6 ᠳ᠋ᠤᠭᠠᠷ ᠰᠠᠷ᠎ᠠ ᠶᠢᠨ 1 ᠤ ᠡᠳᠦᠷ᠂ ᠡᠵᠡᠨ᠎ᠡ ᠬᠤᠰᠢᠭᠤ ︽ᠬᠥᠮᠥᠨ ᠪᠣᠯᠭᠠᠨ ᠠᠮᠤᠷ ᠲᠦᠪᠰᠢᠨ ᠢ | ᠡᠷᠬᠢᠮᠯᠡᠵᠦ᠂ ᠬᠦᠮᠦᠨ ᠪᠦᠷᠢ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾ ᠰᠡᠳᠦᠪᠲᠦ 22 ᠳ᠋ᠤᠭᠠᠷ ᠪᠥᠬᠦ | ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ | ᠶᠠᠪᠤᠭᠳᠠᠭᠤᠯᠪᠠ᠃ ᠡᠵᠡᠨ᠎ᠡ ᠬᠤᠰᠢᠭᠤᠨ ᠤ ᠳᠡᠳ᠋ ᠳᠠᠷᠤᠭ᠎ᠠ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠡᠳ᠋ | ᠡᠷᠬᠢᠯᠡᠭᠴᠢ ᠸᠠᠩ ᠶᠦᠩ ᠪᠢᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠺᠠᠩ ᠳ᠋ᠦᠩ ᠵᠢᠴᠢ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ | ᠠᠵᠢᠯ ᠲᠦᠷᠦᠯ ᠤᠨ ᠠᠵᠤ ᠠᠬᠤᠶᠢᠯᠠᠯ ᠤᠨ ᠲᠥᠯᠥᠭᠡᠯᠡᠭᠴᠢ ᠪᠣᠯᠣᠨ ᠨᠡᠶᠢᠭᠡᠮ ᠤᠨ ᠡᠯ᠎ᠡ ᠡᠲᠡᠭᠡᠳ ᠤᠨ 500 | ᠭᠠᠷᠤᠢ ᠬᠥᠮᠥᠨ᠂ ᠪᠠᠴᠢᠮ ᠪᠠᠶᠢᠳᠠᠯ ᠢ ᠠᠷᠭᠠᠴᠠᠬᠤ ᠡᠯ᠎ᠡ ᠲᠦᠷᠦᠯ ᠤᠨ 30 ᠭᠠᠷᠤᠢ ᠣᠨᠴᠠ ᠲᠦᠷᠦᠯ ᠤᠨ ᠮᠠᠰᠢᠨ | ᠲᠡᠷᠭᠡ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠳᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ | ᠠᠵᠢᠯᠯᠠᠭ᠎ᠠ ᠶᠢᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ︽ᠠᠶᠤᠯ ᠦᠭᠡᠢ ᠦᠢᠯᠡᠳᠪᠦᠷᠢᠯᠡᠯ ᠤᠨ ᠬᠠᠤᠯᠢ︾ | ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ 15 ᠵᠤᠷᠪᠤᠰ | ᠬᠠᠲᠠᠭᠤ ᠠᠷᠭ᠎ᠠ ᠬᠡᠮᠵᠢᠶ᠎ᠡ᠂ ᠥᠪᠡᠷᠲᠡᠭᠡᠨ ᠵᠠᠰᠠᠬᠤ ᠣᠷᠣᠨ ᠤ 53 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ | ᠤᠬᠠᠭᠤᠯᠤᠨ ᠲᠤᠤᠱᠯᠠᠭᠤᠯᠬᠤ ᠡᠷᠴᠢᠮ ᠢ ᠦᠷᠭᠦᠯᠵᠢᠯᠡᠨ ᠴᠢᠩᠭᠠᠳᠬᠠᠵᠤ᠂ ︽ᠠᠶᠤᠯ ᠦᠭᠡᠢ ᠦᠢᠯᠡᠳᠪᠦᠷᠢᠯᠡᠯ ᠤᠨ | ᠰᠠᠷ᠎ᠠ︾ ᠶᠢᠨ ᠠᠵᠢᠯᠯᠠᠭ᠎ᠠ ᠶᠢ ᠦᠷᠭᠦᠯᠵᠢᠯᠡᠨ ᠥᠷᠭᠡᠨ ᠳᠡᠯᠭᠡᠷᠡᠩᠭᠦᠢ ᠪᠠᠷ ᠥᠷᠨᠢᠭᠦᠯᠵᠦ᠂ ᠬᠢᠨᠠᠯᠲᠠ ᠲᠠᠯᠪᠢᠵᠤ | ᠬᠠᠤᠯᠢ ᠬᠡᠷᠡᠭᠵᠢᠭᠦᠯᠬᠦ᠂ ᠳᠠᠯᠳᠠ ᠬᠡᠮ ᠢ ᠴᠡᠭᠴᠡᠯᠡᠨ ᠵᠠᠰᠠᠬᠤ᠂ ᠬᠥᠮᠥᠵᠢᠭᠦᠯᠦᠨ ᠪᠣᠯᠪᠠᠰᠤᠷᠠᠭᠤᠯᠬᠤ ᠵᠡᠷᠭᠡ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠠᠮᠤᠷ ᠲᠦᠪᠰᠢᠨ ᠤ ᠤᠬᠠᠭᠤᠯᠭ᠎ᠠ ᠶᠢ ᠠᠵᠤ ᠠᠬᠤᠶᠢᠯᠠᠯ᠂ | ᠭᠠᠴᠠᠭ᠎ᠠ᠂ ᠨᠡᠶᠢᠭᠡᠮ ᠲᠣᠭᠤᠷᠢᠭ᠂ ᠰᠤᠷᠭᠠᠭᠤᠯᠢ᠂ ᠭᠡᠷ ᠪᠦᠯᠢ ᠳᠤ ᠣᠷᠣᠭᠤᠯᠬᠤ ᠶᠢ ᠬᠠᠮᠲᠤᠪᠠᠷ ᠠᠬᠢᠭᠤᠯᠵᠤ᠂ | ᠣᠯᠠᠨ ᠨᠡᠶᠢᠲᠡ ᠶᠢᠨ ᠠᠮᠤᠷ ᠲᠦᠪᠰᠢᠨ ᠤ ᠦᠵᠡᠯ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠭᠤᠣᠯ ᠰᠡᠳᠦᠪᠲᠦ ᠤᠬᠠᠭᠤᠯᠭ᠎ᠠ ᠶᠢ | ᠯᠠᠪᠳᠠᠭᠤᠨ ᠪᠠᠲᠤᠲᠠᠢ ᠥᠷᠨᠢᠭᠦᠯᠵᠦ᠂ ᠲᠤᠰᠬᠠᠢ ᠵᠦᠢᠯ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ 2023 | ᠣᠨ ᠤ ᠠᠵᠢᠯᠯᠠᠭ᠎ᠠ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ᠂ ᠰᠡᠷᠡᠮᠵᠢᠯᠡᠭᠦᠯᠬᠦ ᠬᠥᠮᠦᠵᠢᠯ ᠵᠡᠷᠭᠡ | ᠰᠢᠷᠢᠰ ᠠᠵᠢᠯᠯᠠᠭ᠎ᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠲᠠᠰᠤᠷᠠᠯᠲᠠ ᠦᠭᠡᠢ ᠴᠢᠩᠭᠠᠳᠬᠠᠨ᠂ ᠡᠯ᠎ᠡ ᠵᠦᠢᠯ ᠤᠨ | ᠠᠵᠢᠯ ᠢ ᠪᠥᠬᠦ ᠬᠦᠴᠦᠨ ᠢᠶᠠᠷ ᠢᠶᠠᠨ ᠨᠠᠷᠢᠨ ᠪᠣᠳᠠᠲᠠᠢ ᠠᠳᠬᠤᠵᠤ᠂ ᠠᠶᠤᠯᠭᠦᠢ ᠦᠢᠯᠡᠳᠪᠦᠷᠢᠯᠡᠯ ᠢ | ᠪᠠᠶᠢᠩᠭᠤᠵᠢᠭᠤᠯᠬᠤ᠂ ᠰᠢᠰᠲ᠋ᠧᠮᠵᠢᠭᠦᠯᠦᠨ ᠵᠠᠰᠠᠬᠤ ᠶᠢ ᠪᠦᠲᠦᠮᠵᠢᠲᠡᠶ ᠲᠦᠯᠬᠢᠨ ᠠᠬᠢᠭᠤᠯᠵᠤ᠂ ᠪᠥᠬᠦ ᠬᠤᠰᠢᠭᠤᠨ ᠤ | ᠠᠶᠤᠯᠭᠦᠢ ᠦᠢᠯᠡᠳᠪᠦᠷᠢᠯᠡᠯ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ | |