ ᠪᠠᠲᠤᠯᠠᠬᠤ ᠶᠢ ᠬᠠᠷᠢᠭᠤᠴᠠᠨ᠎ᠠ ᠃ | ︵ᠠᠷᠪᠠᠨ ᠲᠠᠪᠤ︶ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ | ᠭᠸᠥᠯᠥᠬᠢ ᠶᠢᠨ ᠭᠠᠢ ᠭᠠᠮᠰᠢᠭ ᠠᠴᠠ ᠪᠣᠯᠤᠭᠰᠠᠨ ᠠᠶᠤᠯ ᠦᠭᠡᠢ ᠦᠢᠯᠡᠳᠪᠦᠷᠢᠯᠡᠯ ᠤᠨ ᠠᠳᠡᠯ ᠤᠨ ᠲᠥᠷᠥᠯ | ᠬᠤᠪᠢᠶᠠᠭᠰᠠᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠪᠲᠡᠷᠡᠭᠦᠯᠦᠨ᠎ᠡ᠃ ᠭᠠᠮᠰᠢᠭᠳᠠᠭᠰᠠᠨ ᠣᠷᠣᠨ ᠢ ᠬᠠᠮᠠᠭᠠᠯᠠᠬᠤ ᠂ | ᠭᠠᠯ ᠰᠡᠷᠭᠡᠶᠢᠯᠡᠨ ᠤᠨᠲᠠᠷᠠᠭᠠᠬᠤ ᠪᠠ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ ᠵᠡᠷᠭᠡ ᠠᠵᠢᠯ ᠢ ᠬᠠᠷᠢᠭᠤᠴᠠᠵᠤ᠂ | ᠨᠡᠶᠢᠭᠡᠮ ᠤᠨ ᠠᠮᠤᠷ ᠲᠦᠪᠰᠢᠨ ᠢ ᠰᠠᠮᠠᠭᠤᠷᠠᠭᠤᠯᠤᠭᠰᠠᠨ ᠡᠯ᠎ᠡ ᠵᠦᠢᠯ ᠤᠨ ᠬᠠᠤᠯᠢ ᠪᠤᠰᠤ ᠠᠵᠢᠯᠯᠠᠭ᠎ᠠ ᠳᠤ ᠴᠣᠬᠢᠯᠲᠠ | ᠥᠭᠴᠦ ᠂ ᠭᠠᠮᠰᠢᠭ ᠠᠴᠠ ᠠᠪᠤᠷᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ ᠃ | ︵ᠠᠷᠪᠠᠨ ᠵᠢᠷᠭᠤᠭ᠎ᠠ︶ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ | ᠭᠠᠮᠰᠢᠭᠳᠠᠭᠰᠠᠨ ᠣᠷᠣᠨ ᠤ ᠣᠶ ᠰᠢᠭᠤᠢ ᠶᠢᠨ ᠭᠠᠮᠰᠢᠭ ᠤᠨ ᠨᠥᠯᠥᠭᠡᠯᠡᠯ ᠤᠨ ᠲᠥᠷᠥᠯ ᠬᠤᠪᠢᠶᠠᠭᠰᠠᠨ ᠮᠡᠳᠡᠭᠡ | ᠵᠠᠩᠭᠢ ᠪᠠ ᠣᠶ ᠰᠢᠭᠤᠢ ᠶᠢᠨ ᠭᠠᠯ ᠤᠨ ᠭᠠᠮᠰᠢᠭ ᠤᠨ ᠡᠭᠦᠰᠦᠭᠰᠡᠨ᠂ ᠬᠥᠭᠵᠢᠭᠰᠡᠨ ᠪᠠᠶᠢᠳᠠᠯ ᠤᠨ ᠮᠡᠳᠡᠭᠡ ᠵᠠᠩᠭᠢ ᠶᠢ | ᠬᠠᠩᠭᠠᠬᠤ ᠶᠢ ᠬᠠᠷᠢᠭᠤᠴᠠᠨ᠎ᠠ᠃ | ︵ᠠᠷᠪᠠᠨ ᠳᠣᠯᠤᠭ᠎ᠠ︶ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠡᠵᠡᠨ᠎ᠡ | ᠬᠤᠰᠢᠭᠤᠨ ᠳᠠᠬᠢ ᠬᠤᠪᠢᠶᠠᠷᠢ ᠲᠣᠪᠴᠢᠶ᠎ᠠ᠄ ᠣᠷᠴᠢᠨ ᠲᠣᠭᠤᠷᠢᠨ ᠤ ᠪᠣᠬᠢᠷᠲᠤᠯ ᠪᠠ ᠠᠮᠢ ᠠᠬᠤᠢ ᠶᠢᠨ | ᠡᠪᠳᠡᠭᠳᠡᠯ ᠤᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ᠂ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠳᠤ ᠬᠡᠷᠡᠭᠰᠡᠬᠦ ᠬᠠᠮᠢᠶ᠎ᠠ ᠪᠦᠬᠦᠢ ᠮᠠᠲ᠋ᠧᠷᠢᠶᠠᠯ ᠢ ᠬᠠᠷᠢᠭᠤᠴᠠᠨ ᠬᠠᠩᠭᠠᠨ᠎ᠠ᠃ | ︵ᠠᠷᠪᠠᠨ ᠨᠠᠢᠮᠠ︶ ᠬᠤᠰᠢᠭᠤᠨ ᠤ ᠴᠠᠭ ᠠᠭᠤᠷ ᠤᠨ ᠲᠣᠪᠴᠢᠶ᠎ᠠ᠄ ᠭᠠᠮᠰᠢᠭᠳᠠᠭᠰᠠᠨ ᠣᠷᠣᠨ ᠤ ᠬᠦᠨᠳᠦ | ᠣᠨᠴᠠ ᠶᠡᠭᠡ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ | ᠲᠥᠰᠥᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠵᠤ᠂ ᠭᠠᠮᠰᠢᠭᠳᠠᠭᠰᠠᠨ ᠣᠷᠣᠨ ᠤ ᠬᠦᠨᠳᠦ ᠣᠨᠴᠠ | ᠶᠡᠭᠡ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠵᠦ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠮᠰᠢᠭᠳᠠᠭᠰᠠᠨ ᠣᠷᠣᠨ ᠤ ᠴᠠᠭ ᠠᠭᠤᠷ ᠤᠨ ᠪᠠᠶᠢᠳᠠᠯ ᠂ ᠲᠠᠬᠢᠨ | ᠭᠠᠮᠰᠢᠭ ᠡᠭᠦᠰᠬᠦ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠢᠨᠠᠨ ᠬᠡᠮᠵᠢᠬᠦ ᠶᠢᠨ ᠬᠠᠮᠲᠤ ᠨᠡᠶᠢᠲᠡᠯᠡᠨ᠎ᠡ᠃ | ︵ᠠᠷᠪᠠ ᠶᠢᠰᠦ︶ ᠡᠵᠡᠨ᠎ᠡ ᠴᠠᠬᠢᠯᠭᠠᠨ ᠬᠠᠩᠭᠠᠬᠤ ᠺᠣᠮᠫᠠᠨᠢ᠄ ᠴᠠᠬᠢᠯᠭᠠᠨ ᠤ ᠲᠣᠣᠷ ᠤᠨ ᠬᠡᠪ ᠤᠨ ᠴᠠᠬᠢᠯᠭᠠᠨ | ᠬᠠᠩᠭᠠᠯᠭ᠎ᠠ ᠶᠢ ᠬᠠᠷᠢᠭᠤᠴᠠᠨ ᠬᠠᠮᠠᠭᠠᠯᠠᠵᠤ᠂ ᠠᠶᠤᠯ ᠭᠠᠮᠰᠢᠭ ᠠᠴᠠ ᠠᠪᠤᠷᠠᠬᠤ ᠠᠵᠢᠯᠯᠠᠭ᠎ᠠ ᠶᠢᠨ ᠴᠠᠬᠢᠯᠭᠠᠨ | ᠬᠦᠴᠦᠨ ᠤ ᠬᠠᠩᠭᠠᠯᠭ᠎ᠠ ᠶᠢ ᠪᠠᠲᠤᠯᠠᠨ᠎ᠠ᠃ | ︵ᠬᠤᠷᠢ︶ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠄ ᠪᠠᠴᠢᠮ ᠪᠠᠶᠢᠳᠠᠯ ᠢ ᠠᠷᠭᠠᠴᠠᠨ ᠠᠪᠤᠷᠠᠬᠤ | ᠡᠩᠨᠡᠭᠡ ᠶᠢ ᠵᠣᠬᠢᠶᠠᠨ ᠪᠠᠶᠢᠭᠤᠯᠵᠤ᠂ ᠰᠢᠷᠬᠠᠲᠤᠭᠰᠠᠳ ᠢ ᠠᠪᠦᠷᠠᠨ ᠭᠠᠮᠰᠢᠭᠳᠠᠭᠰᠠᠨ ᠣᠷᠣᠨ ᠤ ᠬᠡᠷᠡᠭᠴᠡᠭᠡ | ᠪᠦᠬᠦᠢ ᠠᠪᠦᠷᠠᠯᠳᠠ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠬᠠᠩᠭᠠᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ | ᠪᠠᠶᠢᠭᠠᠳ ᠰᠢᠷᠬᠠᠲᠤᠭᠰᠠᠳ ᠤᠯᠠᠰᠢᠷᠠᠨᠬᠤ ᠪᠠ ᠡᠯ᠎ᠡ ᠵᠦᠢᠯ ᠤᠨ ᠡᠪᠡᠳᠴᠢᠨ ᠡᠮᠭᠡᠭ ᠭᠡᠨᠡᠳᠲᠡ ᠳᠡᠯᠭᠡᠷᠡᠬᠦ ᠶᠢ | ᠰᠡᠷᠭᠡᠶᠢᠯᠡᠨ ᠬᠢᠵᠠᠭᠠᠷᠯᠠᠵᠤ᠂ ᠰᠢᠷᠬᠠᠲᠤᠭᠰᠠᠳ ᠢ ᠠᠪᠤᠷᠠᠬᠤ᠂ ᠡᠮᠨᠡᠨ ᠵᠠᠰᠠᠬᠤ᠂ ᠰᠢᠯᠵᠢᠭᠦᠯᠬᠦ ᠵᠡᠷᠭᠡ ᠠᠵᠢᠯ ᠢ | ᠰᠠᠶᠢᠲᠤᠷ ᠬᠢᠨ᠎ᠡ᠃ | ︵ᠬᠤᠷᠢᠨ ᠨᠢᠭᠡ︶ ᠡᠯ᠎ᠡ ᠠᠭᠤᠷᠬᠠᠢ ᠶᠢᠨ ᠠᠵᠤ ᠠᠬᠤᠶᠢᠯᠠᠯ᠄ ᠠᠭᠤᠷᠬᠠᠢ ᠶᠢᠨ ᠮᠠᠯᠲᠠᠬᠤ ᠲᠠᠯᠠᠪᠠᠢ᠂ | ᠠᠵᠢᠯᠯᠠᠬᠤ ᠲᠠᠯᠠᠪᠤᠷ ᠤᠨ ᠬᠠᠵᠠᠭᠤ ᠶᠢᠨ ᠪᠡᠯ᠂ ᠰᠢᠷᠣᠢ ᠭᠠᠷᠭᠠᠬᠤ ᠲᠠᠯᠠᠪᠠᠢ᠂ ᠦᠯᠡᠳᠡᠭᠳᠡᠯ ᠬᠦᠳᠡᠷ ᠤᠨ ᠬᠠᠰᠢᠯᠭ᠎ᠠ ᠶᠢᠨ | ᠣᠷᠣᠨ ᠨᠦᠬᠡᠨ ᠠᠮᠠᠰᠠᠷ ᠵᠡᠷᠭᠡ ᠪᠡᠯᠡᠳᠬᠡᠮᠵᠢ ᠲᠥᠬᠦᠭᠡᠷᠦᠮᠵᠢ ᠬᠢᠭᠡᠳ ᠣᠷᠣᠰᠢᠨ ᠰᠠᠭᠤᠬᠤ ᠴᠡᠭ ᠤᠨ ᠶᠠᠬᠦᠷᠠᠬᠦ | ᠰᠢᠪᠠᠷ ᠴᠢᠯᠠᠭᠤᠨ ᠤ ᠤᠷᠤᠰᠬᠠᠯ᠂ ᠨᠤᠷᠠᠬᠤ᠂ ᠴᠥᠮᠥᠷᠡᠬᠦ ᠵᠡᠷᠭᠡ ᠭᠸᠥᠯᠥᠬᠢ ᠶᠢᠨ ᠭᠠᠮᠰᠢᠭ ᠶᠢᠨ ᠪᠠᠶᠢᠴᠠᠭᠠᠯᠲᠠ ᠶᠢ | ᠥᠷᠨᠢᠭᠦᠯᠵᠦ ᠂ ᠬᠢᠨᠠᠨ ᠬᠡᠮᠵᠢᠵᠦ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠭᠠᠮᠰᠢᠭ ᠠᠴᠠ | ᠰᠡᠷᠭᠡᠶᠢᠯᠡᠬᠦ ᠵᠣᠬᠢᠴᠠᠩᠭᠤᠢ ᠪᠡᠯᠡᠳᠬᠡᠯ ᠲᠥᠰᠥᠯ ᠲᠣᠭᠲᠠᠭᠠᠬᠤ ᠬᠡᠷᠡᠭᠲᠡᠢ ᠃ | ᠳᠣᠯᠤᠭ᠎ᠠ᠂ ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ | ᠠᠷᠭᠠᠴᠠᠬᠤ ᠲᠥᠰᠥᠯ | ︵ᠨᠢᠭᠡ︶ ᠭᠠᠮᠰᠢᠭ ᠠᠴᠠ ᠡᠮᠦᠨᠡᠬᠢ ᠤᠷᠢᠳᠴᠢᠯᠠᠭᠰᠠᠨ ᠮᠡᠳᠡᠭᠡ᠄ ᠴᠠᠭ ᠠᠭᠤᠷ ᠤᠨ ᠰᠠᠯᠠᠭ᠎ᠠ ᠮᠥᠴᠢᠷ ᠤᠨ | ᠬᠠᠩᠭᠠᠭᠰᠠᠨ ᠬᠠᠮᠢᠶ᠎ᠠ ᠪᠦᠬᠦᠢ ᠭᠠᠮᠰᠢᠭ ᠠᠴᠠ ᠡᠮᠦᠨᠡᠬᠢ ᠤᠷᠢᠳᠴᠢᠯᠠᠭᠰᠠᠨ ᠮᠡᠳᠡᠭᠡ ᠶᠢ ᠭᠥᠯᠢᠶᠡᠨ ᠠᠪᠬᠤ ᠦᠶᠡᠰ᠂ | ᠴᠠᠭ ᠲᠤᠬᠠᠢ ᠳᠤᠨᠢ ᠭᠸᠥᠯᠥᠬᠢ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠳᠤ | ᠮᠡᠳᠡᠭᠦᠯᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠢᠶ᠎ᠠ | ᠪᠦᠬᠦᠢ ᠭᠠᠮᠰᠢᠭ ᠠᠴᠠ ᠡᠮᠦᠨᠡᠬᠢ ᠤᠷᠢᠳᠴᠢᠯᠠᠭᠰᠠᠨ ᠮᠡᠳᠡᠭᠡ ᠶᠢᠨ ᠮᠡᠳᠡᠭᠡ ᠵᠠᠩᠭᠢ ᠶᠢ ᠥᠷᠭᠡᠨ ᠢᠶᠠᠷ ᠨᠡᠶᠢᠲᠡᠯᠡᠨ᠎ᠡ᠃ | ︵ᠬᠤᠶᠠᠷ︶ ᠭᠠᠮᠰᠢᠭ ᠠᠴᠠ ᠡᠮᠦᠨᠡᠬᠢ ᠪᠠᠴᠢᠮ ᠪᠠᠶᠢᠳᠠᠯ ᠢ ᠠᠷᠭᠠᠴᠠᠬᠤ ᠄ ᠭᠠᠮᠰᠢᠭ ᠠᠴᠠ ᠡᠮᠦᠨᠡᠬᠢ | ᠤᠷᠢᠳᠴᠢᠯᠠᠭᠰᠠᠨ ᠮᠡᠳᠡᠭᠡ ᠢ ᠨᠡᠶᠢᠲᠡᠯᠡᠭᠰᠡᠨ ᠤ ᠲᠠᠷᠠᠭ᠎ᠠ ᠭᠠᠮᠰᠢᠭᠳᠠᠭᠰᠠᠨ ᠤᠷᠥᠨ ᠨᠢ ᠪᠠᠴᠢᠮ ᠪᠠᠶᠢᠳᠠᠯ ᠢ | ᠠᠷᠭᠠᠴᠠᠬᠤ ᠬᠤᠭᠤᠴᠠᠭᠠᠨ ᠲᠤ ᠤᠷᠤᠨ᠎ᠠ᠃ ᠭᠸᠥᠯᠥᠬᠢ ᠶᠢᠨ ᠭᠠᠮᠰᠢᠭ ᠡᠭᠦᠰᠬᠦ ᠬᠡᠪᠴᠢᠶ᠎ᠡ ᠶᠢ ᠦᠨᠳᠦᠰᠦᠯᠡᠨ᠂ | ᠭᠸᠥᠯᠥᠬᠢ ᠶᠢᠨ ᠭᠠᠮᠰᠢᠭ ᠢ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠪᠣᠯᠣᠨ ᠡᠯ᠎ᠡ ᠡᠭᠦᠷᠭᠡ | ᠴᠢᠳᠠᠪᠤᠷᠢᠲᠤ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠭᠠᠮᠰᠢᠭ ᠠᠴᠠ ᠡᠮᠦᠨᠡᠬᠢ | ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠲᠤ ᠣᠷᠣᠵᠤ ᠂ ᠡᠯ᠎ᠡ ᠬᠢᠨᠠᠨ ᠬᠡᠮᠵᠢᠬᠦ ᠬᠠᠷᠢᠭᠤᠴᠠᠯᠭ᠎ᠠ ᠲᠠᠢ ᠨᠢᠭᠡᠴᠡ | ᠪᠣᠯᠣᠨ ᠬᠢᠨᠠᠨ ᠬᠡᠮᠵᠢᠬᠦ ᠬᠠᠷᠢᠭᠤᠴᠠᠯᠭ᠎ᠠ ᠲᠠᠢ ᠬᠥᠮᠥᠰ ᠠᠴᠠ ᠭᠠᠮᠰᠢᠭᠳᠠᠬᠤ ᠣᠷᠣᠨ ᠤ ᠬᠡᠪᠴᠢᠶᠡᠨ ᠳᠠᠬᠢ ᠬᠥᠮᠥᠰ | ᠪᠣᠯᠣᠨ ᠬᠥᠷᠥᠩᠭᠡ ᠪᠠᠨ ᠠᠶᠤᠯ ᠦᠭᠡᠢ ᠪᠠᠷ ᠰᠢᠯᠵᠢᠭᠦᠯᠬᠦ ᠶᠢ ᠴᠠᠭ ᠲᠤᠬᠠᠢ ᠲᠤᠨᠢ ᠮᠡᠳᠡᠭᠳᠡᠬᠦ ᠪᠠ ᠵᠣᠬᠢᠶᠠᠨ | ᠪᠠᠶᠢᠭᠤᠯᠬᠤ ᠬᠡᠷᠡᠭᠲᠡᠢ᠃ | ︵ᠭᠤᠷᠪᠠ︶ ᠭᠠᠮᠰᠢᠭ ᠤᠨ ᠳᠠᠷᠠᠭᠠᠬᠢ ᠪᠠᠴᠢᠮ ᠪᠠᠶᠢᠳᠠᠯ ᠢ ᠠᠷᠭᠠᠴᠠᠬᠤ᠄ ᠭᠸᠥᠯᠥᠬᠢ ᠶᠢᠨ ᠭᠠᠮᠰᠢᠭ ᠭᠠᠷᠪᠠᠯ᠂ | ᠭᠸᠥᠯᠥᠬᠢ ᠶᠢᠨ ᠭᠠᠮᠰᠢᠭ ᠢ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠳᠠᠷᠤᠢ ᠲᠦᠷᠭᠡᠨ ᠬᠥᠮᠥᠨ | ᠲᠣᠮᠢᠯᠠᠨ ᠲᠤᠬᠠᠢ ᠶᠢᠨ ᠭᠠᠵᠠᠷ ᠲᠤᠨᠢ ᠣᠴᠢᠭᠤᠯᠵᠤ ᠭᠠᠮᠰᠢᠭ ᠤᠨ ᠪᠠᠶᠢᠳᠠᠯ ᠢ ᠣᠶᠢᠯᠠᠭᠠᠭᠤᠯᠵᠤ ᠂ ᠭᠠᠮᠰᠢᠭ ᠤᠨ | ᠳᠠᠷᠠᠭᠠᠬᠢ ᠠᠶᠤᠯ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ ︽ᠭᠸᠥᠯᠥᠬᠢ ᠶᠢᠨ | ᠭᠠᠮᠰᠢᠭ ᠢ ᠲᠦᠷᠭᠡᠨ ᠮᠡᠳᠡᠭᠦᠯᠬᠦ ᠳᠦᠷᠢᠮ︾ ᠤᠨ ᠶᠣᠰᠣᠭᠠᠷ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠭᠠᠮᠰᠢᠭ ᠤᠨ ᠪᠠᠶᠢᠳᠠᠯ ᠢ ᠴᠠᠭ ᠲᠤᠬᠠᠢ ᠳᠤᠨᠢ ᠲᠦᠷᠭᠡᠨ ᠮᠡᠳᠡᠭᠦᠯᠵᠦ᠂ ᠭᠠᠮᠰᠢᠭ ᠤᠨ ᠪᠠᠶᠢᠳᠠᠯ ᠤᠨ | ᠬᠠᠨᠳᠤᠰᠢ ᠶᠢᠨ ᠲᠤᠬᠠᠢ ᠰᠠᠨᠠᠯ ᠪᠠ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠰᠠᠨᠠᠭᠤᠯᠭ᠎ᠠ ᠶᠢ ᠴᠠᠭ ᠲᠤᠬᠠᠢ | ᠳᠤᠨᠢ ᠳᠤᠷᠠᠳᠴᠤ᠂ ᠭᠠᠮᠰᠢᠭ ᠤᠨ ᠳᠠᠷᠠᠭᠠᠬᠢ ᠬᠢᠨᠠᠨ ᠬᠡᠮᠵᠢᠬᠦ ᠠᠵᠢᠯ ᠢ ᠴᠢᠩᠭᠠᠳᠬᠠᠬᠤ ᠬᠡᠷᠡᠭᠲᠡᠢ ᠃ | ︵ᠳᠥᠷᠪᠡ︶ ᠶᠡᠭᠡ ᠬᠡᠪᠴᠢᠶᠡᠨ ᠤ ᠭᠸᠥᠯᠥᠬᠢ ᠶᠢᠨ ᠭᠠᠮᠰᠢᠭ ᠤᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠄ ᠤᠷᠢᠳᠴᠢᠯᠠᠨ ᠮᠡᠳᠡᠰᠢ ᠦᠭᠡᠢ ᠶᠡᠭᠡ ᠬᠡᠪᠴᠢᠶᠡᠨ ᠤ ᠭᠸᠥᠯᠥᠬᠢ ᠶᠢᠨ ᠭᠠᠮᠰᠢᠭ ᠡᠭᠦᠰᠬᠦ ᠦᠶ᠎ᠡ ᠳᠤ᠂ | ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯᠲᠠᠳ ᠴᠠᠭ ᠲᠤᠬᠠᠢ ᠳᠤᠨᠢ ᠬᠤᠰᠢᠭᠤᠨ ᠠᠷᠠᠳ ᠤᠨ | ᠵᠠᠰᠠᠭ ᠤᠨ ᠣᠷᠳᠣᠨ ᠤ ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠬᠦ ᠠᠵᠢᠯ ᠤᠨ ᠠᠯᠪᠠᠨ ᠭᠡᠷ ᠲᠤ ᠮᠡᠳᠡᠭᠦᠯᠵᠦ᠂ | ᠰᠤᠮᠤ ︵ᠪᠠᠯᠭᠠᠰᠤ︶ ᠶᠢᠨ ᠭᠸᠥᠯᠥᠬᠢ ᠶᠢᠨ ᠭᠠᠢ ᠭᠠᠮᠰᠢᠭ ᠢ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ | ᠵᠢᠴᠢ ᠡᠯ᠎ᠡ ᠪᠦᠷᠢᠯᠳᠦᠭᠦᠨ ᠨᠢᠭᠡᠴᠡ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠪᠠᠴᠢᠮ ᠪᠠᠶᠢᠳᠠᠯ ᠳᠤ | ᠣᠷᠣᠵᠤ᠂ ᠬᠥᠮᠥᠰ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠬᠡᠷᠡᠭ ᠤᠨ | ᠪᠠᠶᠢᠳᠠᠯ ᠢ ᠤᠯᠠᠮ ᠨᠢᠭᠡ ᠠᠯᠬᠤᠮ ᠥᠷᠭᠡᠳᠬᠡᠬᠦ ᠠᠴᠠ ᠵᠠᠶᠢᠯᠠᠰᠬᠢᠵᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠨ᠎ᠠ᠃ | |