ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/6/28
      ᠬᠤᠰᠢᠭᠤᠨ ᠤ ᠨᠠᠮ ᠤᠨ ᠬᠤᠷᠢᠶᠠᠨ ᠤ ᠰᠤᠳᠤᠯᠤᠯᠲᠠ ᠪᠠᠷ ᠳᠡᠮᠵᠢᠨ᠂ ᠳᠣᠣᠷᠠᠬᠢ 8 ᠳᠡᠪᠰᠢᠭᠦᠯᠬᠦ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠪᠠᠷ ᠲᠣᠭᠲᠠᠪᠠ᠄      ᠨᠢᠭᠡ᠂ ᠢᠯᠡ ᠨᠡᠶᠢᠲᠡᠯᠡᠬᠦ ᠨᠡᠷᠡᠰ      ᠸᠠᠩ ᠸᠧᠢ᠂ ᠡᠷᠡᠭᠲᠡᠢ᠂ ᠬᠢᠲᠠᠳ ᠦᠨᠳᠦᠰᠦᠲᠡᠨ᠂ 1986 ᠣᠨ ᠤ 12 ᠰᠠᠷ᠎ᠠ ᠳᠤ ᠲᠦᠷᠦᠪᠡ᠃ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠡᠵᠡᠨ᠎ᠡ ᠬᠤᠰᠢᠭᠤᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ ᠶᠢᠨ ᠲᠤᠰᠢᠶᠠᠯ ᠲᠠᠢ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠣᠶ᠃      ᠵᠣᠣ ᠬᠤᠩ ᠶᠤᠸᠠᠨ᠂ ᠡᠷᠡᠭᠲᠡᠢ᠂ ᠬᠢᠲᠠᠳ ᠦᠨᠳᠦᠰᠦᠲᠡᠨ᠂ 1991 ᠣᠨ ᠤ 2 ᠰᠠᠷ᠎ᠠ ᠳᠤ ᠲᠦᠷᠦᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠲᠠᠷᠢᠶᠠᠯᠠᠩ ᠤᠨ ᠤᠬᠠᠭᠠᠨ ᠤ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠡᠵᠡᠨ᠎ᠡ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠢᠭᠡᠳᠦᠭᠡᠷ ᠳᠡᠰ ᠤᠨ ᠭᠡᠰᠢᠭᠦᠴᠢ ᠶᠢᠨ ᠲᠤᠰᠢᠶᠠᠯ ᠲᠠᠢ᠂ ᠰᠤᠮᠤ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠲᠤᠰᠢᠶᠠᠯ ᠳᠤ ᠲᠣᠮᠢᠯᠠᠬᠤ ᠪᠠᠷ ᠪᠣᠶ᠃      ᠯᠢ ᠶᠤᠸᠠᠨ᠂ ᠡᠷᠡᠭᠲᠡᠢ᠂ ᠬᠢᠲᠠᠳ ᠦᠨᠳᠦᠰᠦᠲᠡᠨ᠂ 1995 ᠣᠨ ᠤ 1 ᠰᠠᠷ᠎ᠠ ᠳᠤ ᠲᠦᠷᠦᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠵᠢᠩᠬᠢᠨᠢ ᠠᠩᠭᠢ ᠠᠴᠠ ᠲᠡᠭᠦᠰᠦᠭᠰᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠡᠵᠡᠨ᠎ᠡ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠳᠥᠷᠪᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠲᠤᠰᠢᠶᠠᠯ ᠳᠤ ᠲᠣᠮᠢᠯᠠᠬᠤ ᠪᠠᠷ ᠪᠣᠶ᠃      ᠯᠢ ᠨᠠ᠂ ᠡᠮᠡᠭᠲᠡᠢ᠂ ᠬᠢᠲᠠᠳ ᠦᠨᠳᠦᠰᠦᠲᠡᠨ᠂ 1990 ᠣᠨ ᠤ 11 ᠰᠠᠷ᠎ᠠ ᠳᠤ ᠲᠦᠷᠦᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠡᠵᠡᠨ᠎ᠡ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠥᠷᠪᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠲᠤᠰᠢᠶᠠᠯ ᠳᠤ ᠲᠣᠮᠢᠯᠠᠬᠤ ᠪᠠᠷ ᠪᠣᠶ᠃      ᠬᠤ᠋ ᠸᠧᠨ ᠬᠤᠸ᠂ ᠡᠷᠡᠭᠲᠡᠢ᠂ ᠬᠢᠲᠠᠳ ᠦᠨᠳᠦᠰᠦᠲᠡᠨ᠂ 1994 ᠣᠨ ᠤ 4 ᠰᠠᠷ᠎ᠠ ᠳᠤ ᠲᠥᠷᠦᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠬᠠᠤᠯᠢ ᠶᠢᠨ ᠤᠬᠠᠭᠠᠨ ᠤ ᠵᠢᠩᠬᠢᠨᠢ ᠠᠩᠭᠢ ᠠᠴᠠ ᠲᠡᠭᠦᠰᠦᠭᠰᠡᠨ᠂ ᠣᠲᠣ ᠡᠵᠡᠨ᠎ᠡ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠨᠢᠭᠡᠳᠦᠭᠡᠷ ᠳᠡᠰ ᠤᠨ ᠭᠡᠰᠢᠭᠦᠴᠢ ᠶᠢᠨ ᠲᠤᠰᠢᠶᠠᠯ ᠲᠠᠢ᠂ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃      ᠲᠢᠶᠠᠨ ᠳ᠋ᠧ ᠷᠦᠩ᠂ ᠡᠷᠡᠭᠲᠡᠢ᠂ ᠬᠢᠲᠠᠳ ᠦᠨᠳᠦᠰᠦᠲᠡᠨ᠂ 1980 ᠣᠨ ᠤ 12 ᠰᠠᠷ᠎ᠠ ᠳᠤ ᠲᠦᠷᠦᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠡᠵᠡᠨ᠎ᠡ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠢᠨ ᠲᠤᠰᠢᠶᠠᠯ ᠲᠠᠢ᠂ ᠬᠤᠰᠢᠭᠤᠨ ᠤ ᠬᠠᠷᠢᠶᠠᠲᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠣᠶ᠃      ᠡᠩᠬᠡᠨᠡᠰᠤᠨ᠂ ᠡᠷᠡᠭᠲᠡᠢ᠂ ᠮᠣᠩᠭᠤᠯ ᠦᠨᠳᠦᠰᠦᠲᠡᠨ᠂ 1977 ᠣᠨ ᠤ 12 ᠰᠠᠷ᠎ᠠ ᠳᠤ ᠲᠦᠷᠦᠪᠡ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠡᠵᠡᠨ᠎ᠡ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠣᠯᠣᠨ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠢᠨ ᠲᠤᠰᠢᠶᠠᠯ ᠲᠠᠢ᠂ ᠬᠤᠰᠢᠭᠤᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠤᠢ᠃      ᠸᠠᠩ ᠰᠢᠶᠦᠶᠢᠩ ᠲᠤᠤ᠂ ᠡᠷᠡᠭᠲᠡᠢ᠂ ᠮᠣᠩᠭᠤᠯ ᠦᠨᠳᠦᠰᠦᠲᠡᠨ᠂ 1986 ᠣᠨ ᠤ 12 ᠰᠠᠷ᠎ᠠ ᠳᠤ ᠲᠦᠷᠦᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠡᠵᠡᠨ᠎ᠡ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠢᠨ ᠲᠤᠰᠢᠶᠠᠯ ᠲᠠᠢ᠂ ᠬᠤᠰᠢᠭᠤᠨ ᠤ ᠬᠠᠷᠢᠶᠠᠲᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠣᠶ᠃      ᠬᠤᠶᠠᠷ᠂ ᠢᠯᠡ ᠨᠡᠶᠢᠲᠡᠯᠡᠬᠦ ᠴᠠᠭ      ᠵᠠᠷᠯᠠᠨ ᠨᠡᠶᠢᠲᠡᠯᠡᠬᠦ ᠴᠠᠭ ᠨᠢ 5 ᠠᠵᠢᠯᠯᠠᠬᠤ ᠡᠳᠦᠷ ︵2023 ᠣᠨ ᠤ 6 ᠰᠠᠷ᠎ᠠ ᠶᠢᠨ 29᠎ ᠤ ᠡᠳᠦᠷ ᠠᠴᠠ 2023 ᠣᠨ ᠤ 7 ᠰᠠᠷ᠎ᠠ ᠶᠢᠨ 5᠎ ᠤ ᠡᠳᠦᠷ ᠪᠣᠯᠲᠠᠯ᠎ᠠ︶ ᠪᠣᠯᠣᠨ᠎ᠠ᠃      ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ       ᠪᠠᠶᠢᠭᠤᠯᠭ᠎ᠠ ᠨᠢᠭᠡᠴᠡ ᠪᠣᠯᠣᠨ ᠬᠤᠪᠢ ᠬᠥᠮᠥᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤ ᠣᠬᠤᠷ ᠴᠢᠮᠡᠭᠡ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠃ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠨ᠎ᠠ᠃      ᠵᠠᠷᠯᠠᠨ ᠨᠡᠶᠢᠲᠡᠯᠡᠬᠦ ᠶᠢ ᠭᠥᠯᠢᠶᠡᠨ ᠠᠪᠴᠤ ᠰᠢᠢᠳᠪᠦᠷᠢᠯᠡᠬᠦ ᠠᠯᠪᠠᠨ ᠭᠡᠷ ᠢ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷᠴᠤᠳ ᠲᠤ ᠬᠢᠨᠠᠯᠲᠠ ᠲᠠᠯᠪᠢᠬᠤ ᠲᠠᠰᠤᠭ ︵ᠨᠠᠮ ᠵᠠᠰᠠᠭ ᠤᠨ ᠲᠣᠮᠣ ᠠᠰᠠᠷ ᠤᠨ 410 ᠲᠠᠰᠤᠭ︶᠎ ᠲᠤ ᠲᠣᠬᠢᠷᠠᠭᠤᠯᠪᠠ᠃      ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 ︱ 12᠄ 00᠂ ᠦᠳᠡ ᠶᠢᠨ ᠬᠤᠶᠢᠨᠠᠬᠢ 15᠄ 00 ︱ 18᠄ 00᠃      ᠬᠦᠯᠢᠶᠡᠨ ᠠᠪᠬᠤ ᠤᠲᠠᠰᠤ᠄ 12380 ︱ 4      ᠣᠬᠤᠷ ᠮᠡᠳᠡᠭᠡ ᠶᠢ ᠭᠥᠯᠢᠶᠡᠨ ᠠᠪᠴᠤ ᠰᠢᠢᠳᠪᠦᠷᠢᠯᠡᠬᠦ ᠲᠠᠪᠴᠠᠩ᠄ 15374832380      ᠣᠨᠴᠠᠭᠠᠶᠢᠯᠠᠨ ᠵᠠᠷᠯᠠᠪᠠ                ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠨ᠎ᠡ ᠬᠤᠰᠢᠭᠤᠨ ᠤ                ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ                 2023 ᠣᠨ ᠤ 6 ᠰᠠᠷ᠎ᠠ ᠶᠢᠨ 28 ᠡᠳᠦᠷ 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号