5 ᠳ᠋ᠤᠭᠠᠷ ᠰᠠᠷ᠎ᠠ ᠶᠢᠨ 31 ᠤ ᠡᠳᠦᠷ᠂ ᠠᠶᠢᠮᠠᠭ ᠤᠨ ᠤᠯᠤᠰ ᠤᠨ ᠭᠠᠵᠠᠷ ᠰᠢᠷᠣᠢ ᠣᠷᠣᠨ ᠵᠠᠢ ᠶᠢᠨ | ᠲᠥᠯᠦᠪᠵᠢᠭᠦᠯᠭᠡ ᠶᠢᠨ ᠵᠥᠪᠯᠡᠯ ᠤᠨ ᠠᠩᠬᠠᠳᠤᠭᠠᠷ ᠬᠤᠷᠠᠯ ᠠᠴᠠ ︽ᠡᠵᠡᠨ᠎ᠡ ᠬᠤᠰᠢᠭᠤᠨ ᠤ ᠤᠯᠤᠰ ᠤᠨ ᠭᠠᠵᠠᠷ | ᠰᠢᠷᠣᠢ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 ︱ 2035 ᠣᠨ︶︾ ᠶᠢ ᠬᠢᠨᠠᠨ ᠵᠥᠪᠯᠡᠵᠦ᠂ | ᠡᠵᠡᠨ᠎ᠡ ᠬᠤᠰᠢᠭᠤᠨ ᠤ ᠳᠡᠳ᠋ ᠳᠠᠷᠤᠭ᠎ᠠ ᠸᠠᠩ ᠶᠦᠩ ᠪᠢᠨ᠂ ᠡᠵᠡᠨ᠎ᠡ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠶᠢᠨ ᠳᠠᠷᠤᠭ᠎ᠠ ᠵᠥᠩ ᠵᠢᠶᠠ ᠬᠤ᠋ ᠬᠤᠷᠠᠯ ᠳᠤ ᠣᠷᠣᠯᠴᠠᠪᠠ᠃ | ᠡᠨᠡ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ︽ᠡᠵᠡᠨ᠎ᠡ ᠬᠤᠰᠢᠭᠤᠨ ᠤ ᠤᠯᠤᠰ ᠤᠨ ᠭᠠᠵᠠᠷ | ᠰᠢᠷᠣᠢ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 ︱ 2035 ᠣᠨ︶︾ ᠶᠢ ᠨᠠᠶᠢᠷᠠᠭᠤᠯᠤᠨ | ᠵᠣᠬᠢᠶᠠᠭᠰᠠᠨ ᠨᠢᠭᠡᠴᠡ ᠶᠢᠨ ᠪᠢᠴᠢᠭ ᠮᠡᠲ᠋ᠧᠷᠢᠶᠠᠯ᠂ ᠲᠣᠳᠣᠷᠬᠠᠶᠢᠯᠠᠯᠲᠠ᠂ ᠵᠢᠷᠤᠭᠲᠤ ᠳᠡᠪᠲᠡᠷ ᠵᠡᠷᠭᠡ ᠠᠭᠤᠯᠭ᠎ᠠ ᠶᠢᠨ | ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠡᠵᠡᠨ᠎ᠡ ᠬᠤᠰᠢᠭᠤᠨ ᠤ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ᠂ ᠵᠢᠭᠤᠯᠴᠢᠯᠠᠯ ᠬᠢᠭᠡᠳ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠠᠰᠢᠭᠯᠠᠯᠲᠠ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ | ᠬᠤᠷᠠᠯ ᠳᠤ ᠣᠷᠣᠯᠴᠠᠭᠰᠠᠳ ᠤᠨ ᠦᠵᠡᠬᠦ ᠪᠠᠷ᠂ ᠲᠣᠰ ᠲᠥᠯᠦᠪᠵᠢᠭᠦᠯᠭᠡ ᠨᠢ ᠡᠵᠡᠨ᠎ᠡ ᠬᠤᠰᠢᠭᠤᠨ ᠤ ᠭᠠᠵᠠᠷ | ᠣᠷᠣᠨ ᠤ ᠣᠨᠴᠠᠯᠢᠭ ᠲᠤ ᠰᠠᠭᠤᠷᠢᠯᠠᠵᠤ᠂ ᠨᠠᠶᠢᠷᠠᠭᠤᠯᠤᠨ ᠵᠣᠬᠢᠶᠠᠬᠤ ᠠᠵᠢᠯ ᠤᠨ ᠰᠠᠭᠤᠷᠢ ᠨᠢ ᠯᠠᠪᠳᠠᠭᠤᠨ | ᠪᠠᠲᠤᠲᠠᠢ᠂ ᠵᠢᠯᠤᠭᠤᠳᠬᠤ ᠦᠵᠡᠯ ᠰᠠᠨᠠᠭ᠎ᠠ ᠨᠢ ᠲᠣᠳᠣᠷᠬᠠᠢ᠂ ᠯᠣᠭᠢᠭ ᠤᠨ ᠪᠦᠲᠦᠴᠡ ᠨᠢ ᠲᠣᠳᠣᠷᠬᠠᠢ᠂ | ᠲᠥᠯᠦᠪᠵᠢᠭᠦᠯᠭᠡ ᠶᠢᠨ ᠠᠭᠤᠯᠭ᠎ᠠ ᠨᠢ ᠪᠥᠬᠦ ᠲᠠᠯ᠎ᠠ ᠶᠢᠨ᠂ ᠨᠠᠶᠢᠷᠠᠭᠤᠯᠤᠨ ᠵᠣᠬᠢᠶᠠᠬᠤ ᠶᠡᠷᠦᠩᠬᠡᠢ ᠶᠠᠰᠤ ᠴᠢᠨᠠᠷ ᠨᠢ | ᠨᠡᠯᠢᠶᠡᠳ ᠥᠨᠳᠥᠷ ᠪᠠᠶᠢᠵᠤ᠂ ᠤᠯᠤᠰ ᠤᠨ ᠭᠠᠵᠠᠷ ᠰᠢᠷᠣᠢ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠠᠭᠤᠯᠭ᠎ᠠ ᠶᠢᠨ ᠱᠠᠭᠠᠷᠳᠠᠯᠭ᠎ᠠ ᠪᠠ ᠡᠵᠡᠨ᠎ᠡ ᠬᠤᠰᠢᠭᠤᠨ ᠤ ᠪᠣᠳᠠᠲᠤ ᠪᠠᠶᠢᠳᠠᠯ ᠲᠠᠢ ᠨᠡᠶᠢᠴᠡᠵᠦ᠂ ᠬᠢᠨᠠᠨ | ᠶᠠᠷᠢᠯᠴᠠᠵᠤ ᠪᠠᠲᠤᠯᠠᠬᠤ ᠶᠢ ᠰᠠᠨᠠᠯ ᠨᠢᠭᠡᠲᠡᠢ ᠵᠥᠪᠰᠢᠶᠡᠷᠡᠪᠡ᠃ ᠡᠨᠡ ᠨᠢ ᠡᠵᠡᠨ᠎ᠡ ᠬᠤᠰᠢᠭᠤᠨ ᠤ ᠤᠯᠤᠰ ᠤᠨ ᠭᠠᠵᠠᠷ | ᠰᠢᠷᠣᠢ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠨᠢ ᠠᠶᠢᠮᠠᠭ᠂ | ᠬᠤᠰᠢᠭᠤ ᠬᠤᠶᠠᠷ ᠱᠠᠲᠤᠨ ᠤ ᠬᠠᠤᠯᠢ ᠪᠠᠷ ᠲᠣᠭᠲᠠᠭᠠᠭᠰᠠᠨ ᠬᠢᠨᠠᠨ ᠪᠠᠶᠢᠴᠠᠭᠠᠬᠤ ᠲᠠᠰ ᠳᠠᠷᠠᠭᠠᠯᠠᠯ ᠢ ᠪᠦᠬᠦᠨ ᠢ | ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ | | | |