ᠡᠯ᠎ᠡ ᠰᠤᠮᠤ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠬᠤᠰᠢᠭᠤᠨ ᠤ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠳᠤ᠄ | ︽ᠡᠵᠡᠨ᠎ᠡ ᠬᠤᠰᠢᠭᠤᠨ ᠤ ᠠᠳᠠᠯ ᠠᠬᠤᠶ ᠶᠢᠨ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠬᠤ | ᠠᠵᠢᠯ ᠤᠨ ᠬᠡᠷᠡᠭᠵᠢᠭᠦᠯᠬᠦ ᠲᠥᠰᠦᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 3 | ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠪᠠᠲᠤᠯᠠᠭᠠᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | ᠳᠠᠭᠠᠯᠳᠤᠭᠤᠯᠤᠯ᠄ ᠡᠵᠡᠨ᠎ᠡ ᠬᠤᠰᠢᠭᠤᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ | ᠰᠠᠶᠢᠵᠢᠷᠠᠭᠤᠯᠬᠤ ᠬᠡᠷᠡᠭᠵᠢᠭᠦᠯᠬᠦ ᠲᠥᠰᠦᠯ | | 2023 ᠣᠨ ᠤ 7 ᠰᠠᠷ᠎ᠠ ᠶᠢᠨ 18 ᠤ ᠡᠳᠦᠷ | | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾᠂ ︽ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠵᠡᠷᠭᠡ 10 ᠰᠠᠯᠠᠭ᠎ᠠ ᠮᠥᠴᠢᠷ | ᠬᠠᠮᠲᠤᠷᠠᠨ ᠣᠷᠣᠨ ᠰᠠᠭᠤᠴᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢ ᠴᠢᠩᠭᠠᠳᠬᠠᠬᠤ ᠪᠠ ᠰᠠᠶᠢᠵᠢᠷᠠᠭᠤᠯᠬᠤ | ᠲᠤᠬᠠᠶ ᠰᠠᠨᠠᠯ︾᠂ ︽2022 ᠣᠨ ᠤ ᠪᠥᠬᠦ ᠠᠶᠢᠮᠠᠭ ᠤᠨ ᠠᠳᠠᠯ ᠠᠬᠤᠶ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ | ᠲᠤᠰᠬᠠᠶ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠠᠯᠠᠱᠠ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠵᠠᠬᠢᠳᠠᠯ ﹇2020﹈ 279 ᠳ᠋ᠦ᠋ᠭᠡᠷ ᠲᠣᠭᠠᠲᠤ︶ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ | ᠬᠠᠮᠢᠶᠠᠷᠤᠯᠲᠠ ᠶᠢ ᠵᠢᠷᠤᠮᠵᠢᠭᠤᠯᠤᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ | ᠠᠳᠠᠯ ᠠᠬᠤᠶ ᠶᠢᠨ ᠦᠢᠯᠡᠴᠢᠯᠡᠭᠡᠨ ᠤ ᠬᠢᠷᠢ ᠲᠦᠪᠰᠢᠨ ᠪᠠ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠬᠦ ᠶᠢᠨ ᠲᠥᠯᠥᠭᠡ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ | ᠳᠤᠮᠳᠠᠬᠢ ᠭᠤᠤᠯᠳᠠᠯᠭ᠎ᠠ ᠲᠠᠢ ᠪᠠ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠠᠨ ᠤ ᠬᠤᠰᠢᠭᠤᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠡᠶ᠎ᠡ ᠵᠣᠬᠢᠴᠠᠯ ᠲᠠᠢ | ᠨᠡᠶᠢᠭᠡᠮ ᠢ ᠪᠠᠶᠢᠭᠤᠯᠬᠤ ᠦᠨᠳᠦᠷᠴᠡ ᠠᠴᠠ ᠠᠷᠠᠳ ᠣᠯᠠᠨ ᠤ ᠲᠠᠰᠤᠷᠠᠯᠲᠠ ᠥᠬᠡᠶ ᠨᠡᠮᠡᠭᠳᠡᠵᠦ ᠪᠠᠶᠢᠭ᠎ᠠ ᠰᠠᠶᠢᠨ | ᠰᠠᠶᠢᠬᠠᠨ ᠣᠷᠣᠨ ᠰᠠᠭᠤᠴᠠ ᠶᠢᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠠᠵᠢᠯᠯᠠᠭᠠᠨ ᠢ ᠵᠠᠬ᠎ᠠ | ᠳᠡᠯᠭᠡᠭᠦᠷᠴᠢᠯᠡᠬᠦ᠂ ᠦᠶ᠋ᠯᠡᠴᠢᠯᠡᠭᠡ ᠶᠢ ᠶᠠᠰᠤ ᠴᠢᠨᠠᠷᠵᠢᠭᠤᠯᠬᠤ ᠱᠠᠭᠠᠷᠳᠠᠯᠭ᠎ᠠ ᠶᠣᠰᠣᠭᠠᠷ᠂ ᠣᠷᠴᠢᠨ ᠲᠣᠭᠤᠷᠢᠨ ᠢ | ᠰᠠᠶᠢᠵᠢᠷᠠᠭᠤᠯᠬᠤ᠂ ᠴᠢᠨᠠᠷ ᠰᠠᠶᠢᠲᠠᠶ ᠨᠡᠶᠢᠭᠡᠮ ᠲᠣᠭᠤᠷᠢᠭ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠮᠠᠨ ᠤ | ᠬᠤᠰᠢᠭᠤᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠣᠭᠲᠠᠴᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ | ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠤᠨ᠎ᠠ᠃ | ᠬᠤᠶᠠᠷ᠂ ᠠᠵᠢᠯ ᠤᠨ ᠬᠠᠷᠠᠯᠲᠠ | ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠠᠳᠠᠯ | ᠠᠬᠤᠶ ᠶᠢᠨ ᠬᠠᠮᠢᠶᠠᠷᠤᠯᠲᠠ ᠶᠢᠨ ᠡᠯ᠎ᠡ ᠲᠠᠯ᠎ᠠ ᠶᠢᠨ ᠬᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠴᠢᠩᠭᠠᠷᠠᠭᠤᠯᠤᠨ᠂ ᠣᠷᠣᠨ ᠰᠠᠭᠤᠴᠠ ᠶᠢᠨ ᠵᠢᠵᠢᠭ ᠲᠣᠭᠤᠷᠢᠭ ᠢ ᠵᠢᠷᠤᠮᠵᠢᠭᠤᠯᠬᠤ᠂ ᠤᠷᠲᠤ ᠬᠤᠭᠤᠴᠠᠭ᠎ᠠ | ᠪᠦᠲᠦᠮᠵᠢᠲᠡᠶ ᠪᠠᠶᠢᠯᠭᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠬᠠᠮᠢᠶᠠᠷᠤᠯᠲᠠ ᠨᠢ ᠲᠣᠭᠲᠠᠭᠤᠨ᠂ | ᠣᠷᠴᠢᠨ ᠲᠣᠭᠤᠷᠢᠨ ᠨᠢ ᠭᠤᠶᠣ ᠰᠠᠶᠢᠬᠠᠨ᠂ ᠠᠮᠤᠷ ᠲᠦᠪᠰᠢᠨ ᠨᠢ ᠰᠠᠶᠢᠨ᠂ ᠠᠮᠢᠳᠤᠷᠠᠯ ᠨᠢ ᠳᠥᠭᠦᠮ᠂ | ᠪᠣᠯᠪᠠᠰᠤᠨ ᠡᠶ᠎ᠡ ᠨᠠᠶᠢᠷᠠᠮᠳᠠᠭᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠴᠢᠷᠮᠠᠶᠢᠨ ᠪᠤᠶ ᠪᠣᠯᠭᠠᠨ᠎ᠠ᠃ ᠬᠠᠷᠢᠶ᠎ᠠ | ᠭᠠᠵᠠᠷ ᠤᠨ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠵᠤ᠂ ᠥᠮᠴᠢᠲᠡᠨ ᠤ ᠶᠡᠭᠡ ᠬᠤᠷᠠᠯ ᠪᠠ ᠥᠮᠴᠢᠲᠡᠨ ᠤ | ᠵᠥᠪᠯᠡᠯ ᠡᠭᠦᠷᠭᠡ ᠬᠠᠷᠢᠭᠤᠴᠠᠯᠭ᠎ᠠ ᠪᠠᠨ ᠵᠥᠪ ᠢᠶᠠᠷ ᠭᠦᠢᠴᠡᠳᠭᠡᠵᠦ᠂ ᠭᠤᠤᠯ ᠴᠣᠭᠴᠠ ᠶᠢᠨ ᠤᠬᠠᠮᠰᠠᠷ᠂ | ᠥᠪᠡᠷ ᠢ ᠪᠠᠨ ᠬᠠᠮᠢᠶᠠᠷᠬᠤ ᠤᠬᠠᠮᠰᠠᠷ᠂ ᠠᠳᠠᠯ ᠠᠬᠤᠶ ᠶᠢᠨ ᠦᠢᠯᠡᠴᠢᠯᠡᠭᠡᠨ ᠤ ᠬᠡᠷᠡᠭᠯᠡᠭᠡᠨ ᠤ ᠤᠬᠠᠮᠰᠠᠷ ᠪᠠ ᠠᠳᠠᠯ | ᠠᠬᠤᠶ ᠶᠢᠨ ᠬᠠᠮᠢᠶᠠᠷᠤᠯᠲᠠ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ | ᠠᠳᠠᠯ ᠠᠬᠤᠶ ᠶᠢᠨ ᠦᠢᠯᠡᠴᠢᠯᠡᠭᠡ ᠨᠢ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ | ᠵᠢᠮ᠎ᠡ ᠶᠣᠰᠣ ᠶᠢ ᠬᠠᠩᠭᠠᠵᠤ᠂ ᠠᠳᠠᠯ ᠠᠬᠤᠶ ᠶᠢᠨ ᠠᠵᠤ ᠠᠬᠤᠶᠢᠯᠠᠯ ᠤᠨ ᠭᠡᠷ᠎ᠡ ᠪᠠᠨ ᠭᠦᠢᠴᠡᠳᠭᠡᠬᠦ | ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ | ᠲᠦᠷᠭᠡᠨ ᠠᠬᠢᠭᠤᠯᠤᠨ᠎ᠠ᠃ | ︵ᠨᠢᠭᠡ︶ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠵᠠᠰᠠᠬᠤ ᠠᠳᠠᠯ ᠠᠬᠤᠶ ᠶᠢ ᠪᠠᠷᠢᠮᠲᠠᠯᠠᠵᠤ᠂ | ᠥᠮᠴᠢᠲᠡᠨ ᠤ ᠵᠥᠪᠯᠡᠯ ᠤᠨ ᠵᠣᠬᠢᠶᠠᠨ ᠪᠠᠶᠢᠭᠤᠯᠬᠤ ᠨᠣᠷᠮ᠎ᠠ ᠶᠢ 70% ᠠᠴᠠ ᠳᠡᠭᠡᠭᠰᠢ ᠳᠤ ᠬᠦᠷᠦᠭᠦᠯᠦᠨ᠎ᠡ︔ | ︵ᠬᠤᠶᠠᠷ︶ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠬᠠᠤᠯᠢ | ᠬᠡᠷᠡᠭᠵᠢᠭᠦᠯᠦᠯᠲᠡ ᠶᠢ ᠵᠢᠵᠢᠭ ᠲᠣᠭᠤᠷᠢᠭ ᠲᠤ ᠣᠷᠣᠭᠤᠯᠬᠤ ᠶᠢ ᠳᠥᠯᠭᠢᠨ ᠠᠬᠢᠭᠤᠯᠵᠤ᠂ ᠣᠷᠣᠨ ᠰᠠᠭᠤᠴᠠ ᠶᠢᠨ | ᠵᠢᠵᠢᠭ ᠲᠣᠭᠤᠷᠢᠭ ᠤᠨ ᠳᠣᠲᠣᠷᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠰᠠᠨ᠎ᠠ︔ | ︵ᠭᠤᠷᠪᠠ︶ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ | ᠪᠦᠷᠬᠦᠴᠡ ᠶᠢᠨ ᠨᠣᠷᠮ᠎ᠠ ᠶᠢ ᠵᠢᠵᠢᠭ ᠲᠣᠭᠤᠷᠢᠭ ᠤᠨ ᠲᠣᠭᠠᠨ ᠤ ᠡᠵᠡᠯᠡᠬᠦ ᠬᠠᠷᠢᠴᠠᠯ ᠢ 98% ᠳᠤ ᠬᠦᠷᠦᠭᠦᠯᠦᠨ᠎ᠡ︔ | | ︵ᠲᠦᠷᠪᠡ︶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠲᠣᠬᠢᠷᠠᠭᠤᠯᠤᠭᠰᠠᠨ ᠵᠢᠵᠢᠭ | ᠲᠣᠭᠤᠷᠢᠭ ᠤᠨ ᠬᠠᠷᠢᠴᠠᠯ ᠢ 70% ᠠᠴᠠ ᠳᠡᠭᠡᠭᠰᠢ ᠳᠤ ᠬᠦᠷᠭᠡᠨ᠎ᠡ︔ | ︵ᠲᠠᠪᠤ︶ ᠠᠳᠠᠯ ᠠᠬᠤᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ | ᠦᠨᠡᠨᠴᠢ ᠢᠲᠡᠭᠡᠮᠵᠢ ᠶᠢᠨ ᠨᠢᠭᠡ ᠴᠣᠭᠴᠠᠵᠢᠭᠰᠠᠨ ᠲᠠᠪᠴᠠᠩ ᠢ ᠪᠠᠶᠢᠭᠤᠯᠵᠤ᠂ ᠤᠯᠠᠭᠠᠨ ᠬᠠᠷ᠎ᠠ ᠳᠠᠩᠰᠠ ᠶᠢ ᠢᠯᠡ | ᠨᠡᠶᠢᠲᠡᠯᠡᠬᠦ ᠪᠠ ᠡᠴᠦᠰ ᠤᠨ ᠪᠠᠶᠢᠷᠢ ᠶᠢ ᠰᠢᠭᠰᠢᠬᠦ ᠳᠦᠷᠢᠮ ᠢ ᠬᠡᠷᠡᠭᠵᠢᠭᠦᠯᠦᠨ᠎ᠡ︔ | ︵ᠵᠢᠷᠭᠤᠭ᠎ᠠ︶ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠦᠩᠭᠦ ᠶᠢᠨ ᠬᠢᠨᠠᠯᠲᠠ | ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ | ᠦᠷᠢᠳᠦᠭᠰᠡᠨ ᠰᠦᠢᠳᠭᠡᠯ ᠢ ᠢᠯᠭᠠᠷᠠᠭᠤᠯᠤᠨ ᠲᠤᠰᠢᠶᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ | ᠭᠤᠷᠪᠠ᠂ ᠭᠤᠣᠯ ᠠᠵᠢᠯ ᠵᠢᠴᠢ ᠬᠠᠷᠢᠭᠤᠴᠠᠯᠭ᠎ᠠ ᠶᠢᠨ ᠬᠤᠪᠢᠶᠠᠷᠢᠯᠠᠯ | ︵ᠨᠢᠭᠡ︶ ᠨᠠᠮ ᠤᠨ ᠪᠠᠶᠢᠭᠤᠯᠤᠯᠲᠠ ᠪᠠᠷ ᠠᠳᠠᠯ ᠠᠬᠤᠢ ᠶᠢᠨ ᠵᠠᠰᠠᠯᠲᠠ ᠶᠢ ᠬᠥᠲᠥᠯᠥᠨ ᠳᠠᠭᠠᠭᠤᠯᠬᠤ ᠶᠢ | ᠪᠠᠷᠢᠮᠲᠠᠯᠠᠨ᠎ᠠ᠃ | 1. ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠶᠢᠭᠤᠯᠤᠨ | ᠴᠢᠩᠭᠠᠳᠬᠠᠬᠤ ᠬᠡᠷᠡᠭᠲᠡᠶ᠃ ᠨᠠᠮ ᠤᠨ ᠪᠠᠶᠢᠭᠤᠯᠤᠯᠲᠠ ᠶᠢᠨ ᠳᠠᠭᠠᠭᠤᠯᠭ᠎ᠠ ᠳᠣᠣᠷᠠᠬᠢ ᠨᠡᠶᠢᠭᠡᠮ ᠲᠣᠭᠤᠷᠢᠭ᠂ | ᠰᠠᠭᠤᠭᠠᠯᠢ ᠠᠷᠠᠳ ᠤᠨ ᠵᠥᠪᠯᠡᠯ᠂ ᠥᠮᠴᠢᠲᠡᠨ ᠤ ᠵᠥᠪᠯᠡᠯ᠂ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠵᠣᠬᠢᠴᠠᠭᠤᠯᠤᠨ ᠠᠵᠢᠯᠯᠠᠬᠤ ᠲᠣᠭᠲᠠᠴᠠ ᠶᠢ ᠪᠠᠶᠢᠭᠤᠯᠵᠤ᠂ ᠰᠠᠭᠤᠭᠠᠯᠢ ᠠᠷᠠᠳ ᠤᠨ ᠣᠷᠣᠯᠴᠠᠬᠤ | ᠢᠳᠡᠪᠬᠢᠵᠢᠯ ᠢ ᠭᠦᠢᠴᠡᠳ ᠳᠠᠶᠢᠴᠢᠯᠠᠨ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ ᠠᠵᠤ ᠦᠢᠯᠡᠰ ᠤᠨ ᠵᠥᠪᠯᠡᠯ ᠪᠠᠶᠢᠭᠤᠯᠬᠤ᠂ ᠠᠵᠢᠯ ᠦᠢᠯᠡᠰ ᠤᠨ ᠵᠥᠪᠯᠡᠯ ᠤᠨ ᠠᠵᠢᠯᠯᠠᠭᠠᠨ ᠤ | ᠶᠠᠰᠤ ᠴᠢᠨᠠᠷ ᠢ ᠳᠡᠭᠡᠭᠰᠢᠯᠡᠭᠦᠯᠬᠦ ᠶᠢ ᠥᠮᠴᠢᠲᠡᠨ ᠤ ᠥᠪᠡᠷᠲᠡᠭᠡᠨ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ | ᠰᠢᠪᠲᠤᠯᠤᠯᠲᠠ ᠶᠢᠨ ᠴᠡᠭ ᠪᠣᠯᠭᠠᠵᠤ᠂ ᠥᠮᠴᠢᠲᠡᠨ ᠤ ᠶᠡᠭᠡ ᠬᠤᠷᠠᠯ ᠤᠨ ᠪᠡᠯᠡᠳᠬᠡᠯ ᠠᠵᠢᠯ᠂ ᠠᠵᠢᠯ | ᠬᠤᠷᠠᠯᠳᠤᠭᠤᠯᠬᠤ ᠶᠢ ᠪᠥᠬᠦ ᠶᠠᠪᠤᠴᠠ ᠳᠤ ᠵᠢᠯᠣᠭᠤᠳᠴᠤ᠂ ᠠᠵᠢᠯ ᠲᠥᠷᠥᠯ ᠤᠨ ᠵᠥᠪᠯᠡᠯ ᠤᠨ ᠵᠣᠬᠢᠶᠠᠨ | ᠪᠠᠶᠢᠭᠤᠯᠤᠯᠲᠠ ᠪᠠ ᠪᠦᠷᠢᠯᠳᠦᠬᠦᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠳᠤ ᠬᠢᠨᠠᠯᠲᠠ ᠲᠠᠯᠪᠢᠨ᠎ᠠ᠃ | ᠠᠵᠢᠯ ᠤᠨ ᠵᠦᠪᠯᠡᠯ ᠬᠡᠰᠢᠭᠦᠨ ᠢ ᠰᠤᠩᠭᠤᠨ ᠲᠠᠨᠢᠯᠴᠠᠭᠤᠯᠬᠤ ᠪᠠ ᠬᠠᠷᠢᠭᠤᠴᠠᠬᠤ ᠶᠢ ᠭᠤᠤᠯᠳᠠᠯᠭ᠎ᠠ ᠲᠠᠢ ᠰᠠᠶᠢᠳᠤᠷ | ᠬᠢᠵᠦ᠂ ᠦᠮᠴᠢᠲᠡᠨ ᠤ ᠵᠦᠪᠯᠡᠯ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠨᠠᠮ ᠤᠨ ᠵᠤᠬᠢᠶᠠᠨ | ᠪᠠᠶᠢᠭᠤᠯᠤᠯᠲᠠ ᠪᠠᠶᠢᠭᠤᠯᠬᠤ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ᠂ ᠦᠮᠴᠢᠲᠡᠨ ᠤ | ᠵᠦᠪᠯᠡᠯ ᠤᠨ ᠨᠠᠮ ᠤᠨ ᠭᠡᠰᠢᠭᠦᠨ ᠲᠤᠰᠢᠶᠠᠯ ᠬᠠᠪᠰᠤᠷᠭᠠᠬᠤ ᠶᠢ ᠠᠬᠢᠭᠤᠯᠤᠨ᠂ ᠨᠦᠬᠦᠴᠡᠯ ᠳᠤ ᠨᠡᠶᠢᠴᠡᠬᠦ ᠨᠡᠶᠢᠭᠡᠮ | ᠲᠤᠭᠤᠷᠢᠭ ᠤᠨ ︽ᠬᠤᠶᠠᠷ ᠵᠦᠪᠯᠡᠯ︾ ᠤᠨ ᠪᠦᠷᠢᠯᠳᠦᠬᠦᠨ ᠢ ᠬᠠᠤᠯᠢ ᠪᠠᠷ ᠳᠤᠭᠳᠠᠭᠠᠬᠤ ᠶᠢ ᠪᠠᠳᠤᠯᠠᠨ᠎ᠠ | 2. ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠬᠡᠷᠡᠭᠲᠡᠶ᠃ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠨᠡᠶᠢᠭᠡᠮ ᠲᠣᠭᠤᠷᠢᠭ ᠨᠢ ᠰᠠᠭᠤᠭᠠᠯᠢ ᠠᠷᠠᠳ ᠤᠨ ᠭᠤᠤᠯ | ᠴᠣᠭᠴᠠ ᠶᠢᠨ ᠦᠶ᠋ᠯᠡᠳᠦᠯ ᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ | ᠨᠡᠶᠢᠭᠡᠮ ᠤᠨ ᠠᠵᠢᠯ ᠤᠨ ᠦᠶ᠋ᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠰᠠᠶᠢᠨ ᠳᠤᠷᠠᠴᠤᠳ᠂ | ᠵᠡᠭᠡᠯᠢ ᠶᠢᠨ ᠳᠠᠷᠤᠭ᠎ᠠ ᠶᠢᠨ ᠲᠦᠷᠢᠮ ᠤᠨ ᠨᠢᠭᠡᠴᠡ ᠶᠢᠨ ᠢᠳᠡᠪᠬᠢᠵᠢᠯ ᠢ ᠳᠠᠶᠢᠴᠢᠯᠠᠵᠤ᠂ ᠣᠷᠣᠰᠢᠨ ᠰᠠᠭᠤᠬᠤ ᠨᠡᠶᠢᠭᠡᠮ | ᠲᠣᠭᠤᠷᠢᠭ ᠤᠨ ᠵᠠᠰᠠᠯᠲᠠ ᠳᠤ ᠬᠠᠮᠲᠤ ᠪᠠᠷ ᠣᠷᠣᠯᠴᠠᠵᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ | ᠬᠠᠮᠲᠤ ᠪᠠᠷ ᠡᠳ᠋ᠯᠡᠬᠦ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ | ᠰᠢᠶ᠋ᠳᠪᠦᠷᠢᠲᠦ ᠪᠣᠳᠣᠯᠭ᠎ᠠ ᠲᠣᠭᠲᠠᠭᠠᠵᠤ ᠬᠠᠮᠲᠤ ᠪᠠᠷ ᠰᠦᠪᠡᠭᠴᠢᠯᠡᠬᠦ᠂ ᠬᠥᠭᠵᠢᠯᠲᠡ ᠶᠢ ᠬᠠᠮᠲᠤ ᠪᠠᠷ ᠪᠠᠶᠢᠭᠤᠯᠬᠤ᠂ | ᠪᠥᠲᠥᠭᠡᠨ ᠪᠠᠶᠢᠭᠤᠯᠤᠯᠲᠠ ᠶᠢ ᠬᠠᠮᠲᠤ ᠪᠠᠷ ᠬᠠᠮᠢᠶᠠᠷᠬᠤ᠂ ᠦᠷ᠎ᠡ ᠪᠦᠲᠦᠮᠵᠢ ᠶᠢ ᠬᠠᠮᠲᠤ ᠪᠠᠷ ᠦᠨᠡᠯᠡᠬᠦ᠂ ᠦᠷ᠎ᠡ | ᠪᠦᠲᠦᠭᠡᠯ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠶ᠃ ᠠᠳᠠᠯ ᠠᠬᠤᠢ ᠶᠢᠨ ᠬᠠᠮᠢᠶᠠᠷᠤᠯᠲᠠ ᠶᠢᠨ ᠡᠶᠡᠳᠡᠭᠦᠯᠬᠦ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ | ᠵᠠᠰᠠᠬᠤ ᠲᠥᠪ ᠪᠠ ᠰᠦᠯᠵᠢᠶᠡᠴᠢᠨ ᠤ ᠦᠢᠯᠡᠳᠦᠯ ᠢ ᠪᠠᠳᠠᠷᠠᠭᠤᠯᠤᠨ᠂ ᠠᠳᠠᠯ ᠠᠬᠤᠢ ᠶᠢᠨ ᠬᠠᠮᠢᠶᠠᠷᠤᠯᠲᠠ ᠶᠢᠨ | ᠵᠥᠷᠢᠴᠡᠯ ᠵᠢᠭᠤᠷᠠᠯᠳᠤᠭᠠᠨ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠶᠢ ᠢᠳᠡᠪᠬᠢᠲᠡᠢ ᠠᠬᠢᠭᠤᠯᠤᠨ᠎ᠠ᠃ | ᠥᠮᠴᠢᠲᠡᠨ ᠤ ᠵᠥᠪᠯᠡᠯ ᠳᠤ ᠵᠢᠯ ᠪᠦᠷᠢ ᠥᠮᠴᠢᠲᠡᠨ ᠤ ᠬᠠᠮᠲᠤ ᠶᠢᠨ ᠥᠮᠴᠢᠯᠡᠯ ᠤᠨ ᠬᠡᠰᠡᠭ ᠡᠵᠡᠩᠨᠡᠯᠲᠡ ᠪᠠ ᠠᠰᠢᠭ | ᠣᠯᠵᠠᠪᠤᠷᠢ᠂ ᠰᠡᠯᠪᠢᠨ ᠵᠠᠰᠠᠬᠤ ᠪᠡᠯᠡ ᠮᠥᠩᠭᠦ ᠶᠢᠨ ᠬᠡᠷᠡᠭᠯᠡᠯᠲᠡ᠂ ᠵᠠᠷᠤᠳᠠᠯ ᠤᠨ ᠵᠠᠷᠤᠯᠭ᠎ᠠ ᠵᠡᠷᠭᠡ ᠮᠡᠳᠡᠭᠡ ᠵᠠᠩᠭᠢ ᠶᠢ | ᠨᠡᠶᠢᠲᠡᠯᠡᠬᠦ ᠶᠢ ᠴᠢᠩᠭᠠᠳᠬᠠᠵᠤ᠂ ᠥᠮᠴᠢᠲᠡᠨ ᠤ ᠪᠠᠶᠢᠳᠠᠯ ᠢ ᠮᠡᠳᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ | ᠪᠠᠲᠤᠯᠠᠨ᠎ᠠ᠃ ᠥᠮᠴᠢᠲᠡᠨ ᠤ ᠵᠥᠪᠯᠡᠯ ᠬᠠᠤᠯᠢ ᠴᠠᠭᠠᠵᠠ ᠬᠠᠤᠯᠢ ᠲᠣᠭᠲᠠᠭᠠᠯ ᠪᠠ ᠬᠡᠷᠡᠭ ᠵᠥᠪᠯᠡᠬᠦ ᠲᠦᠷᠢᠮ᠂ | ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠶᠢ ᠵᠥᠷᠢᠴᠡᠭᠰᠡᠨ ᠲᠣᠭᠲᠠᠭᠠᠯ ᠭᠠᠷᠭᠠᠨ᠎ᠠ᠂ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ᠂ ᠨᠡᠶᠢᠭᠡᠮ ᠲᠣᠭᠤᠷᠢᠭ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ | ᠵᠠᠷᠯᠢᠭᠳᠠᠵᠤ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠣᠯ ᠬᠠᠤᠯᠢ ᠲᠣᠭᠲᠠᠭᠠᠯ ᠶᠣᠰᠣᠭᠠᠷ ᠲᠡᠭᠦᠨ ᠤ | ᠲᠣᠭᠲᠠᠭᠠᠯ ᠢ ᠬᠦᠴᠦᠨ ᠦᠭᠡᠢ ᠪᠣᠯᠭᠠᠬᠤ ᠶᠢᠨ ᠬᠠᠮᠲᠤ ᠠᠯᠪᠠᠨ ᠵᠠᠷ ᠨᠡᠶᠢᠲᠡᠯᠡᠵᠦ ᠥᠮᠴᠢᠲᠡᠨ ᠳᠤ ᠮᠡᠳᠡᠭᠳᠡᠨ᠎ᠡ᠃ | ᠥᠮᠴᠢᠲᠡᠨ ᠤ ᠵᠥᠪᠯᠡᠯ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ᠂ ᠥᠮᠴᠢᠲᠡᠨ ᠤ | ᠡᠷᠬᠡ ᠠᠰᠢᠭ ᠢ ᠬᠦᠨᠳᠦ ᠨᠣᠴᠢᠲᠠᠶ ᠬᠤᠬᠢᠷᠠᠭᠤᠯᠤᠭᠰᠠᠨ ᠪᠠᠶᠢᠪᠠᠯ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ | ᠨᠡᠶᠢᠭᠡᠮ ᠲᠣᠭᠤᠷᠢᠭ ᠥᠮᠴᠢᠲᠡᠨ ᠤ ᠶᠡᠭᠡ ᠬᠤᠷᠠᠯ ᠢ ᠵᠢᠯᠣᠭᠤᠳᠴᠤ ᠲᠦᠷ ᠴᠠᠭ ᠤᠨ ᠬᠤᠷᠠᠯ ᠬᠤᠷᠠᠯᠳᠤᠭᠤᠯᠵᠤ᠂ | ᠥᠮᠴᠢᠲᠡᠨ ᠤ ᠵᠥᠪᠯᠡᠯ ᠢ ᠳᠠᠬᠢᠨ ᠰᠣᠩᠭᠤᠨ᠎ᠠ᠃ ︵ᠬᠠᠷᠢᠭᠤᠴᠠᠯᠭᠠᠲᠤ ᠨᠢᠭᠡᠴᠡ᠄ ᠳᠠᠯᠠᠶᠢᠬᠦ᠋ᠪ ᠪᠠᠯᠭᠠᠰᠤ᠂ | ᠬᠠᠮᠵᠢᠯᠴᠠᠬᠤ ᠨᠢᠭᠡᠴᠡ᠄ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ︶ | ︵ᠬᠤᠶᠠᠷ︶ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ | 3. ᠠᠳᠠᠯ ᠠᠬᠤᠶ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠨᠠᠶᠢᠳᠠᠪᠤᠷᠢᠵᠢᠭᠤᠯᠤᠨ᠎ᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾᠂ ︽ᠠᠯᠠᠱᠠ | ᠠᠶᠢᠮᠠᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠦᠷᠢᠮ︾ ᠵᠡᠷᠭᠡ | ᠲᠣᠭᠲᠠᠭᠠᠯ ᠢ ᠦᠨᠳᠦᠰᠦᠯᠡᠨ᠂ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠤᠨ ᠲᠥᠷᠥ ᠶᠢᠨ ᠪᠣᠳᠣᠯᠭ᠎ᠠ᠂ | ᠠᠷᠭ᠎ᠠ ᠬᠡᠮᠵᠢᠶ᠎ᠡ᠂ ᠲᠥᠰᠦᠯ ᠢ ᠰᠤᠳᠤᠯᠤᠨ ᠲᠣᠭᠲᠠᠭᠠᠵᠤ᠂ ᠬᠠᠮᠲᠤ ᠪᠠᠷ ᠵᠥᠪᠳᠡᠯᠴᠡᠵᠦ ᠬᠠᠮᠲᠤ ᠪᠠᠷ ᠵᠠᠰᠠᠵᠤ᠂ | ᠬᠠᠤᠯᠢ ᠬᠡᠷᠡᠭᠵᠢᠭᠦᠯᠦᠯᠲᠡ ᠶᠢ ᠵᠢᠵᠢᠭ ᠲᠣᠭᠤᠷᠢᠭ ᠲᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠣᠷᠳᠣ | ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠪᠠᠶᠢᠭᠤᠯᠤᠯ᠂ ᠲᠣᠭᠲᠠᠴᠠ ᠶᠢ ᠪᠠᠶᠢᠭᠤᠯᠤᠨ᠂ ᠡᠵᠡᠨ᠎ᠡ | ᠬᠤᠰᠢᠭᠤᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠦᠷᠢᠮ ︵ | ᠳᠣᠷᠣᠭᠰᠢ ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ︶ ᠢ ᠲᠡᠭᠦᠯᠳᠡᠷᠵᠢᠭᠦᠯᠪᠡ᠃ ᠬᠠᠮᠲᠤᠷᠠᠭᠰᠠᠨ ᠬᠤᠷᠠᠯ ᠤᠨ | ᠤᠳᠤᠷᠢᠳᠬᠤ ᠳᠤᠭᠤᠶᠢᠯᠠᠩ ᠨᠢ ᠳᠠᠯᠠᠶᠢᠬᠦ᠋ᠪ ᠪᠠᠯᠭᠠᠰᠤ᠂ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠰᠢᠭᠦᠬᠦ ᠬᠤᠷᠢᠶ᠎ᠠ᠂ | ᠬᠠᠤᠯᠢ ᠴᠠᠭᠠᠵᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ | ᠠᠯᠠᠱᠠ ᠠᠶᠢᠮᠠᠭ ᠤᠨ ᠴᠠᠬᠢᠯᠭᠠᠨ ᠤ ᠲᠣᠪᠴᠢᠶ᠎ᠠ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠲᠣᠪᠴᠢᠶ᠎ᠠ᠂ | ᠰᠢᠯᠵᠢᠮᠡᠯ ᠬᠤᠯᠪᠣᠭᠠᠨ ᠤ ᠺᠣᠮᠫᠠᠨᠢ᠂ ᠨᠢᠭᠡᠳᠦᠮᠡᠯ ᠬᠤᠯᠪᠣᠭ᠎ᠠ ᠶᠢᠨ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ | ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ᠂ ᠤᠰᠤ ᠬᠠᠩᠭᠠᠬᠤ ᠺᠣᠮᠫᠠᠨᠢ᠂ ᠢᠯᠴᠢ ᠶᠢᠨ ᠬᠦᠴᠦᠨ ᠤ ᠺᠣᠮᠫᠠᠨᠢ᠂ | ᠺᠦᠨᠯᠦ᠋ᠨ ᠰᠢᠲᠠᠮᠠᠬᠠᠶ ᠬᠡᠶ ᠶᠢᠨ ᠺᠣᠮᠫᠠᠨᠢ ᠵᠡᠷᠭᠡ ᠨᠢᠭᠡᠴᠡ ᠪᠠ ᠰᠠᠯᠠᠭ᠎ᠠ ᠮᠥᠴᠢᠷ ᠢᠶᠠᠷ ᠪᠦᠷᠢᠯᠳᠦᠵᠦ᠂ ᠬᠤᠰᠢᠭᠤᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠭᠰᠡᠨ | ᠨᠢᠭᠡᠴᠡ ᠪᠣᠯᠤᠨ᠎ᠠ᠃ ᠬᠠᠮᠲᠤᠷᠠᠭᠰᠠᠨ ᠬᠤᠷᠠᠯ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠪᠦᠷᠢᠯᠳᠦᠬᠦᠨ | ᠨᠢᠭᠡᠴᠢ ᠶᠢ ᠨᠡᠮᠡᠵᠦ ᠨᠥᠬᠦᠪᠥᠷᠢᠯᠡᠵᠦ ᠪᠣᠯᠤᠨ᠎ᠠ᠃ ︵ᠲᠦᠷᠦᠭᠦᠯᠡᠬᠦ ᠨᠢᠭᠡᠴᠡ᠄ ᠬᠤᠰᠢᠭᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠬᠠᠮᠲᠤᠷᠠᠭᠰᠠᠨ | ᠬᠤᠷᠠᠯ ᠤᠨ ᠡᠯ᠎ᠡ ᠪᠦᠷᠢᠯᠳᠦᠬᠦᠨ ᠨᠢᠭᠡᠴᠡ︶ | 4. ᠰᠢᠨ᠎ᠡ ᠪᠠᠷ ᠨᠡᠭᠡᠭᠡᠨ ᠬᠥᠭᠵᠢᠭᠦᠯᠬᠦ ᠣᠷᠣᠨ ᠰᠠᠭᠤᠴᠠ ᠶᠢᠨ ᠲᠥᠷᠥᠯ ᠵᠦᠢᠯ ᠤᠨ ᠪᠠᠷᠢᠮᠵᠢᠶᠠᠵᠢᠭᠤᠯᠬᠤ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠯᠪᠣᠭᠠᠯᠠᠨ ᠰᠢᠯᠭᠠᠨ ᠠᠪᠬᠤ ᠳᠦᠷᠢᠮ ᠢ ᠴᠢᠩᠭᠠᠳᠬᠠᠬᠤ | ᠬᠡᠷᠡᠭᠲᠡᠶ᠃ ᠵᠠᠰᠠᠭ ᠤᠨ ᠣᠷᠳᠣᠨ ᠠᠴᠠ ᠨᠢᠭᠡᠳᠦᠯᠲᠡᠶ ᠪᠠᠶᠢᠷᠢᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ | ᠲᠣᠳᠣᠷᠬᠠᠶᠢᠯᠠᠨ᠂ ᠣᠯᠠᠨ ᠰᠠᠯᠠᠭ᠎ᠠ ᠮᠥᠴᠢᠷ ᠤᠳ ᠦᠷᠭᠦᠯᠵᠢᠯᠡᠬᠦ ᠬᠥᠭᠵᠢᠯᠲᠡ ᠶᠢᠨ ᠵᠢᠵᠢᠭ ᠲᠣᠭᠤᠷᠢᠭ ᠤᠨ | ᠶᠡᠷᠦᠩᠬᠡᠶᠢᠯᠡᠨ ᠵᠠᠰᠠᠬᠤ ᠰᠢᠰᠲ᠋ᠧᠮ ᠪᠠ ᠤᠶᠤᠨᠴᠢᠯᠠᠭᠰᠠᠨ ᠦᠢᠯᠡᠴᠢᠯᠡᠭᠡᠨ ᠤ ᠵᠠᠭᠪᠤᠷ ᠢ ᠬᠠᠮᠲᠤᠪᠠᠷ ᠰᠤᠳᠤᠯᠤᠨ | ᠪᠠᠶᠢᠭᠤᠯᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠂ ︽ᠤᠶᠤᠨᠲᠤ ᠵᠢᠵᠢᠭ | ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠬᠡᠷᠡᠭᠵᠢᠭᠦᠯᠵᠦ᠂ ᠰᠢᠨ᠎ᠡ ᠪᠠᠷ ᠨᠡᠭᠡᠭᠡᠨ ᠬᠥᠭᠵᠢᠭᠦᠯᠬᠦ | ᠣᠷᠣᠨ ᠰᠠᠭᠤᠴᠠ ᠶᠢᠨ ᠲᠥᠷᠥᠯ ᠵᠦᠢᠯ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠪᠠᠷ | ᠪᠠᠶᠢᠭᠤᠯᠤᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ | ᠴᠢᠩᠭ᠎ᠠ ᠬᠢᠨᠠᠨ ᠵᠥᠪᠰᠢᠶᠡᠷᠡᠵᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ᠂ ᠬᠥᠮᠦᠨ ᠢᠶᠠᠷ | ᠰᠡᠷᠭᠡᠶᠢᠯᠡᠬᠦ ᠪᠡᠯᠡᠳᠬᠡᠮᠵᠢ ᠲᠥᠬᠦᠭᠡᠷᠦᠮᠵᠢ ᠶᠢ ᠨᠥᠬᠦᠴᠡᠯ ᠤᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃ ᠵᠢᠯ ᠪᠦᠷᠢ | 1 - 2 ᠵᠢᠵᠢᠭ ᠲᠣᠭᠤᠷᠢᠭ ᠢ ᠰᠣᠩᠭᠤᠵᠤ ᠠᠳᠠᠯ ᠠᠬᠤᠢ ᠶᠢᠨ ᠬᠠᠮᠢᠶᠠᠷᠤᠯᠲᠠ ᠶᠢᠨ ᠵᠢᠱᠢᠶᠡᠴᠢ ᠵᠢᠵᠢᠭ ᠲᠣᠭᠤᠷᠢᠭ᠂ | ᠣᠶᠤᠨᠴᠢ ᠵᠢᠵᠢᠭ ᠲᠣᠭᠤᠷᠢᠭ ᠢ ᠡᠭᠦᠳᠦᠨ ᠪᠠᠶᠢᠭᠤᠯᠵᠤ᠂ ᠨᠢᠭᠡ ᠪᠦᠯᠦᠭ ᠶᠠᠰᠤ ᠴᠢᠨᠠᠷ ᠢᠶᠠᠷ ᠥᠨᠳᠥᠷ᠂ | ᠦᠢᠯᠡᠴᠢᠯᠡᠭᠡ ᠪᠠᠷ ᠰᠢᠯᠢᠳᠡᠭ ᠠᠳᠠᠯ ᠠᠬᠤᠢ ᠶᠢᠨ ᠬᠠᠮᠢᠶᠠᠷᠤᠯᠲᠠ ᠶᠢᠨ ᠲᠥᠷᠥᠯ ᠵᠦᠢᠯ ᠢ ᠡᠭᠦᠳᠦᠨ ᠪᠠᠶᠢᠭᠤᠯᠤᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ | ᠰᠠᠭᠤᠴᠠ ᠶᠢᠨ ᠵᠢᠵᠢᠭ ᠲᠣᠭᠤᠷᠢᠭ ᠢ ᠲᠤᠰᠢᠶᠠᠨ ᠬᠡᠷᠡᠭᠯᠡᠭᠦᠯᠬᠦ ᠪᠠᠷᠢᠮᠵᠢᠶ᠎ᠠ︾ ᠶᠢᠨ ᠱᠠᠭᠠᠷᠳᠠᠯᠭ᠎ᠠ ᠶᠢ ᠦᠨᠳᠦᠰᠦᠯᠡᠨ᠂ | ︽ᠠᠯᠠᠱᠠ ᠠᠶᠢᠮᠠᠭ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠤᠯᠪᠣᠭᠠᠯᠠᠨ ᠬᠢᠨᠠᠨ | ᠵᠥᠪᠰᠢᠶᠡᠷᠡᠬᠦ ᠰᠢᠰᠲ᠋ᠧᠮ︾ ᠳᠤ ᠲᠦᠰᠢᠭᠯᠡᠨ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠴᠤ | ᠰᠢᠯᠭᠠᠨ ᠠᠪᠬᠤ ᠶᠢ ᠣᠯᠠᠨ ᠰᠠᠯᠠᠭ᠎ᠠ ᠮᠥᠴᠢᠷ ᠠᠴᠠ ᠲᠣᠰ ᠲᠣᠰ ᠤᠨ ᠪᠡᠶ᠎ᠡ ᠪᠠᠨ ᠳᠠᠭᠠᠭᠠᠨ ᠬᠡᠷᠡᠭᠵᠢᠭᠦᠯᠦᠭᠰᠡᠨ | ᠲᠤᠰᠬᠠᠶ ᠰᠢᠯᠭᠠᠨ ᠠᠪᠬᠤ ᠵᠠᠭᠪᠤᠷ ᠢ ᠰᠢᠯᠢᠳᠡᠭᠵᠢᠭᠦᠯᠵᠦ᠂ ᠣᠯᠠᠨ ᠰᠠᠯᠠᠭ᠎ᠠ ᠮᠥᠴᠢᠷ ᠤᠨ ᠬᠠᠮᠲᠤᠷᠠᠨ ᠰᠢᠯᠭᠠᠨ | ᠠᠪᠬᠤ ᠲᠦᠷᠢᠮ ᠢ ᠰᠢᠯᠢᠳᠡᠭᠵᠢᠭᠦᠯᠦᠨ᠂ ᠪᠠᠷᠢᠯᠭ᠎ᠠ ᠶᠢᠨ ᠶᠠᠰᠤ ᠴᠢᠨᠠᠷ᠂ ᠲᠥᠯᠥᠪᠵᠢᠭᠦᠯᠭᠡ ᠶᠢᠨ ᠰᠠᠯᠠᠭ᠎ᠠ ᠮᠥᠴᠢᠷ | ᠵᠢᠴᠢ ᠤᠰᠤ ᠬᠠᠩᠭᠠᠬᠤ᠂ ᠴᠠᠬᠢᠯᠭᠠᠨ ᠬᠠᠩᠭᠠᠬᠤ᠂ ᠰᠢᠲᠠᠮᠠᠬᠠᠶ ᠬᠡᠶ ᠬᠠᠩᠭᠠᠬᠤ᠂ ᠢᠯᠴᠢ ᠬᠠᠩᠭᠠᠬᠤ᠂ ᠤᠲᠠᠰᠤᠲᠤ | ᠲᠧᠯᠸᠢᠰ᠂ ᠴᠢᠮᠡᠭᠡ ᠬᠤᠯᠪᠣᠭ᠎ᠠ᠂ ᠰᠢᠦᠳᠠᠨ ᠵᠡᠷᠭᠡ ᠢᠵᠢ ᠪᠥᠷᠢᠳᠦᠭᠦᠯᠬᠦ ᠪᠡᠯᠡᠳᠬᠡᠮᠵᠢ ᠶᠢ ᠲᠤᠰᠬᠠᠶ ᠡᠵᠡᠩᠨᠡᠯᠲᠡ ᠶᠢᠨ | ᠦᠢᠯᠡᠴᠢᠯᠡᠭᠡᠨ ᠤ ᠨᠢᠭᠡᠴᠡ ᠶᠢᠨ ᠪᠠᠶᠢᠭ᠎ᠠ ᠠᠵᠢᠯ ᠲᠥᠷᠥᠯ ᠤᠨ ᠬᠠᠮᠢᠶᠠᠷᠤᠯᠲᠠ ᠶᠢᠨ ᠮᠡᠷᠭᠡᠵᠢᠯ ᠤᠨ ᠲᠣᠭᠲᠠᠭᠠᠯ | ᠶᠣᠰᠣᠭᠠᠷ ᠶᠡᠷᠦᠩᠬᠡᠶᠢᠯᠡᠨ ᠰᠢᠯᠭᠠᠨ ᠠᠪᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠬᠤᠰᠢᠭᠤᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ | ᠠᠪᠤᠷᠠᠨ ᠲᠤᠰᠠᠯᠠᠬᠤ ᠶᠡᠭᠡ ᠠᠩᠭᠢ᠂ ᠳᠠᠯᠠᠶᠢᠬᠦ᠋ᠪ ᠪᠠᠯᠭᠠᠰᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠡᠵᠡᠨ ᠬᠤᠷᠤᠭ᠎ᠠ ᠬᠤᠰᠢᠭᠤᠨ ᠤ | ᠬᠤᠪᠢᠶᠠᠷᠢ ᠲᠣᠪᠴᠢᠶ᠎ᠠ︶᠃ | 5. ᠬᠠᠤᠯᠢ ᠬᠡᠷᠡᠭᠵᠢᠭᠦᠯᠦᠯᠲᠡ ᠶᠢ ᠵᠢᠵᠢᠭ ᠲᠣᠭᠤᠷᠢᠭ ᠲᠤ ᠣᠷᠣᠭᠤᠯᠬᠤ ᠶᠢ ᠪᠠᠶᠢᠩᠭᠤᠵᠢᠭᠤᠯᠬᠤ ᠲᠦᠷᠢᠮ | ᠲᠣᠭᠲᠠᠴᠠ ᠶᠢ ᠥᠷᠨᠢᠭᠦᠯᠦᠨ᠎ᠡ᠃ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠠᠭ ᠲᠤᠬᠠᠶ ᠳᠤᠨᠢ ᠥᠷᠨᠢᠭᠦᠯᠵᠦ᠂ ᠣᠷᠣᠨ | ᠰᠠᠭᠤᠴᠠ ᠶᠢᠨ ᠵᠢᠵᠢᠭ ᠲᠣᠭᠤᠷᠢᠭ ᠲᠤ ᠭᠠᠯ ᠤᠨᠲᠠᠷᠠᠭᠠᠬᠤ ᠨᠡᠪᠲᠡᠷᠡᠬᠦ ᠵᠠᠮ ᠵᠢᠴᠢ ᠤᠲᠠᠰᠤ ᠪᠠᠷ ᠴᠠᠬᠢᠯᠭᠠᠨ | ᠴᠡᠨᠡᠭᠯᠡᠬᠦ᠂ ᠴᠠᠬᠢᠯᠭᠠᠨ ᠱᠠᠲᠤ᠂ ᠬᠤᠶᠠᠳᠠᠬᠢ ᠤᠳᠠᠭ᠎ᠠ ᠤᠰᠤ ᠬᠠᠩᠭᠠᠬᠤ ᠵᠡᠷᠭᠡ ᠣᠯᠠᠨ ᠨᠡᠶᠢᠲᠡ ᠶᠢᠨ | ᠲᠥᠬᠦᠭᠡᠷᠦᠮᠵᠢ ᠶᠢᠨ ᠰᠢᠰᠲ᠋ᠧᠮ ᠤᠨ ᠠᠮᠤᠷ ᠲᠦᠪᠰᠢᠨ ᠤ ᠪᠠᠶᠢᠴᠠᠭᠠᠯᠲᠠ ᠶᠢ ᠴᠠᠭ ᠲᠤᠬᠠᠶ ᠳᠤᠨᠢ ᠪᠠᠶᠢᠴᠠᠭᠠᠨ | ᠰᠢᠶ᠋ᠳᠪᠦᠷᠢᠯᠡᠵᠦ᠂ ᠦᠬᠦᠰᠢᠷᠡᠮᠡᠯ ᠲᠡᠷᠭᠡ ᠵᠣᠭᠰᠣᠭᠠᠬᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ | ᠪᠦᠰᠡ ᠳᠤ ᠲᠦᠷᠢᠮ ᠲᠣᠭᠲᠠᠭᠠᠯ ᠠᠴᠠ ᠵᠥᠷᠢᠴᠡᠨ ᠪᠠᠶᠢᠭᠤᠯᠬᠤ᠂ ᠪᠠᠷᠢᠯᠭ᠎ᠠ ᠶᠢᠨ ᠪᠦᠲᠦᠴᠡ ᠶᠢᠨ ᠠᠮᠤᠷ | ᠲᠦᠪᠰᠢᠨ ᠢ ᠡᠪᠳᠡᠬᠦ᠂ ᠣᠯᠠᠨ ᠨᠡᠶᠢᠲᠡ ᠶᠢᠨ ᠪᠡᠯᠡᠳᠬᠡᠮᠵᠢ ᠲᠥᠬᠦᠭᠡᠷᠦᠮᠵᠢ ᠶᠢ ᠡᠪᠳᠡᠬᠦ᠂ ᠲᠠᠭᠤ ᠱᠤᠤᠭᠢᠶᠠᠨ ᠤ | ᠪᠣᠬᠢᠷᠲᠤᠯ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠪᠠ ᠬᠤᠳᠠᠯᠳᠤᠭᠠᠨ ᠤ ᠠᠰᠠᠷ ᠤᠨ | ᠠᠷᠤ ᠲᠠᠯ᠎ᠠ ᠳᠤ ᠲᠣᠰᠣ ᠭᠤᠭᠤᠵᠢᠭᠤᠯᠬᠤ᠂ ᠳᠤᠷ᠎ᠠ ᠪᠠᠷ ᠢᠶᠠᠨ ᠶᠠᠭᠤᠮ᠎ᠠ ᠣᠪᠣᠭᠠᠯᠠᠬᠤ᠂ ᠬᠤᠳᠠᠯᠳᠤᠭᠠᠨ ᠤ ᠠᠰᠠᠷ | ᠪᠠ ᠣᠷᠣᠨ ᠰᠠᠭᠤᠴᠠ ᠶᠢᠨ ᠠᠰᠠᠷ ᠲᠤ ᠨᠡᠶᠢᠲᠡ ᠤᠰᠤ ᠣᠷᠣᠭᠤᠯᠬᠤ ᠴᠥᠭᠦᠷᠥᠮ ᠪᠠᠶᠢᠭᠤᠯᠬᠤ᠂ ᠶᠠᠨᠵᠤᠤᠷ | ᠲᠦᠩᠰᠡ ᠲᠣᠬᠢᠷᠠᠭᠤᠯᠬᠤ ᠥᠬᠡᠶ ᠪᠤᠶᠤ ᠨᠢᠭᠡᠨᠲᠡ ᠳᠣᠭᠢᠷᠠᠭᠤᠯᠤᠭᠰᠠᠨ ᠲᠥᠬᠦᠭᠡᠷᠦᠮᠵᠢ ᠶᠢ ᠬᠠᠭᠤᠴᠢᠷᠠᠭᠤᠯᠵᠣ᠂ ᠴᠠᠭ | ᠲᠤᠬᠠᠶ ᠳᠤᠨᠢ ᠰᠡᠯᠪᠢᠨ ᠵᠠᠰᠠᠵᠤ ᠬᠠᠮᠠᠭᠠᠯᠠᠬᠤ ᠥᠬᠡᠶ ᠵᠡᠷᠭᠡ ᠡᠯ᠎ᠡ ᠲᠤᠰᠬᠠᠶ ᠡᠵᠡᠩᠨᠡᠯᠲᠡ ᠶᠢᠨ ᠨᠢᠭᠡᠴᠢ ᠶᠢᠨ | ᠰᠦᠯᠵᠢᠶᠡᠨ ᠤ ᠱᠤᠭᠤᠮ᠂ ᠴᠠᠬᠢᠯᠭᠠᠨ ᠤᠲᠠᠰᠤ ᠶᠢ ᠠᠰᠠᠷ ᠤᠨ ᠭᠠᠳᠠᠨ᠎ᠠ ᠣᠷᠢᠶᠠᠬᠤ᠂ ᠠᠰᠠᠷ ᠤᠨ ᠬᠤᠩᠭᠢᠯ ᠳᠤ ᠵᠠᠮ | ᠱᠤᠭᠤᠮ ᠣᠷᠢᠶᠠᠵᠤ᠂ ᠢᠯᠡ ᠪᠠᠶᠢᠯᠭᠠᠬᠤ ᠵᠡᠷᠭᠡ ᠬᠠᠤᠯᠢ ᠬᠡᠷᠡᠭᠵᠢᠭᠦᠯᠬᠦ ᠡᠷᠬᠡ ᠮᠡᠳᠡᠯ ᠤᠨ ᠬᠡᠪᠴᠢᠶ᠎ᠡ ᠶᠢ ᠲᠣᠳᠣᠷᠬᠠᠶ | ᠥᠬᠡᠶ ᠪᠠᠶᠢᠯᠭᠠᠵᠤ᠂ ᠬᠠᠤᠯᠢ ᠬᠡᠷᠡᠭᠵᠢᠭᠦᠯᠬᠦ ᠶᠢ ᠵᠢᠵᠢᠭ ᠲᠣᠭᠤᠷᠢᠭ ᠲᠤ ᠣᠷᠣᠭᠤᠯᠬᠤ ᠪᠣᠳᠠᠲᠤ ᠦᠷ᠎ᠡ ᠪᠦᠲᠦᠮᠵᠢ | ᠤᠯᠬᠤ ᠶᠢ ᠬᠦᠴᠦᠯᠡᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠬᠠᠮᠢᠶᠠᠷᠤᠯᠲᠠ ᠦᠢᠯᠡᠴᠢᠯᠡᠭᠡ ᠶᠢ ᠣᠷᠣᠨ | ᠰᠠᠭᠤᠴᠠ ᠶᠢᠨ ᠨᠡᠶᠢᠭᠡᠮ ᠲᠣᠭᠤᠷᠢᠭ ᠲᠡᠶᠢᠰᠢ ᠤᠷᠲᠤᠳᠬᠠᠬᠤ ᠶᠢ ᠠᠬᠢᠭᠤᠯᠵᠤ᠂ ᠡᠯ᠎ᠡ ᠲᠥᠷᠥᠯ ᠤᠨ ᠬᠠᠮᠢᠶᠠᠷᠤᠯᠲᠠ | ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠬᠦᠯᠢᠶᠡᠨ ᠠᠪᠴᠤ | ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠠᠳᠠᠯ ᠠᠬᠤᠢ ᠶᠢᠨ ᠦᠢᠯᠡᠴᠢᠯᠡᠭᠡᠨ ᠤ ᠣᠷᠣᠨ ᠪᠦᠰᠡ ᠳᠤ ᠳᠦᠷᠢᠮ | ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠭᠰᠠᠨ᠂ | ᠲᠣᠭᠲᠠᠭᠠᠯ ᠠᠴᠠ ᠵᠥᠷᠢᠴᠡᠨ ᠠᠮᠢᠲᠠᠨ ᠲᠡᠵᠢᠭᠡᠭᠰᠡᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ | ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ᠂ ᠣᠯᠠᠨ ᠨᠡᠶᠢᠲᠡ ᠶᠢᠨ ᠪᠠ ᠭᠠᠯ ᠤᠨᠲᠠᠷᠠᠭᠠᠬᠤ ᠵᠠᠮ ᠢ ᠡᠵᠡᠯᠡᠨ | ᠬᠡᠷᠡᠭᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠪᠠᠶᠢᠴᠠᠭᠠᠨ | ᠰᠢᠢᠳᠪᠦᠷᠢᠯᠡᠨ᠎ᠡ᠃ ︵ᠲᠦᠷᠦᠭᠦᠯᠡᠬᠦ ᠨᠢᠭᠡᠴᠡ᠄ ᠳᠠᠯᠠᠶᠢᠬᠦ᠋ᠪ ᠪᠠᠯᠭᠠᠰᠤ᠂ ᠬᠠᠮᠵᠢᠯᠴᠠᠬᠤ ᠨᠢᠭᠡᠴᠡ᠄ ᠬᠤᠰᠢᠭᠤᠨ ᠤ | ᠠᠷᠠᠳ ᠤᠨ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠶᠢᠮᠠᠭ ᠤᠨ | ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠴᠠᠬᠢᠯᠭᠠᠨ ᠬᠠᠩᠭᠠᠬᠤ ᠺᠣᠮᠫᠠᠨᠢ᠂ ᠢᠯᠴᠢ | ᠬᠠᠩᠭᠠᠬᠤ ᠺᠣᠮᠫᠠᠨᠢ᠂ ᠰᠢᠯᠵᠢᠮᠡᠯ ᠬᠤᠯᠪᠣᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠷᠠᠳᠢᠣ᠋ | ᠲᠧᠯᠸᠢᠰ ᠤᠨ ᠰᠦᠯᠵᠢᠶᠡᠨ ᠤ ᠺᠣᠮᠫᠠᠨᠢ᠂ ᠺᠦᠨᠯᠦ᠋ᠨ ᠰᠢᠲᠠᠮᠠᠬᠠᠶ ᠬᠡᠶ ᠶᠢᠨ ᠺᠣᠮᠫᠠᠨᠢ︶ | 6. ᠠᠳᠠᠯ ᠠᠬᠤᠶ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠩᠭᠤᠵᠢᠭᠤᠯᠪᠠ᠃ ᠬᠠᠮᠳᠣᠷᠬᠠᠰᠠᠨ | ᠬᠤᠷᠡᠯ ᠢ ᠢᠳᠡᠪᠬᠢᠳᠡᠢ ᠪᠠᠷ ᠬᠤᠷᠡᠯᠳᠣᠭᠤᠯᠵᠦ᠂ ᠬᠠᠮᠳᠣᠷᠡᠨ ᠬᠠᠦᠯᠢ ᠭᠡᠷᠡᠭᠵᠢᠬᠦᠯᠬᠦ ᠶᠢᠨ ᠬᠡᠪᠰᠢᠭᠰᠡᠨ ᠠᠵᠢᠯ ᠤᠨ | ᠲᠣᠠᠠᠳᠡᠴᠠ ᠶᠢ ᠪᠦᠷᠢᠯᠳᠦᠬᠦᠯᠥᠨ᠂ ᠣᠷᠣᠨ ᠰᠠᠭᠤᠴᠠ ᠶᠢᠨ ᠵᠢᠵᠢᠭ ᠲᠤᠭᠤᠷᠢᠭ ᠤᠨ ᠬᠠᠦᠯᠢ ᠲᠣᠠᠠᠳᠠᠭᠠᠯ ᠠᠴᠠ | ᠵᠦᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠰᠠᠯᠠᠭ᠎ᠠ ᠮᠦᠴᠢᠷ᠂ ᠡᠬᠦᠷᠭᠡ ᠬᠠᠷᠢᠭᠤᠴᠠᠯᠭ᠎ᠠ ᠪᠠ | ᠬᠠᠦᠯᠢ ᠭᠡᠷᠡᠭᠵᠢᠬᠦᠯᠬᠦ ᠶᠢᠨ ᠵᠠᠭᠠᠭ ᠬᠢᠵᠠᠭᠠᠷ ᠢ ᠲᠣᠳᠣᠷᠬᠠᠶᠢᠯᠠᠵᠦ᠂ ᠡᠯ᠎ᠠ ᠰᠠᠯᠠᠭ᠎ᠠ ᠮᠦᠴᠢᠷ ᠤᠨ ᠡᠬᠦᠷᠭᠡ | ᠴᠢᠳᠡᠪᠦᠷᠢ ᠶᠢᠨ ᠳᠡᠪᠡᠭᠤᠯᠢᠭ ᠪᠠ ᠲᠣᠰᠬᠠᠢ ᠮᠡᠷᠭᠡᠵᠢᠯ ᠤᠨ ᠳᠡᠪᠡᠭᠤᠯᠢᠭ ᠢ ᠪᠠᠳᠡᠷᠡᠭᠤᠯᠥᠨ᠂ ᠣᠰᠥ ᠬᠠᠩᠭᠠᠬᠤ᠂ | ᠣᠰᠣ ᠵᠠᠯᠬᠠᠥ᠂ ᠴᠠᠬᠢᠯᠭᠠᠨ ᠬᠠᠩᠭᠠᠬᠤ᠂ ᠰᠢᠳᠠᠮᠠᠬᠠᠢ ᠬᠡᠢ ᠬᠠᠩᠭᠠᠬᠤ᠂ ᠢᠯᠴᠢ ᠬᠠᠩᠭᠠᠬᠤ᠂ ᠴᠢᠮᠡᠭᠡ ᠬᠤᠯᠪᠤᠭ᠎ᠠ᠂ | ᠤᠲᠠᠰᠤᠲᠤ ᠲᠧᠯᠸᠢᠰ ᠵᠡᠷᠭᠡ ᠲᠣᠰᠬᠠᠢ ᠠᠵᠢᠯ ᠤᠨ ᠡᠵᠡᠩᠨᠡᠯᠳᠡ ᠶᠢᠨ ᠨᠢᠭᠡᠴᠡ ᠶᠢᠨ ᠬᠠᠮᠤᠭ ᠡᠴᠦᠰ ᠤᠨ | ᠭᠡᠷᠡᠭᠯᠡᠭᠴᠢᠳ ᠲᠤ ᠦᠢᠯᠡᠴᠢᠯᠡᠬᠦ ᠶᠢ ᠬᠠᠦᠯᠢ ᠶᠣᠰᠣᠭᠠᠷ ᠲᠣᠳᠣᠷᠬᠠᠶᠢᠯᠠᠵᠦ᠂ ᠠᠵᠢᠯᠯᠠᠨ ᠡᠵᠡᠩᠨᠡᠬᠦ ᠨᠢᠭᠡᠴᠡ ᠶᠢᠨ | ᠠᠳᠠᠯ ᠠᠬᠤᠢ ᠶᠢᠨ ᠦᠢᠯᠡᠴᠢᠯᠡᠭᠡᠨ ᠤ ᠣᠷᠣᠨ ᠪᠦᠰᠡ ᠶᠢᠨ ᠳᠣᠳᠣᠷᠡᠬᠢ ᠬᠠᠮᠢᠶ᠎ᠠ ᠪᠦᠬᠦᠢ ᠪᠡᠯᠡᠳᠭᠡᠮᠵᠢ | ᠳᠦᠬᠦᠭᠡᠷᠦᠮᠵᠢ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ ᠪᠠ ᠰᠢᠨᠡᠳᠭᠡᠬᠦ ᠬᠠᠷᠢᠭᠤᠴᠠᠯᠭ᠎ᠠ ᠶᠢ | ᠨᠡᠶᠢᠳᠡᠪᠦᠷᠢᠵᠢᠭᠤᠯᠥᠨ᠎ᠠ᠃ ︵ᠲᠦᠷᠦᠭᠦᠯᠡᠬᠦ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠳᠠᠯᠠᠶᠢᠬᠦ᠋ᠪ ᠪᠠᠯᠭᠠᠰᠤ᠂ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠡᠵᠡᠨ ᠬᠤᠷᠤᠭ᠎ᠠ ᠬᠤᠰᠢᠭᠤᠨ ᠤ | ᠬᠤᠪᠢᠶᠠᠷᠢ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ | ᠠᠪᠤᠷᠠᠨ ᠲᠤᠰᠠᠯᠠᠬᠤ ᠶᠡᠭᠡ ᠠᠩᠭᠢ︶ | ︵ᠭᠤᠷᠪᠠ︶ ᠥᠮᠴᠢᠲᠡᠨ ᠤ ᠵᠥᠪᠯᠡᠯ ᠪᠠ ᠠᠲᠠᠯ᠎ᠠ ᠠᠬᠤᠢ ᠶᠢᠨ ᠬᠠᠮᠢᠶᠠᠷᠤᠯᠲᠠ ᠶᠢᠨ ᠭᠡᠰᠢᠭᠦᠳ ᠵᠣᠬᠢᠶᠠᠨ | ᠪᠠᠶᠢᠭᠤᠯᠤᠨ ᠠᠵᠢᠯᠯᠠᠭᠤᠯᠵᠤ᠃ | 7. ᠥᠮᠴᠢᠲᠡᠨ ᠤ ᠪᠠᠶᠢᠭᠤᠯᠬᠤ ᠶᠢ ᠠᠬᠢᠭᠤᠯᠬᠤ ᠶᠡᠭᠡ ᠬᠤᠷᠠᠯ᠃ ᠥᠮᠴᠢᠲᠡᠨ ᠤ ᠵᠥᠪᠯᠡᠯ ᠢ ᠰᠣᠩᠭᠤᠨ᠂ | ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠣᠩᠭᠤᠨ ᠤᠷᠢᠵᠤ᠂ ᠲᠤᠰᠬᠠᠶᠢᠵᠢᠭᠰᠠᠨ ᠠᠳᠠᠯ | ᠠᠬᠤᠶ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠥᠮᠴᠢᠲᠡᠨ ᠤ ᠵᠥᠪᠯᠡᠯ ᠨᠢ ᠲᠣᠭᠲᠠᠮᠠᠯ ᠬᠤᠭᠤᠴᠠᠭ᠎ᠠ ᠲᠠᠢ ᠪᠠᠷ | ᠬᠤᠷᠠᠯ ᠬᠢᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠵᠦᠢᠯᠡᠰ ᠢ ᠲᠣᠭᠲᠠᠭᠠᠬᠤ ᠠᠴᠠ | ᠡᠮᠦᠨ᠎ᠡ᠂ ᠥᠮᠴᠢᠲᠡᠨ ᠤ ᠰᠠᠨᠠᠯ ᠢ ᠢᠯᠡ ᠪᠠᠷ ᠬᠤᠷᠢᠶᠠᠬᠤ ᠶᠢᠨ ᠬᠠᠮᠲᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠪᠠ ᠰᠠᠭᠤᠭᠠᠯᠢ ᠠᠷᠠᠳ ᠤᠨ ᠵᠥᠪᠯᠡᠯ ᠳᠤ ᠮᠡᠳᠡᠭᠦᠯᠬᠦ ᠬᠡᠷᠡᠭᠲᠡᠶ᠃ 2023 ᠣᠨ ᠤ ᠵᠢᠯ ᠤᠨ | ᠡᠴᠦᠰ ᠲᠤ ᠠᠵᠢᠯ ᠲᠥᠷᠥᠯ ᠤᠨ ᠵᠥᠪᠯᠡᠯ ᠤᠨ ᠪᠠᠶᠢᠭᠤᠯᠤᠭᠰᠠᠨ ᠨᠣᠷᠮ᠎ᠠ ᠶᠢ 70% ᠠᠴᠠ ᠳᠡᠭᠡᠭᠰᠢ ᠳᠤ | ᠬᠦᠷᠦᠭᠦᠯᠬᠦ ᠶᠢᠨ ᠬᠠᠮᠲᠤ ᠠᠳᠠᠯ ᠠᠬᠤᠶ ᠶᠢᠨ ᠦᠢᠯᠡᠴᠢᠯᠡᠭᠡᠨ ᠤ ᠵᠢᠷᠤᠮᠵᠢᠭᠰᠠᠨ ᠭᠡᠷ᠎ᠡ ᠲᠣᠭᠲᠠᠨ᠎ᠠ᠃ ︵ᠲᠦᠷᠦᠭᠦᠯᠡᠬᠦ | ᠨᠢᠭᠡᠴᠡ᠄ ᠳᠠᠯᠠᠶᠢᠬᠦ᠋ᠪ ᠪᠠᠯᠭᠠᠰᠤ᠂ ᠬᠠᠮᠵᠢᠯᠴᠠᠬᠤ ᠨᠢᠭᠡᠴᠡ᠄ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ | 8. ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠢᠰ ᠢ ᠵᠣᠬᠢᠶᠠᠨ ᠪᠠᠶᠢᠭᠤᠯᠤᠨ᠎ᠠ᠃ ᠦᠮᠴᠢᠲᠡᠳ ᠤᠨ ᠶᠡᠭᠡ | ᠬᠤᠷᠠᠯ ᠪᠠᠢᠭᠤᠯᠬᠤ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠤᠶᠤ ᠦᠮᠴᠢᠲᠡᠳ ᠤᠨ ᠶᠡᠭᠡ ᠬᠤᠷᠠᠯ ᠪᠠᠢᠭᠤᠯᠬᠤ | ᠨᠥᠬᠦᠴᠡᠯ ᠢ ᠪᠦᠷᠢᠯᠳᠦᠭᠦᠯᠦᠭᠰᠡᠨ ᠦᠭᠡᠢ ᠪᠣᠯᠪᠠᠴᠤ ᠦᠮᠴᠢᠲᠡᠳ ᠤᠨ ᠶᠡᠭᠡ ᠬᠤᠷᠠᠯ᠂ ᠦᠮᠴᠢᠲᠡᠳ ᠤᠨ ᠶᠡᠭᠡ | ᠬᠤᠷᠠᠯ ᠪᠠᠢᠭᠤᠯᠤᠭᠰᠠᠨ ᠤ ᠳᠠᠷᠠᠭ᠎ᠠ ᠦᠮᠴᠢᠲᠡᠳ ᠤᠨ ᠵᠦᠪᠯᠡᠯ ᠢ ᠰᠤᠩᠭᠤᠵᠦ ᠭᠠᠷᠭᠠᠭᠰᠠᠨ ᠦᠭᠡᠢ ᠪᠠᠢᠭ᠎ᠠ | ᠭᠠᠵᠠᠷ ᠤᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠵᠢᠯᠣᠭᠤᠳᠤᠭᠰᠠᠨ ᠤ ᠳᠠᠷᠠᠭ᠎ᠠ ᠦᠮᠴᠢᠲᠡᠳ ᠤᠨ | ᠶᠡᠭᠡ ᠬᠤᠷᠠᠯ ᠪᠣᠯᠣᠨ ᠦᠮᠴᠢᠲᠡᠳ ᠤᠨ ᠵᠦᠪᠯᠡᠯ ᠢ ᠮᠥᠨ ᠯᠡ ᠪᠠᠢᠭᠤᠯᠵᠤ ᠴᠢᠳᠠᠬᠤ ᠦᠭᠡᠢ ᠪᠣᠯ᠂ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠨᠢ ᠰᠠᠭᠤᠭᠠᠯᠢ ᠠᠷᠠᠳ ᠤᠨ ᠵᠦᠪᠯᠡᠯ᠂ ᠦᠮᠴᠢᠲᠡᠳ ᠢ ᠵᠣᠬᠢᠶᠠᠨ ᠪᠠᠢᠭᠤᠯᠵᠤ | ᠪᠠᠢᠭᠠᠳ ᠠᠳᠠᠯ ᠠᠬᠤᠢ ᠶᠢᠨ ᠬᠠᠮᠢᠶᠠᠷᠤᠯᠲᠠ ᠶᠢᠨ ᠵᠦᠪᠯᠡᠯ ᠢ ᠪᠠᠢᠭᠤᠯᠵᠤ᠂ ᠦᠮᠴᠢᠲᠡᠳ ᠤᠨ ᠶᠡᠭᠡ ᠬᠤᠷᠠᠯ᠂ | ᠦᠮᠴᠢᠲᠡᠳ ᠤᠨ ᠵᠦᠪᠯᠡᠯ ᠤᠨ ᠡᠭᠦᠷᠭᠡ ᠬᠠᠷᠢᠭᠤᠴᠠᠯᠭ᠎ᠠ ᠶᠢ ᠲᠦᠷ ᠭᠦᠢᠴᠡᠳᠭᠡᠵᠦ᠂ ᠨᠦᠬᠦᠴᠡᠯ ᠳᠤ ᠨᠡᠢᠴᠡᠭᠰᠡᠨ | ᠤᠷᠤᠨ ᠰᠠᠭᠤᠴᠠ ᠶᠢᠨ ᠲᠤᠭᠤᠷᠢᠭ ᠨᠢ ᠦᠮᠴᠢᠲᠡᠳ ᠤᠨ ᠶᠡᠭᠡ ᠬᠤᠷᠠᠯ ᠢ ᠪᠠᠢᠭᠤᠯᠤᠨ᠂ ᠦᠮᠴᠢᠲᠡᠳ ᠤᠨ ᠵᠦᠪᠯᠡᠯ ᠢ | ᠰᠤᠩᠭᠤᠵᠦ ᠭᠠᠷᠭᠠᠬᠤ ᠬᠡᠷᠡᠭᠲᠡᠢ᠃ ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠢᠰ ᠤᠨ ᠡᠷᠬᠢᠯᠡᠭᠴᠢ ᠶᠢᠨ | ᠲᠤᠰᠢᠶᠠᠯ ᠢ ᠰᠠᠭᠤᠭᠠᠯᠢ ᠠᠷᠠᠳ ᠤᠨ ᠵᠥᠪᠯᠡᠯ ᠤᠨ ᠲᠥᠯᠥᠭᠡᠯᠡᠭᠴᠢ ᠡᠭᠦᠷᠭᠡᠯᠡᠵᠦ᠂ ᠳᠡᠳ᠋ ᠡᠷᠬᠢᠯᠡᠭᠴᠢ ᠶᠢᠨ | ᠲᠤᠰᠢᠶᠠᠯ ᠢ ᠰᠠᠭᠤᠭᠠᠯᠢ ᠠᠷᠠᠳ ᠤᠨ ᠵᠥᠪᠯᠡᠯ ᠠᠴᠠ ᠨᠢᠭᠡ ᠥᠮᠴᠢᠲᠡᠨ ᠤ ᠲᠥᠯᠥᠭᠡᠯᠡᠭᠴᠢ ᠶᠢ ᠵᠢᠭᠠᠨ ᠲᠣᠭᠲᠠᠭᠠᠵᠤ | ᠡᠭᠦᠷᠭᠡᠯᠡᠭᠦᠯᠦᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢᠨ ᠵᠦᠪᠯᠡᠯ ᠤᠨ ᠭᠡᠰᠢᠭᠦᠳ ᠤᠨ ᠨᠡᠷᠡᠰ ᠢ ᠣᠷᠣᠨ | ᠰᠠᠭᠤᠴᠠ ᠶᠢᠨ ᠵᠢᠵᠢᠭ ᠲᠣᠭᠤᠷᠢᠭ ᠪᠣᠶᠣ ᠲᠤᠰᠠᠭᠠᠷ ᠠᠰᠠᠷ ᠤᠨ ᠲᠣᠭᠤᠷᠢᠭ ᠲᠤ ᠢᠯᠡ ᠪᠣᠯᠭᠠᠬᠤ ᠬᠡᠷᠡᠭᠲᠡᠢ᠃ | ᠥᠮᠴᠢᠲᠡᠨ ᠨᠢ ᠥᠮᠴᠢᠲᠡᠨ ᠤ ᠲᠥᠯᠥᠭᠡᠯᠡᠭᠴᠢ ᠶᠢᠨ ᠵᠢᠱᠢᠭᠳᠡᠭᠴᠢ ᠳᠤ ᠣᠨᠳᠣᠤ ᠰᠠᠨᠠᠯ ᠲᠠᠢ ᠪᠣᠯ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠠᠴᠠ ᠵᠣᠬᠢᠴᠠᠭᠤᠯᠤᠨ ᠰᠢᠶ᠋ᠳᠪᠦᠷᠢᠯᠡᠨ᠎ᠡ᠃ ᠠᠳᠠᠯ ᠠᠬᠤᠶ ᠶᠢᠨ ᠬᠠᠮᠢᠶᠠᠷᠤᠯᠲᠠ ᠶᠢᠨ | ᠺᠣᠮᠢᠰ ᠤᠨ ᠠᠵᠢᠯ ᠤᠨ ᠬᠤᠭᠤᠴᠠᠭ᠎ᠠ ᠶᠢ ᠡᠩ ᠤᠨ ᠪᠠᠶᠢᠳᠠᠯ ᠳᠣᠤᠷ᠎ᠠ ᠭᠤᠷᠪᠠᠨ ᠵᠢᠯ ᠠᠴᠠ ᠬᠡᠲᠦᠷᠡᠭᠦᠯᠵᠦ ᠪᠣᠯᠬᠤ | ᠦᠭᠡᠶ᠂ ᠬᠤᠭᠤᠴᠠᠭ᠎ᠠ ᠳᠦᠭᠦᠷᠲᠡᠯ᠎ᠡ ᠥᠮᠴᠢᠲᠡᠨ ᠤ ᠶᠡᠭᠡ ᠬᠤᠷᠠᠯ ᠪᠠᠶᠢᠭᠤᠯᠬᠤ᠂ ᠥᠮᠴᠢᠲᠡᠨ ᠤ ᠵᠥᠪᠯᠡᠯ ᠢ | ᠰᠣᠩᠭᠤᠨ ᠭᠠᠷᠭᠠᠬᠤ ᠶᠢ ᠮᠥᠨ ᠬᠦ ᠲᠦᠯᠬᠢᠨ ᠠᠬᠢᠭᠤᠯᠤᠭᠰᠠᠨ ᠦᠭᠡᠶ ᠪᠣᠯ᠂ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠠᠴᠠ ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠢᠰ ᠢ ᠳᠠᠬᠢᠵᠤ ᠵᠣᠬᠢᠶᠠᠨ ᠪᠠᠶᠢᠭᠤᠯᠬᠤ ᠬᠡᠷᠡᠭᠲᠡᠶ᠃ ︵ | ᠲᠦᠷᠦᠭᠦᠯᠡᠬᠦ ᠨᠢᠭᠡᠴᠡ᠄ ᠳᠠᠯᠠᠶᠢᠬᠦ᠋ᠪ ᠪᠠᠯᠭᠠᠰᠤ᠂ ᠬᠠᠮᠵᠢᠯᠴᠠᠬᠤ ᠨᠢᠭᠡᠴᠡ᠄ ᠬᠤᠰᠢᠭᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ | ︵ᠲᠦᠷᠪᠡ︶ ᠬᠠᠭᠤᠴᠢᠨ ᠲᠣᠭᠤᠷᠢᠭ ᠤᠨ ᠬᠠᠮᠢᠶᠠᠷᠤᠯᠲᠠ ᠠᠵᠢᠯᠯᠠᠭ᠎ᠠ | 9. ᠬᠤᠲᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠲᠠᠢ ᠤᠶᠠᠯᠳᠤᠭᠤᠯᠤᠨ᠂ | ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠬᠠᠭᠤᠴᠢᠨ ᠵᠢᠵᠢᠭ ᠲᠣᠭᠤᠷᠢᠭ ᠤᠨ ᠬᠠᠮᠢᠶᠠᠷᠤᠯᠲᠠ ᠶᠢᠨ | ᠵᠠᠭᠪᠤᠷ ᠢ ᠵᠥᠪᠳᠡᠯᠴᠡᠨ ᠲᠣᠭᠲᠠᠭᠠᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠬᠠᠮᠢᠶᠠᠷᠤᠯᠲᠠ ᠶᠢᠨ ᠲᠦᠷᠦᠯ ᠵᠦᠢᠯ ᠤᠨ ᠡᠷᠭᠢᠨ ᠲᠣᠭᠤᠷᠢᠨ ᠤ ᠬᠠᠭᠤᠴᠢᠨ ᠵᠢᠵᠢᠭ ᠲᠣᠭᠤᠷᠢᠭ ᠲᠤ | ᠨᠢᠭᠡᠳᠦᠯᠲᠡᠢ ᠬᠠᠮᠢᠶᠠᠷᠬᠤ ᠶᠢ ᠵᠣᠷᠢᠭᠵᠢᠭᠤᠯᠤᠨ᠎ᠠ᠃ ᠠᠳᠠᠯ ᠠᠬᠤᠶ ᠶᠢᠨ ᠲᠤᠰᠬᠠᠶᠢᠵᠢᠭᠰᠠᠨ ᠬᠠᠮᠢᠶᠠᠷᠤᠯᠲᠠ ᠶᠢᠨ | ᠨᠥᠬᠦᠴᠡᠯ ᠢ ᠲᠦᠷ ᠪᠦᠷᠢᠯᠳᠦᠭᠦᠯᠦᠭᠰᠡᠨ ᠥᠬᠡᠶ ᠪᠠᠶᠢᠪᠠᠯ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠠᠴᠠ ᠨᠠᠶᠢᠳᠠᠨ ᠬᠠᠮᠢᠶᠠᠷᠤᠭᠤᠯᠬᠤ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠠᠴᠠ ᠣᠷᠣᠯᠠᠨ ᠬᠠᠮᠢᠶᠠᠷᠬᠤ ᠪᠤᠶᠤ ᠰᠠᠭᠤᠭᠠᠯᠢ ᠠᠷᠠᠳ ᠤᠨ ᠥᠪᠡᠰᠦᠪᠡᠨ ᠬᠠᠮᠢᠶᠠᠷᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠳᠠᠯ ᠠᠬᠤᠶ ᠶᠢᠨ ᠬᠠᠮᠢᠶᠠᠷᠤᠯᠲᠠ ᠶᠢᠨ ᠬᠠᠮᠤᠷᠬᠤ ᠬᠡᠮᠵᠢᠶ᠎ᠡ ᠶᠢ | ᠠᠯᠬᠤᠮ ᠠᠯᠬᠤᠮ ᠢᠶᠠᠷ ᠪᠡᠶᠡᠯᠡᠭᠦᠯᠵᠦ᠂ ᠵᠢᠵᠢᠭ ᠲᠣᠭᠤᠷᠢᠭ ᠤᠨ ᠲᠠᠷᠬᠠᠯᠲᠠ ᠶᠢ ᠠᠰᠢᠭᠯᠠᠨ ᠣᠶᠢᠷ᠎ᠠ ᠬᠠᠪᠢ ᠳᠤᠨᠢ | ᠬᠡᠰᠡᠭ ᠬᠤᠪᠢᠶᠠᠷᠢᠯᠠᠬᠤ᠂ ᠰᠢᠨ᠎ᠡ ᠬᠤᠭᠤᠴᠢᠨ ᠢ ᠵᠣᠬᠢᠴᠠᠭᠤᠯᠬᠤ᠂ ᠬᠦᠴᠦᠷᠬᠡᠭ ᠢᠶᠠᠷ ᠪᠠᠭᠤᠷᠠᠶ ᠶᠢ ᠳᠠᠶᠢᠴᠢᠯᠠᠬᠤ | ᠵᠡᠷᠭᠡ ᠠᠷᠭ᠎ᠠ ᠮᠠᠶ᠋ᠢᠭ ᠢᠶᠠᠷ ᠲᠤᠰᠬᠠᠶ ᠠᠳᠠᠯ ᠠᠬᠤᠶ ᠶᠢᠨ ᠬᠠᠮᠢᠶᠠᠷᠤᠯᠲᠠ ᠶᠢ ᠨᠡᠶᠢᠳᠡᠮ ᠪᠦᠷᠬᠦᠭᠦᠯᠬᠦ ᠶᠢ | ᠪᠡᠶᠡᠯᠡᠭᠦᠯᠦᠨ᠎ᠡ᠃ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ | ᠪᠦᠷᠬᠦᠴᠡ ᠶᠢᠨ ᠨᠣᠷᠮ᠎ᠠ ᠶᠢ ᠵᠢᠵᠢᠭ ᠲᠣᠭᠤᠷᠢᠭ ᠤᠨ ᠲᠣᠭᠠᠨ ᠤ ᠡᠵᠡᠯᠡᠬᠦ ᠬᠠᠷᠢᠴᠠᠯ ᠤᠨ 98 % ᠳᠤ | ᠬᠦᠷᠦᠭᠦᠯᠦᠨ᠎ᠡ᠃ ︵ᠲᠦᠷᠦᠭᠦᠯᠡᠬᠦ ᠨᠢᠭᠡᠴᠡ᠄ ᠳᠠᠯᠠᠶᠢᠬᠦ᠋ᠪ ᠪᠠᠯᠭᠠᠰᠤ᠂ ᠬᠠᠮᠵᠢᠯᠴᠠᠬᠤ ᠨᠢᠭᠡᠴᠡ᠄ ᠬᠤᠰᠢᠭᠤᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ | ︵ᠲᠠᠪᠤ︶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | 10. ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ | ᠴᠠᠬᠢᠯᠭᠠᠨ ᠴᠡᠨᠡᠭᠯᠡᠬᠦ ᠪᠡᠯᠡᠳᠬᠡᠮᠵᠢ ᠶᠢ ᠲᠦᠷᠭᠡᠪᠴᠢᠯᠡᠨ ᠲᠡᠭᠦᠯᠳᠡᠷᠵᠢᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠦᠢᠯᠡᠰ ᠤᠨ ᠵᠥᠪᠯᠡᠯ ᠪᠠ ᠨᠡᠶᠢᠭᠡᠮ ᠤᠨ | ᠬᠥᠷᠥᠩᠭᠡ ᠲᠠᠢ ᠢᠳᠡᠪᠬᠢᠲᠡᠶ ᠬᠠᠷᠢᠯᠴᠠᠵᠤ᠂ ᠣᠯᠠᠨ ᠠᠷᠭ᠎ᠠ ᠵᠠᠮ᠂ ᠣᠯᠠᠨ ᠬᠡᠯᠪᠡᠷᠢ ᠪᠠᠷ ᠪᠡᠯᠡ ᠮᠥᠩᠭᠦ | ᠴᠤᠭᠯᠠᠭᠤᠯᠵᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠳᠤ ᠣᠷᠣᠭᠤᠯᠤᠨ᠎ᠠ᠃ ᠣᠲᠣ ᠶᠢᠨ ᠪᠠᠶᠢᠭ᠎ᠠ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠰᠠᠭᠤᠷᠢᠨ | ᠳᠡᠭᠡᠷ᠎ᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠨᠡᠮᠡᠵᠦ᠂ ᠰᠠᠭᠤᠭᠠᠯᠢ ᠠᠷᠠᠳ ᠤᠨ ᠲᠥᠪᠯᠡᠷᠡᠨ ᠰᠠᠭᠤᠬᠤ | ᠲᠣᠭᠤᠷᠢᠭ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠤᠨ ᠴᠠᠬᠢᠯᠭᠠᠨ ᠴᠡᠨᠡᠭᠯᠡᠬᠦ ᠪᠡᠯᠡᠳᠬᠡᠮᠵᠢ | ᠪᠠᠶᠢᠭᠤᠯᠬᠤ ᠶᠢ ᠳᠥᠯᠭᠢᠨ ᠠᠬᠢᠭᠤᠯᠵᠤ᠂ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠵᠢᠵᠢᠭ ᠲᠣᠭᠤᠷᠢᠭ ᠤᠨ ᠴᠠᠬᠢᠯᠭᠠᠨ ᠴᠡᠨᠡᠭᠯᠡᠬᠦ ᠱᠣᠩ ᠢ ᠤᠭᠰᠠᠷᠠᠬᠤ ᠠᠵᠢᠯ ᠤᠨ ᠵᠢᠯᠣᠭᠤᠳᠣᠯᠭ᠎ᠠ ᠪᠠ | ᠬᠢᠨᠠᠯᠲᠠ ᠲᠠᠯᠪᠢᠬᠤ ᠡᠵᠡᠩᠨᠡᠯᠲᠡ ᠶᠢᠨ ᠺᠣᠮᠫᠠᠨᠢ ᠶᠢᠨ ᠡᠷᠴᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠴᠠᠬᠢᠯᠭᠠᠨ | ᠴᠡᠨᠡᠭᠯᠡᠬᠦ ᠲᠥᠬᠦᠭᠡᠷᠦᠮᠵᠢ ᠶᠢᠨ ᠰᠡᠭᠦᠯᠴᠢ ᠶᠢᠨ ᠬᠤᠭᠤᠴᠠᠭᠠᠨ ᠤ ᠠᠷᠠᠴᠢᠯᠠᠨ ᠬᠠᠮᠠᠭᠠᠯᠠᠬᠤ᠂ ᠰᠢᠨᠡᠳᠬᠡᠬᠦ ᠵᠡᠷᠭᠡ | ᠠᠵᠢᠯ ᠢ ᠴᠢᠩᠭᠠᠷᠠᠭᠤᠯᠤᠨ᠎ᠠ᠃ ᠡᠭᠦᠨ ᠤ ᠬᠠᠮᠲᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠶᠢᠨ | ᠪᠤᠯᠤᠩ᠂ ᠠᠯᠪᠠᠨ ᠵᠠᠷ ᠤᠨ ᠪᠤᠯᠤᠩ᠂ ᠸᠢᠴᠠᠲ ᠵᠡᠷᠭᠡ ᠳᠠᠮᠵᠢᠭᠤᠯᠬᠤ ᠵᠠᠭᠤᠴᠢ ᠪᠠ ᠤᠬᠠᠭᠤᠯᠭ᠎ᠠ ᠶᠢᠨ ᠠᠷᠭ᠎ᠠ | ᠪᠠᠷᠢᠯ ᠢ ᠭᠦᠢᠴᠡᠳ ᠠᠰᠢᠭᠯᠠᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠵᠢᠴᠢ ᠭᠠᠯ ᠤᠨ ᠠᠶᠤᠯ ᠤᠨ | ᠨᠡᠶᠢᠲᠡᠯᠢᠭ ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠬᠦ ᠬᠥᠮᠦᠵᠢᠯ ᠢ ᠥᠷᠭᠡᠨ ᠢᠶᠠᠷ ᠤᠬᠠᠭᠤᠯᠤᠨ ᠲᠦᠭᠡᠮᠡᠯᠵᠢᠭᠦᠯᠵᠦ᠂ | ᠣᠯᠠᠨ ᠲᠦᠮᠡᠨ ᠢ ᠰᠠᠨᠠᠭᠤᠯᠬᠤ᠂ ᠮᠡᠳᠡᠭᠳᠡᠬᠦ ᠪᠠ ᠬᠥᠲᠥᠯᠦᠨ ᠵᠢᠯᠣᠭᠤᠳᠴᠤ ᠪᠠᠶᠢᠭᠠᠳ ᠭᠠᠯ ᠤᠨᠲᠠᠷᠠᠭᠠᠬᠤ ᠠᠮᠤᠷ | ᠲᠦᠪᠰᠢᠨ ᠤ ᠦᠵᠡᠯ ᠤᠬᠠᠮᠰᠠᠷ ᠢ ᠨᠢ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢ ᠰᠠᠶᠢᠲᠤᠷ ᠬᠢᠵᠦ᠂ | ᠴᠠᠬᠢᠯᠭᠠᠨ ᠴᠡᠨᠡᠭᠯᠡᠬᠦ ᠲᠡᠷᠭᠡᠨ ᠤ ᠰᠠᠷᠠᠪᠴᠢ ᠶᠢ ᠪᠥᠭᠯᠡᠬᠦ ᠶᠢ ᠲᠠᠰᠤ ᠵᠣᠭᠰᠣᠭᠠᠵᠤ᠂ ᠡᠵᠡᠯᠡᠨ ᠬᠡᠷᠡᠭᠯᠡᠵᠦ᠂ ᠴᠠᠬᠢᠯᠭᠠᠨ | ᠴᠡᠨᠡᠭᠯᠡᠬᠦ ᠪᠡᠯᠡᠳᠬᠡᠮᠵᠢ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ︵ᠲᠦᠷᠦᠭᠦᠯᠡᠬᠦ | ᠨᠢᠭᠡᠴᠡ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠬᠠᠮᠵᠢᠯᠴᠠᠬᠤ ᠨᠢᠭᠡᠴᠡ᠄ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠠᠯᠠᠶᠢᠬᠦ᠋ᠪ | ᠪᠠᠯᠭᠠᠰᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ | ᠲᠤᠰᠠᠯᠠᠬᠤ ᠶᠡᠭᠡ ᠠᠩᠭᠢ᠂ ᠴᠠᠬᠢᠯᠭᠠᠨ ᠬᠠᠩᠭᠠᠬᠤ ᠺᠣᠮᠫᠠᠨᠢ︶ | ︵ᠵᠢᠷᠭᠤᠭ᠎ᠠ︶ ᠣᠷᠣᠨ ᠰᠠᠭᠤᠴᠠ ᠶᠢᠨ ᠲᠣᠭᠤᠷᠢᠭ ᠤᠨ ᠠᠮᠤᠷ ᠲᠦᠪᠰᠢᠨ ᠤ ᠪᠠᠶᠢᠳᠠᠯ ᠢ ᠲᠣᠭᠲᠠᠭᠤᠨ | ᠪᠠᠶᠢᠯᠭᠠᠬᠤ ᠪᠠ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭᠠᠳᠬᠠᠬᠤ ᠬᠡᠷᠡᠭᠲᠡᠶ᠃ | 11. ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ | ᠪᠦᠰᠡ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠦᠨ᠎ᠡ᠃ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ | ᠠᠩᠭᠢ᠂ ᠪᠠᠶᠢᠭ᠎ᠠ ᠨᠡᠶᠢᠭᠡᠮ ᠲᠣᠭᠤᠷᠢᠭ ᠲᠠᠬᠢ ᠵᠣᠬᠢᠴᠠᠯᠳᠤᠨ ᠬᠠᠮᠵᠢᠯᠴᠠᠵᠤ᠂ ᠠᠳᠠᠯ ᠠᠬᠤᠶ ᠶᠢᠨ ᠦᠢᠯᠡᠴᠢᠯᠡᠭᠡᠨ ᠤ | ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠲᠥᠷᠥᠯ ᠵᠦᠢᠯ ᠤᠨ ᠳᠠᠭᠠᠭᠠᠮᠠᠯ᠂ ᠠᠵᠢᠯᠲᠠᠨ | ᠠᠵᠢᠯᠴᠢᠨ ᠵᠢᠴᠢ ᠥᠮᠴᠢᠲᠡᠨ ᠤ ᠵᠥᠪᠯᠡᠯ ᠤᠨ ᠡᠷᠬᠢᠯᠡᠭᠴᠢ᠂ ᠪᠦᠷᠢᠯᠳᠦᠬᠦᠨ ᠤ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠪᠣᠯᠪᠠᠰᠤᠷᠠᠭᠤᠯᠤᠯ ᠪᠠ ᠰᠣᠷᠢᠯᠲᠠ ᠶᠢ ᠴᠢᠩᠭᠠᠳᠬᠠᠬᠤ ᠬᠡᠷᠡᠭᠲᠡᠶ᠃ ᠠᠳᠠᠯ ᠠᠬᠤᠶ ᠶᠢᠨ ᠺᠣᠮᠫᠠᠨᠢ ᠶᠢᠨ | ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠳᠦᠷᠢᠮ ᠳᠤ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠭᠠᠯ | ᠤᠨᠲᠠᠷᠠᠭᠠᠬᠤ ᠲᠥᠬᠦᠭᠡᠷᠦᠮᠵᠢ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠲᠣᠭᠤᠷᠢᠨ | ᠪᠠᠶᠢᠴᠠᠭᠠᠬᠤ᠂ ᠪᠠᠶᠢᠴᠠᠭᠠᠵᠤ ᠵᠢᠯᠣᠭᠤᠳᠬᠤ ᠪᠠ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠬᠢᠵᠦ᠂ ᠠᠮᠤᠷ | ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠣᠷᠣᠨ ᠰᠠᠭᠤᠴᠠ ᠶᠢᠨ ᠵᠢᠵᠢᠭ | ᠲᠣᠭᠤᠷᠢᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠭᠤᠤᠯᠳᠠᠯᠭ᠎ᠠ ᠪᠣᠯᠭᠠᠬᠤ ᠬᠡᠷᠡᠭᠲᠡᠶ᠃ ︵ᠲᠦᠷᠦᠭᠦᠯᠡᠬᠦ | ᠨᠢᠭᠡᠴᠡ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠬᠠᠮᠵᠢᠯᠴᠠᠬᠤ ᠨᠢᠭᠡᠴᠡ᠄ ᠳᠠᠯᠠᠶᠢᠬᠦ᠋ᠪ ᠪᠠᠯᠭᠠᠰᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ︶ | ︵ᠳᠤᠯᠤᠭ᠎ᠠ︶ ᠠᠳᠠᠯ ᠠᠬᠤᠶ ᠶᠢᠨ ᠦᠢᠯᠡᠴᠢᠯᠡᠭᠡᠨ ᠤ ᠬᠢᠨᠠᠯᠲᠠ ᠲᠠᠯᠪᠢᠵᠤ ᠰᠢᠯᠭᠠᠨ ᠦᠨᠡᠯᠡᠬᠦ ᠠᠵᠢᠯ᠃ | 12. ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠳᠠᠯ ᠠᠬᠤᠶ ᠶᠢᠨ | ᠦᠢᠯᠡᠴᠢᠯᠡᠭᠡᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠪᠠᠲᠤᠯᠠᠬᠤ ᠰᠢᠰᠲ᠋ᠧᠮᠵᠢ ᠶᠢ ᠪᠠᠶᠢᠭᠤᠯᠤᠨ᠂ ᠦᠢᠯᠡᠴᠢᠯᠡᠭᠡᠨ ᠤ | ᠵᠠᠭᠠᠯᠳᠤᠯᠭ᠎ᠠ ᠶᠢ ᠲᠦᠷᠭᠡᠨ ᠰᠢᠶ᠋ᠳᠪᠦᠷᠢᠯᠡᠬᠦ ᠲᠣᠭᠲᠠᠴᠠ ᠶᠢ ᠪᠠᠶᠢᠭᠤᠯᠤᠨ᠂ ᠬᠥᠮᠦᠨ ᠪᠠ ᠲᠡᠷᠭᠡ ᠬᠥᠰᠬᠡ ᠶᠢᠨ | ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠪᠠ ᠠᠷᠠᠴᠢᠯᠠᠵᠤ | ᠬᠠᠮᠠᠭᠠᠯᠠᠵᠤ᠂ ᠵᠦᠢ ᠵᠣᠬᠢᠰᠲᠠᠶ ᠠᠷᠭ᠎ᠠ ᠬᠡᠮᠵᠢᠶ᠎ᠡ ᠠᠪᠴᠤ ᠪᠠᠶᠢᠭᠠᠳ ᠥᠮᠴᠢᠲᠡᠨ ᠤ ᠪᠡᠶ᠎ᠡ ᠮᠠᠬᠠᠪᠣᠳ᠂ ᠡᠳ᠋ | ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ | ᠬᠢᠵᠦ᠂ ᠬᠤᠭ ᠨᠣᠪᠰᠢ ᠬᠠᠶᠠᠬᠤ ᠶᠢ ᠬᠠᠮᠵᠢᠨ ᠵᠢᠷᠤᠮᠵᠢᠭᠤᠯᠬᠤ ᠶᠢᠨ ᠬᠠᠮᠲᠤ ᠴᠠᠭ ᠲᠤᠬᠠᠶ ᠳᠤᠨᠢ ᠴᠡᠪᠡᠷᠯᠡᠨ | ᠲᠡᠭᠡᠭᠡᠪᠦᠷᠢᠯᠡᠵᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠨ᠂ ᠣᠷᠣᠨ ᠰᠠᠭᠤᠴᠠ ᠶᠢᠨ ᠶᠠᠰᠤ | ᠴᠢᠨᠠᠷ ᠢ ᠳᠡᠭᠡᠭᠰᠢᠯᠡᠭᠦᠯᠵᠦ᠂ ᠬᠠᠮ ᠠᠳᠠᠯ ᠠᠬᠤᠶ ᠶᠢᠨ ᠦᠢᠯᠡᠴᠢᠯᠡᠭᠡᠨ ᠤ ᠰᠢᠯᠢᠳᠡᠭ ᠲᠥᠷᠥᠯ ᠵᠦᠢᠯ ᠢ ᠪᠤᠶ ᠪᠣᠯᠭᠠᠨ᠎ᠠ | ᠃ ︵ᠲᠦᠷᠦᠭᠦᠯᠡᠬᠦ ᠨᠢᠭᠡᠴᠡ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠳᠠᠯᠠᠶᠢᠬᠦ᠋ᠪ ᠪᠠᠯᠭᠠᠰᠤ᠂ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶ | 13. ᠠᠳᠠᠯ ᠠᠬᠤᠶ ᠶᠢᠨ ᠬᠡᠪᠰᠢᠭᠰᠡᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠷᠠᠭᠤᠯᠤᠨ᠎ᠠ᠃ ᠠᠳᠠᠯ ᠠᠬᠤᠶ ᠶᠢᠨ ᠬᠠᠮᠢᠶᠠᠷᠤᠯᠲᠠ ᠶᠢᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ | ᠠᠵᠢᠯ ᠢ ᠦᠷᠭᠦᠯᠵᠢᠯᠡᠨ ᠵᠢᠷᠤᠮᠵᠢᠭᠤᠯᠵᠤ᠂ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ ᠡᠮᠦᠨᠡᠬᠢ | ᠬᠤᠭᠤᠴᠠᠭᠠᠨ ᠤ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠣᠩᠭᠤᠨ ᠤᠷᠢᠬᠤ ᠶᠢ ᠠᠬᠢᠭᠤᠯᠬᠤ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠮᠦᠨᠡᠬᠢ ᠬᠤᠭᠤᠴᠠᠭᠠᠨ ᠤ ᠠᠳᠠᠯ ᠠᠬᠤᠶ ᠶᠢ ᠵᠠᠯᠭᠠᠨ ᠠᠪᠴᠤ | ᠪᠠᠶᠢᠴᠠᠭᠠᠨ ᠰᠢᠯᠭᠠᠬᠤ ᠪᠠ ᠡᠮᠦᠨᠡᠬᠢ ᠬᠤᠭᠤᠴᠠᠭᠠᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠳᠦᠷᠢᠮ ᠢ | ᠴᠢᠩᠭᠠᠷᠠᠭᠤᠯᠵᠤ᠂ ᠡᠬᠢᠨ ᠤ ᠬᠤᠭᠤᠴᠠᠭᠠᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠱᠠᠲᠤ ᠦ᠊ ᠡᠶ᠎ᠡ ᠳᠠᠬᠢ | ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠬᠤ ᠬᠡᠷᠡᠭᠲᠡᠶ᠃ ᠠᠵᠢᠯ | ᠡᠷᠭᠢᠯᠡᠭᠰᠡᠳ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠷᠠᠭᠤᠯᠤᠨ᠂ | ᠠᠳᠠᠯ ᠠᠬᠤᠢ ᠶᠢᠨ ᠤᠷᠲᠤᠳᠬᠠᠭᠰᠠᠨ ᠦᠢᠯᠡᠴᠢᠯᠡᠭᠡ ᠶᠢ ᠥᠷᠭᠡᠳᠬᠡᠵᠦ᠂ ᠦᠢᠯᠡᠴᠢᠯᠡᠭᠡᠨ ᠤ ᠲᠥᠷᠥᠯ ᠵᠦᠢᠯ ᠤᠨ | ᠶᠠᠰᠤ ᠴᠢᠨᠠᠷ ᠬᠢᠭᠡᠳ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠥᠮᠴᠢᠲᠡᠨ ᠤ ᠠᠳᠠᠯ ᠠᠬᠤᠢ ᠶᠢᠨ ᠦᠢᠯᠡᠴᠢᠯᠡᠭᠡᠨ ᠤ | ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ᠃ ᠠᠳᠠᠯᠢ ᠪᠤᠰᠤ ᠪᠠᠶᠢᠷᠢ ᠲᠣᠭᠲᠠᠭᠠᠯᠲᠠ ᠶᠢ | ᠦᠨᠳᠦᠰᠦᠯᠡᠨ᠂ ᠠᠳᠠᠯᠢ ᠪᠤᠰᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠵᠤ᠂ ︽ᠶᠠᠰᠤ ᠴᠢᠨᠠᠷ ᠨᠢ | ᠬᠠᠷᠢᠯᠴᠠᠨ ᠨᠡᠶᠢᠴᠡᠭᠰᠡᠨ᠂ ᠴᠢᠨᠠᠷ ᠨᠢ ᠰᠠᠶᠢᠨ ᠦᠨ᠎ᠡ ᠨᠢ ᠰᠠᠶᠢᠨ ᠦᠨ᠎ᠡ ᠨᠢ ᠰᠠᠶᠢᠨ︾ ᠠᠳᠠᠯ ᠠᠬᠤᠶ ᠶᠢᠨ | ᠦᠢᠯᠡᠴᠢᠯᠡᠭᠡ ᠪᠣᠯᠤᠨ ᠰᠦᠢᠳᠬᠡᠯ ᠬᠤᠷᠢᠶᠠᠬᠤ ᠦᠨ᠎ᠡ ᠬᠠᠩᠰᠢ ᠶᠢᠨ ᠰᠢᠰᠲ᠋ᠧᠮᠵᠢ ᠶᠢ ᠪᠠᠶᠢᠭᠤᠯᠵᠤ᠂ ᠠᠳᠠᠯ | ᠠᠬᠤᠶ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠪᠣᠯᠤᠨ ᠥᠮᠴᠢᠲᠡᠨ ᠢ ᠬᠠᠮᠲᠤᠪᠠᠷ ᠵᠥᠪᠳᠡᠯᠴᠡᠨ ᠰᠣᠩᠭᠤᠬᠤ | ᠪᠠᠷᠢᠮᠵᠢᠶ᠎ᠠ ᠶᠢ ᠲᠣᠭᠲᠠᠭᠠᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠳᠠᠯᠠᠶᠢᠬᠦ᠋ᠪ ᠪᠠᠯᠭᠠᠰᠤ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 14. ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠶᠢᠨ | ᠰᠢᠰᠲ᠋ᠧᠮᠵᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠮᠠᠨ ᠤ ᠬᠤᠰᠢᠭᠤᠨ ᠤ ᠠᠳᠠᠯ ᠠᠬᠤᠶ ᠶᠢᠨ | ᠦᠢᠯᠡᠴᠢᠯᠡᠭᠡᠨ ᠤ ᠠᠵᠤ ᠠᠬᠤᠶᠢᠯᠠᠯ ᠪᠦᠬᠦᠨ ᠳᠤ ᠡᠷᠬᠡᠪᠰᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠳᠠᠯ ᠠᠬᠤᠶ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠬᠢᠭᠡᠳ ᠦᠨᠡᠨᠴᠢ | ᠢᠲᠡᠭᠡᠮᠵᠢ ᠶᠢ ᠨᠢᠭᠡ ᠴᠤᠭᠴᠠᠵᠢᠭᠤᠯᠬᠤ ᠲᠠᠪᠴᠠᠩ︾ ᠳᠤ ᠣᠷᠣᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ | ᠠᠵᠤ ᠠᠬᠤᠶᠢᠯᠠᠯ᠂ ᠦᠢᠯᠡᠴᠢᠯᠡᠭᠡᠨ ᠤ ᠲᠥᠷᠥᠯ ᠵᠦᠢᠯ᠂ ᠠᠵᠢᠯ ᠡᠷᠭᠢᠯᠡᠭᠰᠡᠳ ᠵᠡᠷᠭᠡ ᠶᠢ ᠳᠠᠩᠰᠠᠯᠠᠬᠤ ᠵᠢᠴᠢ ᠠᠳᠠᠯ | ᠠᠬᠤᠶ ᠶᠢ ᠵᠠᠯᠭᠠᠨ ᠠᠪᠴᠤ ᠪᠠᠶᠢᠴᠠᠭᠠᠨ ᠰᠢᠯᠭᠠᠬᠤ ᠵᠡᠷᠭᠡ ᠮᠠᠲ᠋ᠧᠷᠢᠶᠠᠯ ᠢ ᠪᠢᠴᠢᠵᠦ ᠣᠷᠣᠭᠤᠯᠬᠤ ᠶᠢᠨ ᠬᠠᠮᠲᠤ᠂ | ᠤᠯᠠᠭᠠᠨ ᠬᠠᠷ᠎ᠠ ᠲᠠᠩᠰᠠ ᠶᠢ ᠢᠯᠡ ᠨᠡᠶᠢᠲᠡᠯᠡᠬᠦ ᠪᠠ ᠡᠴᠦᠰ ᠤᠨ ᠪᠠᠶᠢᠷᠢ ᠶᠢ ᠰᠢᠭᠰᠢᠬᠦ ᠲᠦᠷᠢᠮ ᠢ ᠬᠡᠷᠡᠭᠵᠢᠭᠦᠯᠬᠦ | ᠬᠡᠷᠡᠭᠲᠡᠶ᠃ ︵ᠲᠦᠷᠦᠭᠦᠯᠡᠬᠦ ᠨᠢᠭᠡᠴᠡ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠳᠠᠯᠠᠶᠢᠬᠦ᠋ᠪ ᠪᠠᠯᠭᠠᠰᠤ︶ | 15. ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠢ ᠰᠢᠯᠭᠠᠨ ᠦᠨᠡᠯᠡᠬᠦ ᠬᠠᠮᠢᠶᠠᠷᠤᠯᠲᠠ ᠶᠢᠨ | ᠲᠣᠭᠲᠠᠴᠠ ᠶᠢ ᠦᠷᠭᠦᠯᠵᠢᠯᠡᠨ ᠰᠠᠶᠢᠲᠤᠷ ᠬᠢᠨ᠎ᠠ᠃ ᠵᠢᠯ ᠪᠦᠷᠢ ᠶᠢᠨ ᠵᠢᠯ ᠤᠨ ᠰᠡᠬᠦᠯᠴᠢ ᠳᠤ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠤᠨ ᠢᠲᠡᠭᠡᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠠᠵᠢᠯ ᠢ | ᠦᠷᠨᠢᠭᠦᠯᠵᠦ᠂ ᠠᠵᠤ ᠠᠬᠤᠶᠢᠯᠠᠯ ᠤᠨ ᠳᠠᠩᠰᠠ ᠡᠪᠬᠡᠮᠡᠯ ᠢ ᠪᠠᠶᠢᠭᠤᠯᠬᠤ ᠬᠡᠷᠡᠭᠲᠡᠢ᠃ ᠬᠤᠰᠢᠭᠤᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠤᠯᠠᠷᠢᠯ ᠢᠶᠠᠷ ᠪᠠᠶᠢᠴᠠᠭᠠᠬᠤ᠂ ᠵᠢᠯ | ᠦᠨᠡᠯᠡᠨ ᠲᠣᠭᠲᠠᠭᠠᠬᠤ ᠠᠷᠭ᠎ᠠ ᠮᠠᠶ᠋ᠢᠭ ᠢᠶᠠᠷ ᠰᠢᠯᠭᠠᠨ ᠦᠨᠡᠯᠡᠨ᠎ᠡ᠃ ᠣᠨ ᠤ ᠰᠢᠯᠭᠠᠨ ᠦᠨᠡᠯᠡᠬᠦ ᠶᠢ ᠤᠷᠢᠵᠤ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠨᠡᠶᠢᠭᠡᠮ ᠲᠣᠭᠤᠷᠢᠭ᠂ ᠥᠮᠴᠢᠲᠡᠨ ᠤ ᠭᠡᠰᠢᠭᠦᠳ ᠤᠨ | ᠲᠥᠯᠥᠭᠡᠯᠡᠭᠴᠢᠳ ᠤᠨ ᠬᠤᠷᠠᠯ ᠢ ᠤᠷᠢᠵᠤ ᠠᠳᠠᠯ ᠠᠬᠤᠶ ᠶᠢᠨ ᠠᠵᠤ ᠠᠬᠤᠶᠢᠯᠠᠯ ᠤᠨ ᠨᠢᠭᠡ ᠵᠢᠯ ᠤᠨ ᠲᠤᠷᠰᠢᠬᠢ | ᠵᠠᠭᠠᠯᠳᠤᠯᠭ᠎ᠠ᠂ ᠱᠠᠩᠨᠠᠵᠤ ᠲᠣᠷᠭᠠᠬᠤ᠂ ᠪᠣᠯᠪᠠᠰᠤᠷᠠᠭᠤᠯᠬᠤ ᠵᠡᠷᠭᠡ ᠪᠠᠶᠢᠳᠠᠯ ᠳᠤ ᠶᠡᠷᠦᠩᠬᠡᠶᠢᠯᠡᠨ ᠬᠤᠪᠢ ᠲᠣᠭᠲᠠᠭᠠᠬᠤ | ᠬᠤᠷᠠᠯ ᠬᠢᠬᠦ ᠶᠢᠨ ᠬᠠᠮᠲᠤ ᠰᠢᠯᠭᠠᠨ ᠲᠣᠭᠲᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠨ᠎ᠡ᠃ ᠢᠲᠡᠭᠡᠮᠵᠢ ᠶᠢᠨ ᠵᠡᠷᠭᠡ | ᠳᠡᠰ ᠨᠢ ᠥᠨᠳᠥᠷ᠂ ᠦᠢᠯᠡᠴᠢᠯᠡᠭᠡ ᠨᠢ ᠵᠢᠷᠤᠮᠵᠢᠭᠰᠠᠨ ᠲᠦᠷᠦᠭᠦᠤ ᠭᠤᠷᠪᠠᠨ ᠨᠡᠷᠡᠲᠦ ᠠᠵᠤ ᠠᠬᠤᠶᠢᠯᠠᠯ ᠢ | ᠬᠥᠬᠢᠭᠦᠯᠦᠨ ᠰᠠᠶᠢᠰᠢᠶᠠᠵᠤ᠂ ᠬᠠᠮᠢᠶᠠᠷᠤᠯᠲᠠ ᠨᠢ ᠡᠮᠬᠢ ᠵᠠᠮᠪᠠᠷᠠᠭ᠎ᠠ ᠥᠬᠡᠶ᠂ ᠦᠶ᠋ᠯᠡᠴᠢᠯᠡᠭᠡᠨ ᠤ ᠶᠠᠰᠤ ᠴᠢᠨᠠᠷ ᠨᠢ | ᠠᠨᠠᠶ᠂ ᠥᠮᠴᠢᠲᠡᠨ ᠤ ᠵᠠᠭᠠᠯᠳᠤᠯᠭ᠎ᠠ ᠣᠯᠠᠨ ᠪᠠᠶᠢᠬᠤ ᠮᠥᠷᠲᠡᠭᠡᠨ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ | ᠥᠬᠡᠶ ᠠᠵᠤ ᠠᠬᠤᠶᠢᠯᠠᠯ ᠢ ᠵᠠᠷᠯᠠᠨ ᠮᠡᠳᠡᠭᠳᠡᠬᠦ ᠶᠢᠨ ᠬᠠᠮᠲᠤ ᠦᠷ᠎ᠡ ᠳ᠋ᠦᠩ ᠢ ᠣᠨ ᠤ ᠢᠲᠡᠭᠡᠮᠵᠢ ᠶᠢᠨ ᠲᠠᠰ ᠦᠨᠡᠯᠡᠨ | ᠲᠣᠭᠲᠠᠭᠠᠬᠤ ᠳᠤ ᠬᠡᠷᠡᠭᠯᠡᠵᠦ᠂ ᠦᠷ᠎ᠡ ᠪᠦᠲᠦᠮᠵᠢ ᠪᠠᠷ ᠠᠨᠠᠶ᠂ ᠴᠡᠭᠴᠡᠯᠡᠨ ᠰᠠᠶᠢᠵᠢᠷᠠᠭᠤᠯᠤᠭᠰᠠᠨ ᠢᠶᠠᠷ ᠠᠨᠠᠶ᠂ ᠠᠵᠤ | ᠠᠬᠤᠶᠢᠯᠠᠯ ᠢ ᠲᠣᠰ ᠭᠠᠵᠠᠷ ᠤᠨ ᠵᠠᠬ᠎ᠠ ᠳᠡᠯᠭᠡᠭᠦᠷ ᠠᠴᠠ ᠡᠷᠡᠰ ᠢᠯᠭᠠᠷᠠᠭᠤᠯᠤᠨ ᠭᠠᠷᠭᠠᠵᠤ ᠶᠠᠯᠠᠯᠠᠨ ᠰᠢᠢᠳᠬᠡᠨ᠎ᠡ᠃ | ᠠᠳᠠᠯ ᠠᠬᠤᠶ ᠶᠢᠨ ᠠᠵᠢᠯ ᠲᠥᠷᠥᠯ ᠤᠨ ᠡᠯ᠎ᠡ ᠵᠦᠢᠯ ᠤᠨ ᠲᠡᠳᠬᠦᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ᠂ | ᠴᠠᠭ ᠲᠤᠬᠠᠶ ᠳᠤᠨᠢ ᠨᠠᠶᠢᠳᠠᠪᠤᠷᠢᠵᠢᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠲᠥᠷᠥᠯ ᠤᠨ ᠰᠠᠶᠢᠨ᠂ | ᠬᠡᠪᠴᠢᠶᠡᠵᠢᠭᠰᠡᠨ ᠬᠥᠭᠵᠢᠯᠲᠡ ᠶᠢ ᠪᠤᠶᠢᠵᠢᠭᠤᠯᠬᠤ ᠪᠠ ᠬᠥᠲᠥᠯᠥᠨ ᠵᠢᠯᠣᠭᠤᠳᠤᠨ᠎ᠠ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ︽ᠠᠳᠠᠯ ᠠᠬᠤᠶ ᠶᠢᠨ ᠬᠠᠮᠢᠶᠠᠷᠤᠯᠲᠠ ᠶᠢ ᠴᠢᠩᠭᠠᠳᠬᠠᠵᠤ ᠠᠳᠠᠯ | ᠠᠬᠤᠶ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ︵ᠥᠪᠥᠷ ᠵᠠᠰᠠᠭ | ᠲᠠᠷᠬᠠᠭᠠᠭᠰᠠᠨ ︹ 2015︺ 91 ᠳ᠋ᠦ᠋ᠭᠡᠷ ᠲᠣᠭᠠᠲᠤ︶ ᠵᠢᠴᠢ ᠠᠯᠠᠱᠠ ᠠᠶᠢᠮᠠᠭ ᠤᠨ ᠵᠠᠬᠢᠷᠭ᠎ᠠ ᠶᠢᠨ ︽ᠠᠳᠠᠯ | ᠠᠬᠤᠶ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠶ ᠰᠠᠨᠠᠯ︾ ︵ᠠᠯᠠᠱᠠ ᠵᠠᠬᠢᠷᠭ᠎ᠠ ᠠᠯᠪᠠᠨ | ᠲᠠᠷᠬᠠᠭᠠᠭᠰᠠᠨ [ 2015] 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠠᠳᠠᠯ ᠠᠬᠤᠶ ᠶᠢᠨ | ᠦᠢᠯᠡᠴᠢᠯᠡᠭᠡᠨ ᠤ ᠠᠵᠢᠯ ᠲᠥᠷᠥᠯ ᠢ ᠲᠡᠳᠬᠦᠬᠦ ᠡᠷᠴᠢᠮ ᠢ ᠴᠢᠩᠭᠠᠷᠠᠭᠤᠯᠤᠨ᠎ᠠ᠃ ᠠᠳᠠᠯ ᠠᠬᠤᠢ ᠶᠢᠨ | ᠬᠠᠮᠢᠶᠠᠷᠤᠯᠲᠠ ᠶᠢᠨ ᠦᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠬᠦ᠂ ᠰᠢᠯᠢᠳᠡᠭ ᠲᠦᠷᠦᠯ ᠵᠦᠢᠯ ᠢ | ᠬᠦᠷᠳᠡᠭᠰᠡᠳ ᠲᠤ ᠲᠣᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠤᠨ ᠠᠴᠠ ᠪᠠᠷᠢᠯᠭ᠎ᠠ ᠶᠢᠨ ᠲᠠᠯᠠᠪᠠᠢ ᠶᠢᠨ 0. | 80 ᠲᠦᠭᠦᠷᠢᠭ / ᠲᠡᠭᠰᠢ ᠳᠦᠷᠪᠡᠯᠵᠢᠨ ᠮᠧᠳ᠋ᠷ ᠤᠨ ᠪᠠᠷᠢᠮᠵᠢᠶ᠎ᠠ ᠪᠠᠷ ᠨᠢᠭᠡ ᠯᠡ ᠤᠳᠠᠭᠠᠨ ᠤ ᠴᠢᠨᠠᠷᠲᠠᠢ ᠱᠠᠩᠨᠠᠯ ᠢ | ᠣᠯᠭᠤᠬᠤ ᠬᠡᠷᠡᠭᠲᠡᠢ᠃ ᠠᠳᠠᠯ ᠠᠬᠤᠢ ᠶᠢᠨ ᠬᠠᠮᠢᠶᠠᠷᠤᠯᠲᠠ ᠶᠢᠨ ᠤᠯᠤᠰ ᠤᠨ ᠳᠡᠰ ᠤᠨ ᠵᠢᠱᠢᠶ᠎ᠡ ᠦᠵᠡᠭᠦᠯᠬᠦ | ᠲᠦᠷᠦᠯ ᠵᠦᠢᠯ ᠢ ᠬᠦᠷᠳᠡᠭᠰᠡᠳ ᠲᠤ ᠲᠣᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠤᠨ ᠠᠴᠠ | ᠪᠠᠷᠢᠯᠭ᠎ᠠ ᠶᠢᠨ ᠲᠠᠯᠠᠪᠠᠢ ᠶᠢᠨ 1.00 ᠲᠦᠭᠦᠷᠢᠭ / ᠲᠡᠭᠰᠢ ᠳᠦᠷᠪᠡᠯᠵᠢᠨ ᠮᠧᠳ᠋ᠷ ᠤᠨ ᠪᠠᠷᠢᠮᠵᠢᠶ᠎ᠠ ᠪᠠᠷ ᠨᠢᠭᠡ ᠯᠡ | ᠤᠳᠠᠭᠠᠨ ᠤ ᠴᠢᠨᠠᠷᠲᠠᠢ ᠱᠠᠩᠨᠠᠯ ᠢ ᠣᠯᠭᠤᠬᠤ ᠬᠡᠷᠡᠭᠲᠡᠢ᠃ ︵ᠲᠦᠷᠦᠭᠦᠯᠡᠬᠦ ᠨᠢᠭᠡᠴᠡ᠄ ᠬᠤᠰᠢᠭᠤᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ | ᠳᠠᠯᠠᠶᠢᠬᠦ᠋ᠪ ᠪᠠᠯᠭᠠᠰᠤ︶ | 16. ᠠᠵᠢᠯ ᠡᠷᠭᠢᠯᠡᠭᠰᠡᠳ ᠤᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢᠨ | ᠪᠣᠯᠪᠠᠰᠤᠷᠠᠭᠤᠯᠤᠯ ᠢ ᠳᠡᠭᠡᠭᠰᠢᠯᠡᠭᠦᠯᠵᠦ᠂ ᠠᠳᠠᠯ ᠠᠬᠤᠢ ᠶᠢᠨ ᠠᠵᠢᠯ ᠡᠷᠭᠢᠯᠡᠭᠰᠡᠳ ᠤᠨ ᠬᠡᠪ ᠴᠢᠨᠠᠷ ᠢ ᠲᠠᠰᠤᠷᠠᠯᠲᠠ | ᠦᠭᠡᠢ ᠵᠢᠷᠤᠮᠵᠢᠭᠤᠯᠬᠤ ᠪᠠ ᠦᠢᠯᠡᠴᠢᠯᠡᠭᠡᠨ ᠤ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠵᠦ᠂ ᠠᠳᠠᠯ ᠠᠬᠤᠢ ᠶᠢᠨ | ᠬᠠᠮᠢᠶᠠᠷᠤᠯᠲᠠ ᠶᠢᠨ ᠪᠣᠯᠪᠠᠰᠤᠷᠠᠭᠤᠯᠤᠯ᠂ ᠬᠠᠤᠯᠢ ᠴᠠᠭᠠᠵᠠ ᠶᠢᠨ ᠮᠡᠳᠡᠯᠭᠡ ᠶᠢᠨ ᠲᠠᠶᠢᠯᠤᠮᠵᠢ ᠬᠢᠬᠦ᠂ ᠰᠢᠯᠢᠳᠡᠭ ᠢ | ᠡᠭᠦᠳᠴᠦ ᠪᠠᠷᠢᠮᠵᠢᠶ᠎ᠠ ᠳᠤ ᠬᠦᠷᠭᠡᠬᠦ ᠮᠡᠷᠭᠡᠵᠢᠯ ᠴᠢᠳᠠᠪᠤᠷᠢ ᠶᠢᠨ ᠤᠷᠤᠯᠳᠤᠭᠠᠨ᠂ ᠲᠤᠬᠠᠢ ᠶᠢᠨ ᠲᠠᠯᠠᠪᠠᠢ ᠳᠤ | ᠲᠣᠭᠤᠷᠢᠨ ᠦᠵᠡᠬᠦ ᠵᠡᠷᠭᠡ ᠠᠵᠢᠯᠯᠠᠭ᠎ᠠ ᠶᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ᠂ ᠱᠠᠩᠨᠠᠵᠤ | ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠴᠠᠭ ᠲᠣᠬᠠᠢ ᠳᠤᠨᠢ ᠨᠠᠶᠢᠳᠠᠪᠤᠷᠢᠵᠢᠭᠤᠯᠤᠨ᠂ ᠰᠢᠯᠢᠳᠡᠭ ᠠᠵᠤ | ᠠᠬᠤᠶᠢᠯᠠᠯ ᠢ ᠪᠤᠶᠢᠵᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠠᠳᠠᠯ ᠠᠬᠤᠢ ᠶᠢᠨ ᠠᠵᠢᠯ ᠲᠥᠷᠥᠯ ᠤᠨ | ᠬᠥᠭᠵᠢᠯᠲᠡ ᠶᠢᠨ ᠶᠡᠷᠦᠩᠬᠡᠢ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠤᠨ᠎ᠠ᠃ ᠣᠷᠣᠨ ᠰᠠᠭᠤᠴᠠ ᠶᠢᠨ | ᠵᠢᠵᠢᠭ ᠲᠣᠭᠤᠷᠢᠭ ᠤᠨ ᠠᠳᠠᠯ ᠠᠬᠤᠶ ᠶᠢᠨ ᠪᠣᠯᠪᠠᠰᠤᠷᠠᠭᠤᠯᠤᠯ ᠤᠨ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ | ᠲᠤᠰᠬᠠᠶ ᠲᠤᠰᠢᠶᠠᠯᠳᠦ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠭᠤᠤᠯᠳᠠᠯᠭ᠎ᠠ ᠲᠠᠢ | ᠬᠡᠷᠡᠭᠵᠢᠭᠦᠯᠵᠦ᠂ ᠪᠣᠯᠪᠠᠰᠤᠷᠠᠭᠤᠯᠤᠯ ᠳᠤ ᠣᠷᠣᠯᠴᠠᠭᠰᠠᠨ ᠵᠢᠴᠢ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ | ᠭᠠᠷᠤᠭᠰᠠᠨ ᠪᠠᠶᠢᠳᠠᠯ ᠢ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠣᠨ ᠤ ᠰᠢᠯᠭᠠᠨ ᠦᠨᠡᠯᠡᠬᠦ | ᠴᠢᠬᠤᠯᠠ ᠭᠦᠢᠴᠡᠳᠬᠡᠯ ᠲᠤᠭ᠎ᠠ ᠳᠤ ᠣᠷᠣᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠰᠢᠭᠤᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ | ᠳᠠᠯᠠᠶᠢᠬᠦ᠋ᠪ ᠪᠠᠯᠭᠠᠰᠤ︶ | 17. ᠦᠢᠯᠡᠴᠢᠯᠡᠭᠡᠨ ᠤ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠠᠳᠠᠯ ᠠᠬᠤᠶ ᠶᠢᠨ ᠸᠢᠴᠠᠲ ᠤᠨ | ᠴᠤᠭᠯᠠᠷᠠᠯ ᠤᠨ ᠲᠦᠷᠢᠮ ᠢ ᠵᠢᠷᠤᠮᠵᠢᠭᠤᠯᠤᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ | ᠠᠳᠠᠯ ᠠᠬᠤᠢ ᠶᠢᠨ ᠦᠢᠯᠡᠴᠢᠯᠡᠭᠡᠨ ᠤ ᠣᠷᠣᠨ ᠪᠦᠰᠡ ᠶᠢᠨ ᠢᠯᠡᠷᠬᠡᠢ ᠣᠷᠣᠨ ᠪᠠᠶᠢᠷᠢ ᠳᠤ ᠠᠳᠠᠯ ᠠᠬᠤᠢ ᠶᠢᠨ | ᠦᠢᠯᠡᠴᠢᠯᠡᠭᠡᠨ ᠤ ᠮᠡᠳᠡᠭᠡ ᠵᠠᠩᠭᠢ ᠳᠤ ᠬᠢᠨᠠᠯᠲᠠ ᠲᠠᠯᠪᠢᠬᠤ ᠨᠡᠶᠢᠲᠡ ᠳᠤ ᠵᠠᠷᠯᠠᠬᠤ ᠰᠠᠮᠪᠠᠷ᠎ᠠ ᠭᠠᠷᠭᠠᠵᠤ᠂ ᠠᠳᠠᠯ | ᠠᠬᠤᠢ ᠶᠢᠨ ᠲᠦᠷᠦᠯ ᠵᠦᠢᠯ ᠤᠨ ᠬᠠᠷᠢᠭᠤᠴᠠᠯᠭᠠᠲᠠᠨ ᠤ ᠦᠨᠳᠦᠰᠦᠨ ᠪᠠᠶᠢᠳᠠᠯ᠂ ᠬᠠᠷᠢᠯᠴᠠᠬᠤ ᠠᠷᠭ᠎ᠠ ᠮᠠᠶ᠋ᠢᠭ ᠵᠢᠴᠢ | ᠠᠳᠠᠯ ᠠᠬᠤᠢ ᠶᠢᠨ ᠦᠢᠯᠡᠴᠢᠯᠡᠭᠡᠨ ᠤ ᠢᠯᠡᠴᠢᠯᠡᠨ ᠮᠡᠳᠡᠭᠦᠯᠬᠦ ᠳ᠋ᠢᠶᠠᠩᠬᠤᠸᠠ᠂ ᠠᠳᠠᠯ ᠠᠬᠤᠢ ᠶᠢᠨ ᠦᠢᠯᠡᠴᠢᠯᠡᠭᠡᠨ ᠤ | ᠠᠭᠤᠯᠭ᠎ᠠ ᠪᠠ ᠪᠠᠷᠢᠮᠵᠢᠶ᠎ᠠ᠂ ᠰᠦᠢᠳᠭᠡᠯ ᠬᠤᠷᠢᠶᠠᠬᠤ ᠲᠦᠷᠦᠯ ᠵᠦᠢᠯ ᠪᠠ ᠪᠠᠷᠢᠮᠵᠢᠶ᠎ᠠ᠂ ᠴᠠᠬᠢᠯᠭᠠᠨ ᠱᠠᠲᠤ ᠪᠠ ᠭᠠᠯ | ᠤᠨᠲᠠᠷᠠᠭᠠᠬᠤ ᠵᠡᠷᠭᠡ ᠪᠡᠯᠡᠳᠭᠡᠮᠵᠢ ᠲᠥᠬᠦᠭᠡᠷᠦᠮᠵᠢ ᠶᠢ ᠬᠠᠮᠠᠭᠠᠯᠠᠬᠤ ᠨᠢᠭᠡᠴᠡ ᠪᠠ ᠬᠠᠷᠢᠯᠴᠠᠬᠤ ᠠᠷᠭ᠎ᠠ ᠮᠠᠶ᠋ᠢᠭ ᠢ | ᠦᠨᠡᠨ ᠮᠦᠨ ᠢᠶᠠᠷ ᠨᠢ ᠨᠡᠶᠢᠲᠡᠯᠡᠬᠦ ᠶᠢᠨ ᠬᠠᠮᠲᠤ ᠴᠠᠭ ᠲᠣᠬᠠᠢ ᠳᠤᠨᠢ ᠰᠢᠨᠡᠳᠭᠡᠨ᠎ᠡ︔ ᠠᠳᠠᠯ ᠠᠬᠤᠢ ᠶᠢᠨ ᠵᠠᠷᠤᠳᠠᠯ | ᠪᠠ ᠥᠮᠴᠢᠲᠡᠨ ᠤ ᠬᠠᠮᠲᠤ ᠶᠢᠨ ᠪᠠᠶᠢᠭ᠎ᠠ ᠬᠡᠰᠡᠭ ᠡᠵᠡᠩᠨᠡᠯᠲᠡ ᠶᠢᠨ ᠠᠰᠢᠭ ᠣᠷᠣᠯᠭ᠎ᠠ ᠶᠢᠨ ᠣᠷᠣᠯᠭ᠎ᠠ ᠵᠠᠷᠤᠯᠭ᠎ᠠ ᠶᠢᠨ | ᠪᠠᠶᠢᠳᠠᠯ︔ ᠴᠠᠬᠢᠯᠭᠠᠨ ᠱᠠᠲᠤ ᠶᠢᠨ ᠠᠷᠠᠴᠢᠯᠠᠨ ᠬᠠᠮᠠᠭᠠᠯᠠᠬᠤ ᠵᠠᠷᠤᠯᠭ᠎ᠠ ᠶᠢᠨ ᠪᠠᠶᠢᠳᠠᠯ ᠵᠡᠷᠭᠡ ᠮᠡᠳᠡᠭᠡ ᠵᠠᠩᠭᠢ ᠶᠢ | ᠬᠠᠮᠲᠤ ᠳᠤᠨᠢ ᠥᠮᠴᠢᠲᠡᠨ ᠳᠤ ᠢᠯᠡ ᠨᠡᠶᠢᠲᠡᠯᠡᠬᠦ ᠠᠭᠤᠯᠭ᠎ᠠ ᠶᠢ ᠬᠡᠯᠡᠵᠦ ᠪᠣᠯᠣᠨ᠎ᠠ᠃ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠤᠳ ᠭᠡᠷ ᠠᠬᠤᠢ ᠶᠢᠨ ᠰᠡᠯᠪᠢᠨ ᠵᠠᠰᠠᠬᠤ ᠦᠢᠯᠡᠴᠢᠯᠡᠭᠡᠨ ᠤ ᠲᠤᠬᠠᠶᠢᠯᠠᠭᠰᠠᠨ | ᠠᠵᠢᠯ ᠢ ᠦᠷᠨᠢᠭᠦᠯᠬᠦ ᠠᠴᠠ ᠭᠠᠳᠠᠨ᠎ᠠ ᠢᠯᠡ ᠨᠡᠶᠢᠲᠡᠯᠡᠵᠦ᠂ ᠢᠯᠡ ᠨᠡᠶᠢᠲᠡᠯᠡᠬᠦ ᠦᠨ᠎ᠡ ᠬᠠᠩᠰᠢ ᠪᠠᠷ ᠰᠡᠯᠪᠢᠨ ᠵᠠᠰᠠᠬᠤ | ᠦᠢᠯᠡᠴᠢᠯᠡᠭᠡᠨ ᠤ ᠰᠦᠢᠳᠭᠡᠯ ᠬᠤᠷᠢᠶᠠᠬᠤ ᠬᠡᠷᠡᠭᠲᠡᠢ᠃ ᠠᠳᠠᠯ ᠠᠬᠤᠶ ᠶᠢᠨ ᠺᠣᠮᠫᠠᠨᠢ ᠨᠢ ︽ᠢᠨᠲ᠋ᠧᠷ ᠰᠦᠯᠵᠢᠶᠡᠨ ᠤ | ᠰᠦᠷᠦᠭᠵᠢᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠢ ᠴᠢᠩᠭ᠎ᠠ ᠵᠢᠷᠤᠮᠯᠠᠨ | ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢᠨ ᠦᠵᠡᠯ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠬᠡᠷᠡᠭᠯᠡᠭᠴᠢ ᠶᠢᠨ | ᠳᠠᠩᠰᠠᠯᠠᠭᠤᠯᠬᠤ᠂ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢ ᠪᠠᠶᠢᠭᠤᠯᠤᠨ ᠪᠦᠷᠢᠨᠰᠢᠬᠦᠯᠵᠦ᠂ ᠰᠦᠷᠦᠭᠵᠢᠯ ᠤᠨ | ᠪᠦᠷᠢᠯᠳᠦᠬᠦᠨ ᠦᠨᠡᠨ ᠨᠡᠷ᠎ᠡ ᠶᠢᠨ ᠲᠦᠷᠢᠮ ᠢ ᠬᠡᠷᠡᠭᠵᠢᠭᠦᠯᠦᠨ᠂ ᠣᠷᠣᠨ ᠰᠠᠭᠤᠴᠠ ᠶᠢᠨ ᠬᠡᠷᠡᠭᠯᠡᠭᠴᠢᠳ ︽ | ᠠᠰᠠᠷ ᠤᠨ ᠨᠣᠮᠧᠷ ᠤᠨ ᠨᠢᠭᠡᠴᠡ ᠶᠢᠨ ᠨᠣᠮᠧᠷ ᠤᠨ ᠣᠪᠣᠭᠲᠤ︾ ᠶᠢᠨ ᠬᠡᠯᠪᠡᠷᠢ ᠶᠢ ᠬᠡᠷᠡᠭᠯᠡᠵᠦ᠂ ᠠᠳᠠᠯ ᠠᠬᠤᠶ ᠶᠢᠨ | ᠺᠣᠮᠫᠠᠨᠢ ᠵᠢᠵᠢᠭ ᠲᠣᠭᠤᠷᠢᠭ ᠤᠨ ᠸᠢᠴᠠᠲ ᠤᠨ ᠴᠤᠭᠯᠠᠷᠠᠯ ᠤᠨ ᠵᠥᠪ ᠲᠠᠯ᠎ᠠ ᠶᠢᠨ ᠤᠬᠠᠭᠤᠯᠭ᠎ᠠ ᠶᠢᠨ ᠦᠢᠯᠡᠳᠦᠯ ᠢ | ᠰᠠᠶᠢᠲᠤᠷ ᠪᠠᠳᠠᠷᠠᠭᠤᠯᠤᠨ᠂ ᠠᠷᠠᠳ ᠲᠤ ᠲᠥᠬᠦᠮ ᠦᠵᠡᠭᠦᠯᠬᠦ ᠡᠯ᠎ᠡ ᠲᠥᠷᠥᠯ ᠤᠨ ᠮᠡᠳᠡᠭᠡ ᠵᠠᠩᠭᠢ᠂ ᠨᠡᠶᠢᠲᠡ ᠶᠢᠨ | ᠠᠰᠠᠷᠠᠮᠵᠢ ᠶᠢᠨ ᠤᠬᠠᠭᠤᠯᠭ᠎ᠠ ᠶᠢ ᠨᠡᠶᠢᠲᠡᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠵᠢᠵᠢᠭ ᠲᠣᠭᠤᠷᠢᠭ ᠤᠨ ᠰᠠᠭᠤᠭᠠᠯᠢ ᠠᠷᠠᠳ ᠤᠨ ᠰᠦᠷᠦᠭᠵᠢᠯ ᠤᠨ ᠳᠣᠲᠣᠷ᠎ᠠ ᠲᠤᠰᠬᠠᠭᠰᠠᠨ ᠵᠦᠶ ᠵᠣᠬᠢᠰᠲᠠᠶ ᠬᠦᠰᠡᠯ | ᠱᠠᠭᠠᠷᠳᠠᠯᠭ᠎ᠠ ᠪᠠ ᠵᠦᠶ ᠵᠣᠬᠢᠰ ᠥᠬᠡᠶ ᠭᠤᠮᠣᠳᠠᠯ ᠱᠠᠭᠠᠷᠳᠠᠯᠭ᠎ᠠ ᠶᠢ ᠲᠠᠶᠢᠯᠪᠤᠷᠢᠯᠠᠬᠤ ᠠᠵᠢᠯ ᠢ ᠴᠠᠭ ᠲᠤᠬᠠᠶ ᠳᠤᠨᠢ | ᠠᠩᠬᠠᠷᠤᠨ ᠰᠢᠢᠳᠪᠦᠷᠢᠯᠡᠬᠦ ᠬᠡᠷᠡᠭᠲᠡᠶ᠃ ︵ᠲᠦᠷᠦᠭᠦᠯᠡᠬᠦ ᠨᠢᠭᠡᠴᠡ᠄ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠳᠠᠯᠠᠶᠢᠬᠦ᠋ᠪ ᠪᠠᠯᠭᠠᠰᠤ︶ | ︵ᠨᠠᠢᠮᠠ︶ ᠵᠢᠬᠤᠷᠠᠯᠳᠤᠭᠠ ᠶᠢ ᠡᠶᠡᠳᠡᠭᠦᠯᠬᠦ ᠲᠤᠭᠲᠠᠴᠠ᠃ | 18. ᠠᠳᠠᠯ ᠠᠬᠤᠶ ᠶᠢᠨ ᠵᠢᠭᠤᠷᠠᠯᠳᠤᠭᠠᠨ ᠢ ᠡᠶᠡᠳᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠨᠡᠶᠢᠭᠡᠮ ᠲᠣᠭᠤᠷᠢᠭ ᠲᠤ ᠠᠳᠠᠯ ᠠᠬᠤᠶ ᠶᠢᠨ ᠬᠠᠮᠢᠶᠠᠷᠤᠯᠲᠠ ᠶᠢᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ | ᠠᠵᠢᠯ ᠤᠨ ᠲᠠᠰᠤᠭ ᠪᠠᠶᠢᠭᠤᠯᠵᠤ᠂ ᠠᠳᠠᠯ ᠠᠬᠤᠶ ᠶᠢᠨ ᠵᠢᠭᠤᠷᠠᠯᠳᠤᠭᠠᠨ ᠤ ᠲᠤᠰᠬᠠᠶ ᠲᠤᠰᠢᠶᠠᠯᠲᠤ | ᠡᠶᠡᠳᠡᠭᠦᠯᠦᠭᠴᠢ ᠶᠢᠨ ᠠᠵᠢᠯ ᠤᠨ ᠪᠠᠶᠢᠷᠢ ᠶᠢ ᠤᠷᠢᠳᠴᠢᠯᠠᠨ ᠪᠠᠶᠢᠭᠤᠯᠵᠤ᠂ ᠲᠥᠪ ᠭᠤᠤᠯᠴᠢ᠂ ᠣᠯᠠᠨ ᠲᠦᠮᠡᠨ ᠤ | ᠨᠡᠷ᠎ᠡ ᠬᠦᠨᠳᠦ ᠪᠠᠷ ᠥᠨᠳᠥᠷ ᠨᠡᠶᠢᠭᠡᠮ ᠤᠨ ᠬᠥᠮᠦᠰ ᠢ ᠤᠷᠢᠵᠤ ︽ᠣᠨᠴᠠ ᠤᠷᠢᠭᠰᠠᠨ ᠡᠶᠡᠳᠡᠭᠦᠯᠦᠭᠴᠢ︾ ᠪᠣᠯᠭᠠᠵᠤ | ᠡᠶᠡᠳᠡᠭᠦᠯᠦᠭᠴᠢ ᠶᠢᠨ ᠡᠩᠨᠡᠭᠡᠨ ᠳᠤ ᠣᠷᠣᠭᠤᠯᠵᠤ᠂ ᠬᠠᠤᠯᠢ ᠴᠠᠭᠠᠵᠠ᠂ ᠠᠳᠠᠯ ᠠᠬᠤᠶ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠵᠡᠷᠭᠡ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠰᠠᠯᠠᠭ᠎ᠠ ᠮᠥᠴᠢᠷ ᠤᠨ ᠲᠤᠰᠬᠠᠶ | ᠮᠡᠷᠭᠡᠵᠢᠯ ᠤᠨ ᠠᠵᠢᠯᠲᠠᠨ ᠢ ᠣᠷᠣᠭᠤᠯᠤᠨ ᠲᠤᠰᠬᠠᠶ ᠮᠡᠷᠭᠡᠵᠢᠯᠲᠡᠨ ᠤ ᠠᠰᠠᠭᠤᠨ ᠯᠠᠪᠯᠠᠬᠤ ᠬᠥᠮᠥᠷᠭᠡ ᠪᠠᠶᠢᠭᠤᠯᠵᠤ᠂ | ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠥᠷᠨᠢᠭᠦᠯᠦᠨ᠎ᠡ᠃ ᠠᠷᠠᠳ ᠤᠨ ᠡᠶᠡᠳᠡᠭᠦᠯᠭᠡ ᠶᠢᠨ ᠢᠳᠡᠪᠬᠢ ᠦᠢᠯᠡᠳᠦᠯ ᠢ | ᠭᠦᠢᠴᠡᠳ ᠪᠠᠳᠠᠷᠠᠭᠤᠯᠤᠨ᠂ ᠣᠯᠠᠨ ᠲᠦᠮᠡᠨ ᠤ ᠠᠰᠢᠭ ᠲᠤᠰᠠ ᠶᠢᠨ ᠭᠤᠮᠣᠳᠠᠯ ᠲᠣᠭᠠᠴᠢᠬᠤ ᠠᠷᠭ᠎ᠠ ᠵᠠᠮ ᠢ ᠰᠠᠭᠠᠳ | ᠦᠭᠡᠶ ᠨᠡᠪᠲᠡᠷᠡᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠵᠢᠭᠤᠷᠠᠯᠳᠤᠭᠠᠨ ᠢ ᠬᠠᠤᠯᠢ ᠶᠣᠰᠣᠭᠠᠷ᠂ ᠴᠠᠭ | ᠲᠤᠬᠠᠶ ᠳᠤᠨᠢ᠂ ᠪᠦᠲᠦᠮᠵᠢᠲᠡᠶ ᠪᠠᠷ ᠦᠨᠳᠦᠰᠦᠨ ᠱᠠᠲᠤᠨ ᠳᠤ ᠠᠷᠢᠯᠭᠠᠬᠤ ᠬᠡᠷᠡᠭᠲᠡᠶ᠃ ᠥᠮᠴᠢᠲᠡᠨ ᠪᠠ ᠠᠳᠠᠯ | ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠬᠠᠮᠠᠭᠠᠯᠠᠵᠤ᠂ ︽ᠠᠳᠠᠯ ᠠᠬᠤᠢ ᠶᠢᠨ ᠵᠢᠭᠤᠷᠠᠯᠳᠤᠭᠠᠨ ᠢ ᠨᠡᠶᠢᠭᠡᠮ ᠲᠣᠭᠤᠷᠢᠭ ᠠᠴᠠ ᠭᠠᠷᠭᠠᠬᠤ ᠦᠭᠡᠢ︾ ᠪᠠᠷ | ᠴᠢᠷᠮᠠᠶᠢᠵᠤ᠂ ᠡᠶ᠎ᠡ ᠵᠣᠬᠢᠴᠠᠯ ᠲᠠᠢ ᠠᠮᠤᠷ ᠠᠮᠤᠭᠤᠯᠠᠩ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ | ᠪᠣᠯᠭᠠᠨ᠎ᠠ᠃ ︵ᠲᠦᠷᠦᠭᠦᠯᠡᠬᠦ ᠨᠢᠭᠡᠴᠡ᠄ ᠳᠠᠯᠠᠶᠢᠬᠦ᠋ᠪ ᠪᠠᠯᠭᠠᠰᠤ᠂ ᠬᠠᠮᠵᠢᠯᠴᠠᠬᠤ ᠨᠢᠭᠡᠴᠡ᠄ ᠬᠤᠰᠢᠭᠤᠨ ᠤ | ᠠᠷᠠᠳ ᠤᠨ ᠰᠢᠭᠦᠬᠦ ᠬᠤᠷᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ︶᠃ | ︵ᠶᠢᠰᠦ︶ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢ ᠬᠢᠨᠠᠨ ᠬᠠᠮᠢᠶᠠᠷᠬᠤ ᠪᠠ | ᠬᠡᠷᠡᠭᠯᠡᠬᠦ ᠬᠢᠷᠢ ᠬᠡᠮᠵᠢᠶ᠎ᠡ ᠶᠢ ᠴᠢᠩᠭᠠᠳᠬᠠᠨ᠎ᠠ᠃ | 19. ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠬᠠᠮᠢᠶᠠᠷᠤᠯᠲᠠ ᠶᠢ | ᠴᠢᠩᠭᠠᠳᠬᠠᠬᠤ ᠪᠠ ᠬᠡᠷᠡᠭᠯᠡᠬᠦ ᠶᠠᠪᠤᠴᠠ ᠶᠢ ᠳᠥᠭᠦᠮᠴᠢᠯᠡᠬᠦ ᠬᠡᠷᠡᠭᠲᠡᠶ᠃ ︽ᠣᠷᠣᠨ ᠰᠠᠭᠤᠴᠠ ᠶᠢ ᠲᠤᠰᠬᠠᠶᠢᠯᠠᠨ | ᠰᠡᠯᠪᠢᠨ ᠵᠠᠰᠠᠬᠤ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠢ ᠦᠨᠳᠦᠰᠦᠯᠡᠨ᠂ | ᠰᠡᠯᠪᠢᠨ ᠵᠠᠰᠠᠬᠤ ᠪᠡᠯᠡ ᠮᠥᠩᠭᠦ ᠶᠢᠨ ᠪᠠᠩᠬᠢ ᠶᠢᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠣᠯᠤᠭᠰᠠᠨ | ᠪᠠᠩᠬᠢ ᠶᠢᠨ ᠰᠡᠯᠪᠢᠨ ᠵᠠᠰᠠᠬᠤ ᠪᠡᠯᠡ ᠮᠥᠩᠭᠦ ᠶᠢᠨ ᠬᠢᠨᠠᠨ ᠬᠠᠮᠢᠶᠠᠷᠬᠤ ᠳᠠᠩᠰᠠᠨ ᠡᠷᠦᠬᠡ ᠨᠡᠭᠡᠭᠡᠬᠦ ᠶᠠᠪᠤᠳᠠᠯ ᠢ | ᠪᠡᠶᠡᠯᠡᠭᠦᠯᠵᠦ᠂ ᠰᠡᠯᠪᠢᠨ ᠵᠠᠰᠠᠬᠤ ᠪᠡᠯᠡ ᠮᠥᠩᠭᠦ ᠶᠢᠨ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠬᠠᠮᠢᠶᠠᠷᠤᠯᠲᠠ ᠶᠢ | ᠠᠯᠬᠤᠮ ᠠᠯᠬᠤᠮ ᠢᠶᠠᠷ ᠪᠡᠶᠡᠯᠡᠭᠦᠯᠦᠨ᠂ ᠥᠮᠴᠢᠲᠡᠨ ᠤ ᠡᠭᠦᠳᠡᠨ ᠨᠣᠮᠧᠷ ᠶᠣᠰᠣᠭᠠᠷ ᠡᠷᠦᠬᠡ ᠬᠤᠪᠢᠶᠠᠨ | ᠳᠠᠩᠰᠠᠯᠠᠬᠤ ᠶᠢ ᠵᠡᠷᠭᠡ ᠳᠤᠨᠢ ᠪᠠᠶᠢᠭᠤᠯᠵᠤ᠂ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠬᠤᠷᠢᠶᠠᠨ ᠠᠪᠬᠤ᠂ | ᠬᠠᠳᠠᠭᠠᠯᠠᠬᠤ᠂ ᠬᠡᠷᠡᠭᠯᠡᠬᠦ ᠪᠠ ᠪᠠᠶᠢᠴᠠᠭᠠᠨ ᠯᠠᠪᠯᠠᠬᠤ ᠶᠢ ᠨᠢᠭᠡᠳᠦᠯᠲᠡᠶ ᠬᠠᠮᠢᠶᠠᠷᠤᠨ᠎ᠠ᠃ ᠬᠡᠷᠡᠭᠯᠡᠬᠦ ᠶᠠᠪᠤᠴᠠ ᠶᠢ | ᠳᠥᠭᠦᠮᠴᠢᠯᠡᠵᠦ᠂ ᠰᠡᠯᠪᠢᠨ ᠵᠠᠰᠠᠬᠤ ᠪᠠᠯᠠ ᠮᠥᠩᠭᠦ ᠶᠢᠨ ᠬᠡᠷᠡᠭᠯᠡᠯᠲᠡ ᠶᠢ ᠠᠳᠠᠯ ᠠᠬᠤᠶ ᠶᠢᠨ ᠬᠠᠮᠢᠶᠠᠷᠤᠯᠲᠠ ᠶᠢᠨ | ᠨᠢᠭᠡᠴᠡ᠂ ᠥᠮᠴᠢᠲᠡᠨ ᠤ ᠵᠥᠪᠯᠡᠯ ᠪᠤᠶᠤ ᠬᠠᠮᠢᠶ᠎ᠠ ᠪᠥᠬᠦᠶ ᠥᠮᠴᠢᠲᠡᠨ ᠠᠴᠠ ᠭᠤᠶᠤᠴᠢᠯᠠᠯ ᠭᠠᠷᠭᠠᠵᠤ᠂ ᠬᠡᠷᠡᠭᠯᠡᠬᠦ | ᠲᠥᠰᠦᠯ ᠢ ᠬᠠᠮᠲᠤ ᠪᠠᠷ ᠶᠠᠷᠢᠯᠴᠠᠬᠤ᠂ ᠪᠢᠴᠢᠭ ᠢᠶᠠᠷ ᠭᠠᠷ ᠤᠨ ᠥᠰᠥᠭ ᠵᠢᠷᠤᠬᠤ᠂ ᠡᠯᠧᠺᠳ᠋ᠷᠣᠨ ᠪᠢᠯᠧᠲ ᠥᠭᠬᠦ | ᠵᠡᠷᠭᠡ ᠬᠡᠯᠪᠡᠷᠢ ᠪᠠᠷ ᠥᠮᠴᠢᠲᠡᠨ ᠤ ᠰᠠᠨᠠᠯ ᠪᠠ ᠪᠠᠲᠤᠯᠠᠯᠲᠠ ᠬᠢᠵᠦ ᠪᠣᠯᠤᠨ᠎ᠠ᠃ ︵ᠲᠦᠷᠦᠭᠦᠯᠡᠬᠦ ᠨᠢᠭᠡᠴᠡ᠄ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ | ᠳᠠᠯᠠᠶᠢᠬᠦ᠋ᠪ ᠪᠠᠯᠭᠠᠰᠤ︶ | ︵ᠠᠷᠪᠠ︶ ᠠᠳᠠᠯ ᠠᠬᠤᠢ ᠶᠢᠨ ᠰᠦᠢᠳᠬᠡᠯ ᠢ ᠢᠯᠭᠠᠷᠠᠭᠤᠯᠤᠨ ᠲᠤᠰᠢᠶᠠᠬᠤ ᠡᠷᠴᠢᠮ ᠢ ᠴᠢᠩᠭᠠᠷᠠᠭᠤᠯᠤᠨ᠎ᠠ᠃ | 20. ᠠᠳᠠᠯ ᠠᠬᠤᠶ ᠶᠢᠨ ᠵᠠᠷᠤᠳᠠᠯ ᠢ ᠢᠯᠭᠠᠷᠠᠭᠤᠯᠤᠨ ᠲᠤᠰᠢᠶᠠᠬᠤ ᠦᠢᠯᠡ ᠠᠵᠢᠯᠯᠠᠭ᠎ᠠ ᠶᠢ ᠶᠡᠬᠡᠪᠡᠷ | ᠴᠡᠭᠴᠡᠯᠡᠨ ᠵᠠᠰᠠᠬᠤ ᠬᠡᠷᠡᠭᠲᠡᠶ᠃ ᠣᠳᠣᠬᠠᠨ ᠳᠤ ᠪᠦᠬᠦ ᠬᠤᠰᠢᠭᠤᠨ ᠤ ᠠᠳᠠᠯ ᠠᠬᠤᠢ ᠶᠢᠨ ᠰᠦᠢᠳᠬᠡᠯ ᠥᠷᠢᠲᠦᠵᠦ | ᠪᠠᠶᠢᠭ᠎ᠠ ᠪᠠᠶᠢᠳᠠᠯ ᠨᠡᠶᠢᠳᠡᠮ ᠪᠠᠶᠢᠵᠤ᠂ ᠵᠣᠬᠢᠬᠤ ᠨᠡᠶᠢᠭᠡᠮ ᠤᠨ ᠨᠠᠵᠠᠭᠠᠶ ᠨᠥᠯᠥᠭᠡ ᠶᠢ ᠪᠣᠢ ᠪᠣᠯᠭᠠᠵᠤ᠂ ᠰᠦᠢᠳᠬᠡᠯ | ᠥᠷᠢᠲᠦᠵᠦ ᠪᠠᠶᠢᠭ᠎ᠠ ᠠᠰᠠᠭᠤᠳᠠᠯ ᠢ ᠬᠤᠷᠢᠭᠯᠠᠵᠤ᠂ ᠠᠳᠠᠯ ᠠᠬᠤᠢ ᠶᠢᠨ ᠬᠠᠮᠢᠶᠠᠷᠤᠯᠲᠠ ᠶᠢ ᠦᠷᠭᠦᠯᠵᠢᠯᠡᠭᠦᠯᠦᠨ | ᠬᠥᠭᠵᠢᠭᠦᠯᠬᠦ ᠶᠢ ᠲᠦᠯᠬᠢᠨ ᠠᠬᠢᠭᠤᠯᠬᠤ ᠶᠢᠨ ᠲᠥᠯᠥᠭᠡ᠂ ᠠᠳᠠᠯ ᠠᠬᠤᠢ ᠶᠢᠨ ᠵᠠᠷᠤᠳᠠᠯ ᠤᠨ ᠥᠷᠢ ᠰᠢᠷᠢ ᠶᠢ | ᠢᠯᠭᠠᠷᠠᠭᠤᠯᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ︽ᠥᠮᠴᠢᠲᠡᠨ ᠤ ᠠᠳᠠᠯ ᠠᠬᠤᠢ ᠶᠢᠨ ᠵᠠᠷᠤᠳᠠᠯ ᠢ | ᠢᠯᠭᠠᠷᠠᠭᠤᠯᠤᠨ ᠲᠤᠰᠢᠶᠠᠬᠤ ᠶᠢ ᠰᠠᠨᠠᠭᠠᠴᠢᠯᠠᠬᠤ ᠰᠠᠨᠠᠭᠠᠴᠢᠯᠠᠭ᠎ᠠ ᠶᠢᠨ ᠪᠢᠴᠢᠭ︾ ᠢ ᠨᠡᠶᠢᠲᠡᠯᠡᠵᠦ᠂ ᠠᠳᠠᠯ | ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠵᠢᠯᠣᠭᠤᠳᠤᠨ ᠤᠯᠠᠨ ᠵᠦᠢᠯ ᠤᠨ ᠤᠬᠠᠭᠤᠯᠭ᠎ᠠ ᠶᠢᠨ ᠬᠡᠯᠪᠡᠷᠢ ᠪᠠᠷ | ᠳᠠᠮᠵᠢᠭᠤᠯᠤᠨ᠂ ᠥᠷᠭᠡᠨ ᠤᠯᠠᠨ ᠥᠮᠴᠢᠲᠡᠨ ᠢ ᠬᠥᠲᠥᠯᠥᠨ ᠵᠢᠯᠣᠭᠤᠳᠴᠤ ᠪᠠᠶᠢᠭᠠᠳ ᠠᠳᠠᠯ ᠠᠬᠤᠢ ᠶᠢᠨ | ᠵᠠᠷᠤᠳᠠᠯ ᠢ ᠨᠢ ᠥᠪᠡᠰᠦᠪᠡᠨ ᠢᠯᠭᠠᠷᠠᠭᠤᠯᠤᠨ ᠲᠤᠰᠢᠶᠠᠯᠭᠠᠬᠤ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠰᠦᠢᠳᠬᠡᠯ | ᠲᠤᠰᠢᠶᠠᠬᠤ ᠶᠢ ᠢᠳᠡᠪᠬᠢᠲᠡᠢ ᠰᠠᠨᠠᠭᠠᠴᠢᠯᠠᠪᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠵᠥᠪᠯᠡᠯ᠂ | ᠥᠮᠴᠢᠲᠡᠨ ᠤ ᠵᠥᠪᠯᠡᠯ ᠨᠢ ᠠᠳᠠᠯ ᠠᠬᠤᠶ ᠶᠢᠨ ᠰᠦᠢᠳᠬᠡᠯ ᠢ ᠰᠢᠮᠳᠠᠭᠤᠯᠤᠨ ᠲᠤᠰᠢᠶᠠᠬᠤ ᠶᠢ ᠢᠳᠡᠪᠬᠢᠲᠡᠶ | ᠵᠣᠬᠢᠴᠠᠭᠤᠯᠵᠤ᠂ ᠰᠦᠢᠳᠬᠡᠯ ᠬᠤᠷᠢᠶᠠᠬᠤ ᠵᠥᠷᠢᠴᠡᠯ ᠢ ᠢᠳᠡᠪᠬᠢᠲᠡᠶ ᠪᠠᠷ ᠠᠷᠢᠯᠭᠠᠬᠤ᠂ ᠰᠦᠢᠳᠬᠡᠯ ᠥᠷᠢᠲᠦᠵᠦ | ᠪᠠᠶᠢᠭ᠎ᠠ ᠰᠦᠢᠳᠬᠡᠯ ᠢ ᠢᠯᠭᠠᠷᠠᠭᠤᠯᠤᠨ ᠲᠤᠰᠢᠶᠠᠬᠤ ᠠᠷᠭ᠎ᠠ ᠵᠠᠮ ᠢ ᠵᠢᠷᠤᠮᠵᠢᠭᠤᠯᠬᠤ ᠪᠠᠷ ᠳᠠᠮᠵᠢᠭᠤᠯᠤᠨ᠂ | ᠥᠮᠴᠢᠲᠡᠨ ᠢ ᠬᠥᠲᠥᠯᠥᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠲᠤᠰᠢᠶᠠᠯᠭᠠᠨ᠎ᠠ᠃ ᠵᠢᠭᠤᠷᠠᠯᠳᠤᠭᠠᠨ | ᠣᠷᠣᠰᠢᠵᠤ ᠪᠠᠶᠢᠭ᠎ᠠ ᠪᠤᠶᠤ ᠮᠠᠭᠤ ᠰᠠᠨᠠᠭ᠎ᠠ ᠲᠠᠢ ᠪᠠᠷ ᠲᠤᠰᠢᠶᠠᠭᠠᠳᠤᠶ ᠪᠠᠶᠢᠳᠠᠯ ᠳᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠵᠣᠬᠢᠴᠠᠭᠤᠯᠤᠨ ᠲᠦᠷᠭᠡᠨ ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ ᠲᠣᠭᠲᠠᠴᠠ ᠵᠢᠴᠢ ᠳᠥᠭᠦᠮ | ᠵᠠᠷᠭᠤ ᠶᠢᠨ ᠳᠡᠰ ᠳᠠᠷᠠᠭᠠᠯᠠᠯ ᠢ ᠪᠠᠶᠢᠭᠤᠯᠵᠤ᠂ ᠲᠦᠷᠭᠡᠨ ᠰᠢᠶ᠋ᠳᠪᠦᠷᠢᠯᠡᠬᠦ ᠬᠡᠷᠡᠭᠲᠡᠶ᠃ ᠢᠯᠭᠠᠷᠠᠭᠤᠯᠤᠨ ᠲᠤᠰᠢᠶᠠᠬᠤ | ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠮᠥᠨ ᠯᠡ ᠠᠳᠠᠯ ᠠᠬᠤᠶ ᠶᠢᠨ ᠵᠠᠷᠤᠳᠠᠯ ᠲᠤᠰᠢᠶᠠᠬᠤ ᠦᠭᠡᠶ ᠪᠠᠶᠢᠵᠤ᠂ | ᠴᠢᠬᠤᠯᠠ ᠲᠠᠢ ᠦ᠊ ᠡᠶ᠎ᠡ ᠳᠤ ᠬᠠᠤᠯᠢ ᠴᠠᠭᠠᠵᠠ ᠶᠢᠨ ᠵᠠᠷᠭᠤ ᠬᠢᠵᠦ ᠨᠡᠬᠡᠮᠵᠢᠯᠡᠨ ᠲᠤᠰᠢᠶᠠᠯᠭᠠᠬᠤ ᠬᠡᠷᠡᠭᠲᠡᠶ᠃ ︵ | ᠲᠦᠷᠦᠭᠦᠯᠡᠬᠦ ᠨᠢᠭᠡᠴᠡ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠳᠠᠯᠠᠶᠢᠬᠦ᠋ᠪ ᠪᠠᠯᠭᠠᠰᠤ᠂ ᠰᠢᠭᠦᠬᠦ ᠬᠤᠷᠢᠶ᠎ᠠ︶ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠤᠯᠭ᠎ᠠ ᠪᠠᠨ ᠴᠢᠩᠭᠠᠳᠬᠠᠵᠤ᠃ ᠠᠳᠠᠯ | ᠠᠬᠤᠶ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠴᠠᠭ ᠲᠤᠬᠠᠶ ᠳᠤᠨᠢ ᠲᠡᠭᠦᠯᠳᠡᠷᠵᠢᠭᠦᠯᠦᠨ ᠲᠣᠬᠢᠷᠠᠭᠤᠯᠵᠤ᠂ | ᠴᠡᠭᠴᠡᠯᠡᠨ ᠵᠠᠰᠠᠬᠤ ᠲᠥᠰᠦᠯ ᠢ ᠲᠣᠭᠲᠠᠭᠠᠨ᠂ ᠲᠤᠰᠬᠠᠶ ᠰᠡᠳᠦᠪ ᠢᠶᠠᠷ ᠰᠤᠳᠤᠯᠵᠤ᠂ ᠬᠠᠮᠲᠤᠷᠠᠭᠰᠠᠨ ᠬᠤᠷᠠᠯ ᠤᠨ | ᠳᠦᠷᠢᠮ ᠢ ᠪᠠᠶᠢᠭᠤᠯᠤᠨ᠂ ᠠᠳᠠᠯ ᠠᠬᠤᠶ ᠶᠢᠨ ᠬᠠᠮᠢᠶᠠᠷᠤᠯᠲᠠ ᠶᠢᠨ ᠬᠠᠤᠯᠢ ᠳᠦᠷᠢᠮ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠲᠣᠭᠲᠠᠴᠠ ᠶᠢᠨ | ᠪᠠᠶᠢᠭᠤᠯᠤᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠢ | ᠴᠢᠩᠭᠠᠳᠬᠠᠬᠤ ᠪᠠ ᠰᠠᠶᠢᠵᠢᠷᠠᠭᠤᠯᠬᠤ ᠳᠤ ᠪᠠᠲᠤ ᠴᠢᠩᠭ᠎ᠠ ᠬᠦᠴᠦᠨ ᠪᠦᠬᠦᠢ ᠪᠠᠶᠢᠭᠤᠯᠤᠯ ᠲᠣᠭᠲᠠᠴᠠ ᠶᠢᠨ | ᠪᠠᠲᠤᠯᠠᠭ᠎ᠠ ᠪᠠ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠵᠤ᠂ ᠠᠳᠠᠯ ᠠᠬᠤᠶ ᠶᠢᠨ ᠬᠠᠮᠢᠶᠠᠷᠤᠯᠲᠠ ᠶᠢ | ᠴᠢᠩᠭᠠᠳᠬᠠᠬᠤ ᠪᠠ ᠰᠠᠶᠢᠵᠢᠷᠠᠭᠤᠯᠬᠤ ᠠᠵᠢᠯ ᠳᠤ ᠯᠠᠪᠳᠠᠭᠤᠨ ᠪᠠᠲᠤᠲᠠᠶ ᠦᠷ᠎ᠡ ᠪᠦᠲᠦᠮᠵᠢ ᠣᠯᠬᠤ ᠶᠢ ᠦᠨᠡᠨᠬᠦ | ᠪᠠᠲᠤᠯᠠᠬᠤ ᠬᠡᠷᠡᠭᠲᠡᠶ᠃ | ︵ᠬᠤᠶᠠᠷ︶ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠳᠠᠯ ᠠᠬᠤᠶ ᠶᠢᠨ | ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠵᠢᠵᠢᠭ ᠲᠣᠭᠤᠷᠢᠭ ᠤᠨ | ᠠᠳᠠᠯ ᠠᠬᠤᠶ ᠶᠢᠨ ᠡᠳᠦᠷ ᠲᠤᠲᠤᠮ ᠤᠨ ᠬᠢᠨᠠᠯᠲᠠ ᠲᠠᠯᠪᠢᠬᠤ᠂ ᠵᠢᠯᠣᠭᠤᠳᠬᠤ᠂ ᠵᠣᠬᠢᠴᠠᠭᠤᠯᠬᠤ ᠪᠠ ᠵᠥᠷᠢᠴᠡᠯ | ᠵᠢᠭᠤᠷᠠᠯᠳᠤᠭᠠᠨ ᠢ ᠰᠢᠢᠳᠪᠦᠷᠢᠯᠡᠬᠦ ᠶᠢ ᠴᠢᠩᠭᠠᠳᠬᠠᠵᠤ᠂ ᠬᠠᠮᠢᠶ᠎ᠠ ᠪᠥᠬᠦᠶ ᠠᠵᠢᠯ ᠤᠨ ᠲᠣᠭᠲᠠᠴᠠ ᠶᠢ ᠪᠦᠷᠢᠨᠰᠢᠭᠦᠯᠬᠦ | ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠡ ᠨᠦᠭᠦᠳ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠵᠤ᠂ | ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠵᠠᠳᠠᠯᠵᠤ᠂ ᠠᠷᠭᠠᠴᠠᠬᠤ ᠪᠣᠳᠣᠯᠭ᠎ᠠ ᠶᠢ ᠰᠤᠳᠤᠯᠤᠨ᠂ | ᠴᠢᠩᠭ᠎ᠠ ᠬᠦᠴᠦᠲᠡᠶ ᠠᠷᠭ᠎ᠠ ᠬᠡᠮᠵᠢᠶ᠎ᠡ ᠠᠪᠴᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠣᠳᠣᠷᠬᠠᠶᠢᠯᠠᠨ᠂ | ᠦᠨᠡᠨᠬᠦ ᠶᠠᠪᠤᠭᠳᠠᠭᠤᠰᠢᠲᠠᠶ ᠠᠵᠢᠯ ᠤᠨ ᠲᠥᠰᠦᠯ ᠲᠣᠭᠲᠠᠭᠠᠵᠤ᠂ ᠨᠢᠭᠡ ᠪᠦᠯᠦᠭ ᠠᠮᠢᠳᠤᠷᠠᠯ ᠢ ᠬᠠᠷᠰᠢᠯᠠᠭᠰᠠᠨ᠂ | ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ᠂ ᠠᠳᠠᠯ ᠠᠬᠤᠶ ᠶᠢᠨ ᠬᠠᠮᠢᠶᠠᠷᠤᠯᠲᠠ ᠶᠢᠨ | ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠦᠯᠲᠡ᠂ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ | ᠵᠡᠷᠭᠡ ᠨᠢᠭᠡᠴᠢ ᠠᠴᠠ ᠬᠠᠤᠯᠢ ᠬᠡᠷᠡᠭᠵᠢᠭᠦᠯᠬᠦ ᠪᠠ ᠤᠬᠠᠭᠤᠯᠵᠤ᠂ ᠵᠢᠵᠢᠭ ᠲᠣᠭᠤᠷᠢᠭ ᠲᠤ ᠣᠷᠣᠭᠤᠯᠤᠨ᠂ ᠵᠠᠬᠢᠳᠠᠯ | ᠰᠤᠷᠪᠤᠯᠵᠢᠯᠠᠯ ᠤᠨ ᠰᠢᠨ᠎ᠡ ᠵᠥᠷᠢᠴᠡᠯ ᠡᠭᠦᠰᠬᠦ ᠶᠢ ᠪᠦᠲᠦᠮᠵᠢᠲᠡᠶ ᠠᠷᠢᠯᠭᠠᠬᠤ ᠪᠠ ᠪᠠᠭᠠᠰᠬᠠᠵᠤ᠂ ᠣᠯᠠᠨ ᠲᠦᠮᠡᠨ ᠪᠠ | ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠤᠯᠢ ᠶᠣᠰᠣᠨ ᠤ ᠠᠰᠢᠭ ᠲᠤᠰᠠ ᠶᠢ ᠬᠠᠤᠯᠢ ᠶᠣᠰᠣᠭᠠᠷ | ᠬᠠᠮᠠᠭᠠᠯᠠᠨ᠎ᠠ᠃ | ︵ᠭᠤᠷᠪᠠ︶ ᠨᠢᠭᠲᠠ ᠬᠠᠮᠵᠢᠯᠴᠠᠵᠤ ᠰᠢᠮᠳᠠᠭᠤᠯᠤᠨ ᠪᠠᠶᠢᠴᠠᠭᠠᠬᠤ ᠶᠢ ᠴᠢᠩᠳᠠᠯᠠᠨ᠎ᠠ᠃ ᠣᠯᠠᠨ ᠰᠠᠯᠠᠭ᠎ᠠ | ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠭᠰᠠᠨ ᠬᠤᠲᠠ ᠪᠠᠶᠢᠭᠤᠯᠬᠤ ᠠᠰᠠᠭᠤᠳᠠᠯ ᠪᠠ ᠵᠠᠬᠢᠳᠠᠯ | ᠰᠤᠷᠪᠤᠯᠵᠢᠯᠠᠯ ᠤᠨ ᠵᠥᠷᠢᠴᠡᠯ ᠤᠨ ᠠᠰᠠᠭᠤᠳᠠᠯ ᠳᠤ ᠡᠯ᠎ᠡ ᠨᠢᠭᠡᠴᠡ ᠨᠦᠭᠦᠳ ᠬᠥᠨᠳᠡᠯᠡᠨ ᠴᠢᠭᠯᠡᠯ ᠢᠶᠠᠷ ᠨᠡᠪᠲᠡᠷᠡᠯᠴᠡᠬᠦ | ᠪᠠ ᠭᠤᠯᠳᠤ ᠴᠢᠭᠯᠡᠯ ᠢᠶᠠᠷ ᠵᠣᠬᠢᠴᠠᠭᠤᠯᠬᠤ ᠪᠠᠨ ᠴᠢᠩᠭᠠᠳᠬᠠᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠠᠮᠢᠶ᠎ᠠ ᠪᠥᠬᠦᠶ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ | ᠬᠠᠮᠵᠢᠯᠴᠠᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ | ︵ᠲᠦᠷᠪᠡ︶ ᠣᠬᠠᠭᠤᠯᠭ᠎ᠠ ᠪᠠᠨ ᠴᠢᠩᠭᠠᠳᠬᠠᠵᠣ᠂ ᠠᠭᠤᠷ ᠠᠮᠢᠰᠬᠤᠯ ᠢ ᠪᠣᠢ ᠪᠣᠯᠭᠠᠪᠠ᠃ ᠰᠣᠨᠢᠨ᠂ | ᠷᠠᠳᠢᠣ᠋᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠠᠳᠠᠯ ᠠᠬᠤᠶ ᠶᠢᠨ | ᠬᠠᠮᠢᠶᠠᠷᠤᠯᠲᠠ ᠶᠢᠨ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠪᠠ ᠲᠡᠷᠢᠭᠦᠨ ᠤ ᠨᠡᠶᠢᠲᠡᠯᠢᠭ ᠵᠢᠱᠢᠶ᠎ᠡ ᠶᠢ | ᠢᠳᠡᠪᠬᠢᠲᠡᠶ ᠪᠠᠷ ᠤᠬᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠲᠤ ᠠᠳᠠᠯ ᠠᠬᠤᠶ ᠶᠢᠨ ᠬᠠᠮᠢᠶᠠᠷᠤᠯᠲᠠ ᠶᠢᠨ | ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠭᠦᠢᠴᠡᠳ ᠣᠶᠢᠯᠠᠭᠠᠭᠤᠯᠵᠤ᠂ ᠠᠳᠠᠯ ᠠᠬᠤᠶ ᠶᠢᠨ | ᠦᠢᠯᠡᠴᠢᠯᠡᠭᠡᠨ ᠤ ᠬᠡᠷᠡᠭᠯᠡᠭᠡᠨ ᠤ ᠵᠥᠪ ᠦᠵᠡᠯ ᠤᠬᠠᠮᠰᠠᠷ ᠢ ᠪᠣᠶ ᠪᠣᠯᠭᠠᠨ᠂ ᠭᠦᠢᠴᠡᠳᠬᠡᠪᠡᠰᠦ ᠵᠣᠬᠢᠬᠤ ᠡᠭᠦᠷᠭᠡ ᠪᠠᠨ | ᠤᠬᠠᠮᠰᠠᠷ ᠠᠴᠠ ᠪᠠᠨ ᠭᠦᠢᠴᠡᠳᠬᠡᠬᠦ ᠬᠡᠷᠡᠭᠲᠡᠶ᠃ | | |