ᠡᠵᠡᠨ᠎ᠡ ᠬᠣᠰᠢᠭᠤᠨ ᠳᠤ ᠰᠦᠶᠳᠬᠡᠯ ᠬᠤᠷᠢᠶᠠᠬᠤ ᠥᠬᠡᠶ ᠪᠡᠷ ᠬᠣᠶᠠᠷ ᠥᠮᠡᠨ ᠢ ᠰᠢᠭᠰᠢᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/6/13
       ᠡᠵᠡᠨ᠎ᠡ ᠬᠤᠰᠢᠭᠤ ᠨᠢ 2023 ᠣᠨ ᠤ ᠠᠷᠠᠳ ᠤᠨ ᠲᠥᠯᠥᠭᠡ ᠪᠤᠳᠠᠳᠤ ᠶᠠᠪᠤᠳᠠᠯ ᠬᠢᠬᠦ ᠶᠢ ᠠᠬᠢᠭᠤᠯᠵᠦ ᠂ ᠡᠮᠡᠭᠲᠡᠶᠢᠴᠦᠳ ᠦᠨ ︽ᠬᠣᠶᠠᠷ ᠥᠮᠡᠨ ︾  ᠡᠷᠲᠡ ᠣᠨᠣᠰᠢᠯᠠᠵᠤ ᠡᠷᠲᠡ ᠵᠠᠰᠠᠨ ᠂ ᠥᠷᠭᠡᠨ ᠣᠯᠠᠨ ᠡᠮᠡᠭᠲᠡᠶᠢᠴᠦᠳ ᠦᠨ ᠪᠡᠶ᠎ᠡ ᠰᠡᠳᠬᠢᠯ ᠦᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ ᠂ ᠡᠵᠡᠨ᠎ᠡ ᠬᠣᠰᠢᠭᠤᠨ ᠤ ᠡᠮᠡᠭᠲᠡᠶᠢᠴᠦᠳ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠶᠡᠷᠦᠩᠬᠡᠶᠢᠯᠡᠭᠰᠡᠨ ᠦᠶᠯᠡᠴᠢᠯᠡᠭᠡᠨ ᠦ ᠲᠥᠪ ᠡᠴᠡ ᠵᠢᠦᠴᠢᠦᠸᠠᠨ ᠤ ᠰᠦᠵᠧᠦ ᠲᠣᠭᠣᠷᠢᠭ ᠤᠨ ᠡᠮᠡᠭᠲᠡᠶᠢᠴᠦᠳ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠬᠦᠷᠢᠶᠡᠯᠡᠩ ᠦᠨ ᠲᠤᠰᠬᠠᠶ ᠮᠡᠷᠭᠡᠵᠢᠯᠲᠡᠨ ᠢ ᠤᠷᠢᠵᠤ 6 ᠰᠠᠷ᠎ᠠ ᠶᠢᠨ 13 ᠡᠳᠦᠷ ᠡᠴᠡ 16 ᠡᠳᠦᠷ ᠪᠣᠯᠲᠠᠯ᠎ᠠ ᠪᠥᠬᠥ ᠬᠣᠰᠢᠭᠤᠨ ᠤ ᠡᠮᠡᠭᠲᠡᠶᠢᠴᠦᠳ ᠲᠦ ᠰᠠᠪᠠ ᠶᠢᠨ ᠬᠦᠵᠦᠭᠦᠨ ᠦ ᠥᠮᠡᠨ ︵TCT ᠂ HPV ︶ ᠂ ᠬᠥᠬᠥᠨ ᠪᠤᠯᠴᠢᠷᠬᠠᠶ ᠶᠢᠨ ᠥᠮᠡᠨ ︵ᠬᠥᠬᠥᠨ ᠪᠤᠯᠴᠢᠷᠬᠠᠶ ᠶᠢᠨ ᠬᠡᠲᠦ ᠪᠤᠳᠤᠭᠲᠤ ᠡᠳ᠋ ︶ ᠢ ᠰᠦᠶᠳᠬᠡᠯ ᠬᠤᠷᠢᠶᠠᠬᠤ ᠥᠬᠡᠶ ᠪᠡᠷ ᠰᠢᠭᠰᠢᠨ ᠪᠠᠶᠢᠴᠠᠭᠠᠬᠤ ᠠᠵᠢᠯᠯᠠᠭ᠎ᠠ ᠦᠷᠨᠢᠭᠦᠯᠵᠦ ᠪᠤᠢ ᠃      ᠰᠢᠭᠰᠢᠨ ᠪᠠᠶᠢᠴᠠᠭᠠᠬᠤ ᠴᠠᠭ ᠄ 2023 ᠣᠨ ᠤ 6 ᠰᠠᠷ᠎ᠠ ᠶᠢᠨ 13 ᠡᠳᠦᠷ ᠡᠴᠡ 2023 ᠣᠨ ᠤ 6 ᠰᠠᠷ᠎ᠠ ᠶᠢᠨ 16 ᠡᠳᠦᠷ ᠪᠣᠯᠲᠠᠯ᠎ᠠ      ᠰᠢᠭᠰᠢᠨ ᠪᠠᠶᠢᠴᠠᠭᠠᠬᠤ ᠬᠥᠮᠦᠰ ᠄ ᠲᠣᠰ ᠭᠠᠵᠠᠷ ᠤᠨ ᠡᠷᠦᠬᠡ ᠠᠮᠠ ᠶᠢᠨ ᠲᠠᠩᠰᠠ ᠲᠠᠶ 35 ︱ 64 ᠪᠦᠬᠦᠯᠢ ᠨᠠᠰᠤᠨ ᠤ ᠡᠮᠡᠭᠲᠡᠶᠢᠴᠦᠳ ︵ ᠪᠡᠶ᠎ᠡ ᠶᠢᠨ ᠦᠨᠡᠮᠯᠡᠯ ᠢᠶᠡᠨ ᠠᠪᠴᠤ ᠢᠷᠡᠭᠡᠷᠡᠢ᠂ ᠡᠨᠡ ᠵᠢᠯ ᠮᠠᠨ ᠤ ᠨᠢᠭᠡᠴᠡ ᠳᠦ ᠰᠢᠭᠰᠢᠨ ᠪᠠᠶᠢᠴᠠᠭᠠᠵᠤ ᠥᠩᠭᠡᠷᠡᠭᠰᠡᠨ ᠬᠥᠮᠦᠰ ᠲᠣᠰ ᠠᠵᠢᠯᠯᠠᠭ᠎ᠠ ᠶᠢ ᠳᠠᠭᠢᠵᠤ ᠭᠥᠷᠳᠡᠬᠦ ᠥᠬᠡᠶ ︶      ᠰᠢᠭᠰᠢᠨ ᠪᠠᠶᠢᠴᠠᠭᠠᠬᠤ ᠭᠠᠵᠠᠷ ᠄ ᠡᠵᠡᠨ᠎ᠡ ᠬᠣᠰᠢᠭᠤᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠶᠡᠷᠦᠩᠬᠡᠶᠢᠯᠡᠭᠰᠡᠨ ᠦᠶᠯᠡᠴᠢᠯᠡᠭᠡᠨ ᠦ ᠲᠥᠪ ︵ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠮᠣ ᠠᠰᠠᠷ ᠤᠨ ᠪᠠᠷᠠᠭᠤᠨ ᠲᠠᠯ᠎ᠠ  ︶      ᠰᠢᠭᠰᠢᠨ ᠪᠠᠶᠢᠴᠠᠭᠠᠬᠤ ᠴᠠᠭ ᠄ 6 ᠰᠠᠷ᠎ᠠ ᠶᠢᠨ 13 ᠡᠳᠦᠷ ᠦᠨ ᠦᠳᠡ ᠶᠢᠨ ᠬᠣᠶᠢᠨ᠎ᠠ ᠄ 15 ᠄ 00 ︱ 18 ᠄ 006 ᠰᠠᠷ᠎ᠠ ᠶᠢᠨ 14 ︱ 16 ᠡᠳᠦᠷ ᠦᠨ ᠦᠳᠡ ᠶᠢᠨ ᠡᠮᠦᠨ᠎ᠡ ᠄08 ᠄ 00 ︱ 11 ᠄ 30ᠦᠳᠡ ᠶᠢᠨ ᠬᠣᠶᠢᠨ᠎ᠠ ᠄ 15 ᠄ 00 ︱ 18 ᠄ 00      ᠰᠢᠭᠰᠢᠨ ᠪᠠᠶᠢᠴᠠᠭᠠᠬᠤ ᠠᠭᠤᠯᠭ᠎ᠠ ᠵᠢᠴᠢ ᠠᠷᠭ᠎ᠠ ᠄       ︵ᠨᠢᠭᠡ ︶ ᠰᠠᠪᠠᠨ ᠤ ᠬᠦᠵᠦᠭᠦᠨ ᠦ ᠥᠮᠡᠨ ᠦ ᠪᠠᠶᠢᠴᠠᠭᠠᠯᠲᠠ᠄ ᠡᠩ ᠦᠨ ᠡᠮᠡᠭᠲᠡᠶ ᠶᠢᠨ ᠰᠠᠯᠠᠭᠠᠨ ᠤ ᠪᠠᠶᠢᠴᠠᠭᠠᠯᠲᠠ᠂ ᠰᠠᠪᠠᠨ ᠤ ᠬᠦᠵᠦᠭᠦᠨ ᠦ ᠵᠤᠯᠭᠠᠷᠠᠭᠰᠠᠨ ᠡᠰ ᠦᠨ ᠪᠠᠶᠢᠴᠠᠭᠠᠯᠲᠠ       ︵ᠬᠣᠶᠠᠷ ︶ ᠬᠥᠬᠥᠨ ᠪᠤᠯᠴᠢᠷᠬᠠᠶ ᠶᠢᠨ ᠥᠮᠡᠨ ᠦ ᠪᠠᠶᠢᠴᠠᠭᠠᠯᠲᠠ᠄ ᠬᠥᠬᠥᠨ ᠪᠤᠯᠴᠢᠷᠬᠠᠶ ᠶᠢᠨ ᠪᠤᠳᠤᠭᠲᠤ ᠬᠡᠳᠦ ᠳᠣᠯᠭᠢᠶᠠᠨ ᠤ ᠪᠠᠶᠢᠴᠠᠭᠠᠯᠲᠠ᠃      ︵ᠭᠤᠷᠪᠠ ︶ ᠤᠮᠠᠶ ᠶᠢᠨ ᠳᠤᠷᠠᠨ ᠤ ᠪᠠᠶᠢᠴᠠᠭᠠᠯᠲᠠ ︵ᠬᠤᠪᠢ ᠶᠢᠨ ᠰᠦᠢᠳᠬᠡᠯ ᠦᠨ ᠵᠦᠢᠯ ︶ ᠄ ᠴᠢᠬᠤᠯᠠ ᠲᠠᠶ ᠪᠣᠯ ᠤᠷᠢᠳᠴᠢᠯᠠᠨ ᠪᠣᠯᠵᠣᠭᠠᠷᠠᠶ᠂ ᠤᠷᠢᠳᠴᠢᠯᠠᠨ ᠪᠣᠯᠵᠣᠭᠰᠠᠨ ᠤᠲᠠᠰᠤ᠄18804875351      ᠰᠢᠭᠰᠢᠨ ᠪᠠᠶᠢᠴᠠᠭᠠᠬᠤ ᠳᠤ ᠠᠩᠬᠠᠷᠬᠤ ᠵᠦᠢᠯ ᠄      1. ᠰᠠᠷ᠎ᠠ ᠶᠢᠨ ᠭᠬᠢᠷ ᠦᠨ ᠪᠤᠰᠤ ᠬᠤᠭᠤᠴᠠᠭᠠᠨ ᠳᠤ ᠰᠢᠭᠰᠢᠨ ᠪᠠᠶᠢᠴᠠᠭᠠᠨ᠎ᠠ᠃      2. ᠰᠢᠭᠰᠢᠨ ᠪᠠᠶᠢᠴᠠᠭᠠᠬᠤ ᠠᠴᠠ ᠬᠣᠶᠠᠷ ᠡᠳᠦᠷ ᠦᠨ ᠡᠮᠦᠨ᠎ᠡ ᠬᠤᠷᠢᠴᠠᠯ ᠤᠨ ᠠᠮᠢᠳᠤᠷᠠᠯ ᠢ ᠴᠡᠭᠡᠷᠯᠡᠨ᠎ᠡ᠃      3. ᠰᠢᠭᠰᠢᠨ ᠪᠠᠶᠢᠴᠠᠭᠠᠬᠤ ᠠᠴᠠ ᠡᠮᠦᠨ᠎ᠡ ᠨᠢᠭᠡ ᠡᠳᠦᠷ ᠤᠮᠠᠶ ᠪᠠᠨ ᠤᠬᠢᠶᠠᠵᠤ ᠪᠣᠯᠬᠤ ᠦᠭᠡᠢ᠂ ᠨᠡᠩ ᠴᠤ ᠤᠮᠠᠶ ᠪᠠᠷ ᠡᠮ ᠬᠡᠷᠡᠭᠯᠡᠵᠦ ᠪᠣᠯᠬᠤ ᠦᠭᠡᠢ᠃      4. ᠮᠠᠲ᠋ᠧᠷᠢᠶᠠᠯ ᠠᠪᠬᠤ ᠠᠴᠠ ᠪᠠᠨ ᠡᠮᠦᠨ᠎ᠡ ᠡᠮᠡᠭᠲᠡᠶ ᠶᠢᠨ ᠰᠠᠯᠠᠭᠠᠨ ᠤ ᠳᠣᠲᠣᠷ ᠡᠪᠡᠳᠴᠢᠨ ᠦ ᠪᠠᠶᠢᠴᠠᠭᠠᠯᠲᠠ ᠪᠠ ᠤᠮᠠᠶ ᠶᠢᠨ ᠬᠡᠳᠦ ᠳᠣᠯᠭᠢᠶᠠᠨ ᠤ ᠪᠠᠶᠢᠴᠠᠭᠠᠯᠲᠠ ᠬᠢᠵᠦ ᠪᠣᠯᠬᠤ ᠦᠭᠡᠢ᠂ ᠬᠡᠷᠪᠡ ᠦᠷᠪᠢᠰᠦᠯ ᠲᠡᠶ ᠪᠣᠯ ᠬᠠᠮᠤᠭ ᠰᠠᠶᠢᠨ ᠨᠢ ᠤᠷᠢᠳ ᠢᠶᠠᠷ ᠡᠮᠨᠡᠨ ᠵᠠᠰᠠᠭᠰᠠᠨ ᠤ ᠳᠠᠷᠠᠭ᠎ᠠ ᠰᠠᠶ᠋ᠢ ᠰᠢᠭᠰᠢᠨ ᠪᠠᠶᠢᠴᠠᠭᠠᠯᠲᠠ ᠬᠢᠨ᠎ᠡ᠃ 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号