ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠨᠡᠮᠡᠬᠦ ᠪᠠ ᠬᠤᠪᠢᠷᠠᠭᠤᠯᠬᠤ ᠲᠤᠬᠠᠢ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/6/30
ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠠᠯᠪᠠᠨ ᠭᠡᠷ᠂ ᠬᠤᠰᠢᠭᠤᠨ ᠤ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠠᠯᠠᠱᠠ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠢᠯᠭᠠᠷᠠᠭᠤᠯᠤᠨ ᠨᠤᠲᠠᠯᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠠᠯᠠᠱᠠ ᠲᠠᠷᠬᠠᠭᠠᠭᠰᠠᠨ ﹇2021﹈ 53 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ︽ᠡᠵᠡᠨ᠎ᠡ ᠬᠤᠰᠢᠭᠤᠨ ᠤ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠨᠠᠷᠢᠨ         ᠲᠠᠩᠰᠠ︾᠎ ᠶᠢ 2021 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠰᠠᠨ ᠤ ᠬᠠᠮᠲᠤ ᠳᠠᠷᠤᠮᠠᠯᠯᠠᠨ ᠲᠠᠷᠬᠠᠭᠠᠵᠤ ᠨᠡᠶᠢᠲᠡᠯᠡᠪᠡ᠃ ︽ᠡᠵᠡᠨ᠎ᠡ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾᠎ ᠢ ᠦᠨᠳᠦᠰᠦᠯᠡᠨ᠂ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢ 3 ᠨᠡᠮᠡᠵᠦ᠂ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢ 1       ᠬᠤᠪᠢᠷᠠᠭᠤᠯᠵᠤ᠂ ᠬᠠᠤᠯᠢ ᠶᠣᠰᠣᠭᠠᠷ ᠨᠠᠶᠢᠳᠠᠯᠭ᠎ᠠ ᠬᠦᠯᠢᠶᠡᠵᠦ ᠬᠠᠤᠯᠢ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ ᠶᠢ 1 ᠪᠠᠶᠢᠭᠤᠯᠤᠨ᠎ᠠ᠂ ᠡᠳᠦᠭᠡ ᠨᠠᠷᠢᠨ ᠲᠠᠩᠰᠠ ᠶᠢ ᠪᠢᠴᠢᠭ ᠮᠠᠲ᠋ᠧᠷᠢᠶᠠᠯ ᠤᠨ ᠳᠠᠭᠠᠤ ᠨᠡᠶᠢᠲᠡᠯᠡᠶ᠎ᠡ᠃      ᠳᠠᠭᠠᠯᠳᠤᠭᠤᠯᠤᠯ᠄       ᠡᠵᠡᠨ᠎ᠡ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠨᠠᠷᠢᠨ ᠬᠠᠭᠤᠳᠠᠰᠤ ᠶᠢ ᠨᠡᠮᠡᠭᠰᠡᠨ ᠪᠠ ᠬᠤᠪᠢᠷᠠᠭᠤᠯᠤᠭᠰᠠᠨ ᠨᠠᠷᠢᠨ ᠳᠠᠩᠰᠠ                                   2023 ᠣᠨ ᠤ 6 ᠰᠠᠷ᠎ᠠ ᠶᠢᠨ 15᠎ ᠤ ᠡᠳᠦᠷ          ᠡᠵᠡᠨ᠎ᠡ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ           ᠭᠤᠣᠯ ᠴᠣᠭᠴᠠ ᠶᠢ ᠨᠡᠮᠡᠭᠰᠡᠨ ᠪᠠ ᠬᠤᠪᠢᠷᠠᠭᠤᠯᠤᠭᠰᠠᠨ ᠨᠠᠷᠢᠨ ᠲᠠᠩᠰᠠ      ᠨᠢᠭᠡ᠂  ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠦᠨᠳᠦᠰᠦᠯᠡᠨ ᠨᠡᠮᠡᠬᠦ ᠴᠢᠬᠤᠯᠠᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠵᠠᠰᠠᠭ ᠵᠠᠬᠢᠷᠭᠠᠨ ᠤ ᠪᠠᠶᠢᠭᠤᠯᠭ᠎ᠠ      ᠡᠵᠡᠨ᠎ᠡ ᠬᠤᠰᠢᠭᠤᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠣᠪᠴᠢᠶ᠎ᠠ᠂ ᠡᠵᠡᠨ᠎ᠡ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢ ᠶᠢᠨ ᠵᠥᠪᠯᠡᠯ ᠤᠨ ᠠᠯᠪᠠᠨ ᠭᠡᠷ᠂ ᠡᠵᠡᠨ᠎ᠡ ᠬᠤᠰᠢᠭᠤᠨ ᠤ ᠲᠠᠩᠰᠠ ᠡᠪᠬᠡᠮᠡᠯ ᠤᠨ ᠲᠣᠪᠴᠢᠶ᠎ᠠ      ᠬᠤᠶᠠᠷ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠦᠨᠳᠦᠰᠦᠯᠡᠨ ᠬᠤᠪᠢᠷᠠᠭᠤᠯᠬᠤ ᠴᠢᠬᠤᠯᠠᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠵᠠᠰᠠᠭ ᠵᠠᠬᠢᠷᠭᠠᠨ ᠤ ᠪᠠᠶᠢᠭᠤᠯᠭ᠎ᠠ      ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠨ᠎ᠡ ᠬᠤᠰᠢᠭᠤᠨ ᠤ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠢ ᠡᠵᠡᠨ᠎ᠡ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠳᠡᠩᠰᠡᠯᠡᠨ ᠬᠠᠮᠢᠶᠠᠷᠬᠤ ᠲᠣᠪᠴᠢᠶ᠎ᠠ ᠪᠣᠯᠭᠠᠨ ᠬᠤᠪᠢᠷᠠᠭᠤᠯᠪᠠ      ᠭᠤᠷᠪᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠠᠶᠢᠳᠠᠯᠭ᠎ᠠ ᠪᠠᠷ᠂ ᠬᠠᠤᠯᠢ ᠴᠠᠭᠠᠵᠠ᠂ ᠬᠠᠤᠯᠢ       ᠲᠣᠭᠲᠠᠭᠠᠯ᠂ ᠳᠦᠷᠢᠮ ᠲᠣᠭᠲᠠᠭᠠᠯ ᠢ ᠦᠨᠳᠦᠰᠦᠯᠡᠨ ᠬᠤᠪᠢᠷᠠᠭᠤᠯᠬᠤ ᠴᠢᠬᠤᠯᠠ ᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠪᠠᠶᠢᠭᠤᠯᠤᠮᠵᠢ      ᠡᠵᠡᠨ᠎ᠡ ᠬᠤᠰᠢᠭᠤᠨ ᠤ ᠳᠠᠩᠰᠠ ᠡᠪᠬᠡᠮᠡᠯ ᠤᠨ ᠲᠡᠦᠬᠡ ᠣᠶᠢᠯᠠᠯᠭ᠎ᠠ ᠶᠢᠨ ᠣᠷᠳᠣᠨ 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号