7 ᠰᠠᠷ᠎ᠠ ᠶᠢᠨ 15 ᠤ ᠡᠳᠦᠷ᠂ ᠡᠵᠡᠨ᠎ᠡ ᠬᠤᠰᠢᠭᠤᠨ ᠤ ᠪᠠᠶᠠᠨᠲᠤᠤᠷᠠᠢ ᠰᠤᠮᠤ ᠨᠢ ︽ᠨᠠᠮ ᠤᠨ ᠠᠴᠢ ᠳᠤ | ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠰᠡᠳᠦᠪᠲᠦ ᠵᠢᠷᠭᠤᠳᠤᠭᠠᠷ | ᠬᠤᠭᠤᠴᠠᠭᠠᠨ ᠤ ᠠᠩᠬᠠᠳᠤᠭᠠᠷ ᠬᠤᠭᠤᠴᠠᠭᠠᠨ ᠤ ᠠᠷᠠᠯᠵᠢᠶ᠎ᠠ ᠬᠤᠳᠠᠯᠳᠤᠭᠠᠨ ᠤ ᠴᠤᠭᠯᠠᠭᠠᠨ ᠢ ᠥᠷᠨᠢᠭᠦᠯᠵᠦ᠂ | ᠭᠤᠣᠯᠳᠠᠭᠤ ᠣᠨᠴᠠᠯᠢᠭᠲᠤ ᠰᠤᠯᠠ ᠢᠳᠡᠭᠡᠨ᠂ ᠴᠠᠭᠠᠨ ᠢᠳᠡᠭᠡᠨ᠂ ᠰᠢᠨ᠎ᠡ ᠰᠣᠷᠭᠤᠭ ᠵᠢᠮᠢᠰ ᠨᠣᠭᠤᠭ᠎ᠠ᠂ | ᠨᠤᠲᠤᠭ ᠤᠨ ᠮᠠᠯ ᠶᠢᠨ ᠮᠢᠬ᠎ᠠ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠶᠢ ᠬᠤᠳᠠᠯᠳᠤᠬᠤ ᠶᠢᠨ | ᠬᠠᠮᠲᠤ ᠠᠯᠪᠠᠨ ᠵᠢᠷᠤᠮ ᠤᠨ ᠡᠮᠴᠢᠯᠡᠭᠡ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ᠂ ᠤᠷᠠᠨ ᠰᠠᠶᠢᠬᠠᠨ ᠤ | ᠲᠣᠭᠯᠠᠯᠲᠠ ᠪᠣᠯᠣᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠥᠷᠨᠢᠭᠦᠯᠵᠦ᠂ ᠡᠷᠬᠢᠨ ᠲᠣᠭᠤᠷᠢᠨ ᠤ | ᠰᠤᠮᠤ ᠪᠠᠯᠭᠠᠰᠤ ᠶᠢᠨ ᠰᠠᠭᠤᠭᠠᠯᠢ ᠠᠷᠠᠳ ᠪᠣᠯᠣᠨ ᠭᠠᠳᠠᠨ᠎ᠠ ᠠᠴᠠ ᠢᠷᠡᠭᠰᠡᠨ ᠵᠤᠭᠠᠴᠠᠭᠰᠠᠳ 5000 ᠭᠠᠷᠤᠢ | ᠬᠥᠮᠥᠨ ᠤᠳᠠᠭ᠎ᠠ ᠴᠤᠭᠯᠠᠭᠠᠨ ᠳᠤ ᠢᠷᠡᠵᠦ᠂ ᠪᠣᠷᠤᠯᠠᠭᠤᠯᠭ᠎ᠠ ᠶᠢᠨ ᠬᠡᠮᠵᠢᠶ᠎ᠡ ᠨᠢ 3 ᠴᠠᠭ ᠤᠨ ᠳᠣᠲᠣᠷ᠎ᠠ 13 | ᠲᠦᠮᠡ ᠶᠢ ᠲᠠᠪᠠᠪᠠ᠃ | ᠣᠶᠢᠷ᠎ᠠ ᠶᠢᠨ ᠵᠢᠯ ᠤᠳ ᠲᠤ᠂ ᠪᠠᠶᠠᠨᠲᠤᠤᠷᠠᠢ ᠰᠤᠮᠤ ᠡᠯ᠎ᠡ ᠲᠥᠷᠥᠯ ᠵᠦᠢᠯ ᠤᠨ ᠪᠡᠯᠡ ᠮᠥᠩᠭᠦ ᠶᠢ 1000 | ᠭᠠᠷᠤᠢ ᠲᠦᠮᠡᠨ ᠲᠥᠭᠦᠷᠢᠭ ᠣᠯᠵᠤ᠂ ᠬᠥᠳᠡᠭᠡ ᠲᠣᠰᠬᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠠᠷᠠᠯᠵᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ | ᠦᠭᠡᠢ ᠰᠢᠨᠡᠳᠬᠡᠨ ᠲᠡᠭᠦᠯᠳᠡᠷᠵᠢᠭᠦᠯᠵᠦ᠂ ᠰᠡᠯᠡᠭᠦᠴᠡᠯ᠂ ᠵᠢᠭᠤᠯᠴᠢᠯᠠᠯ᠂ ᠰᠣᠶᠣᠯ᠂ ᠪᠡᠶᠡᠴᠢᠯᠡᠨ ᠣᠶᠢᠯᠠᠭᠠᠬᠤ ᠶᠢ | ᠨᠢᠭᠡ ᠴᠣᠭᠴᠠᠵᠢᠭᠤᠯᠤᠭᠰᠠᠨ ᠣᠨᠴᠠᠯᠢᠭᠲᠤ ᠵᠡᠭᠡᠯᠢ ᠲᠣᠭᠤᠷᠢᠭ ᠢ ᠪᠠᠶᠢᠭᠤᠯᠬᠤ ᠶᠢᠨ ᠬᠠᠮᠲᠤ᠂ ︽ᠠᠷᠠᠯᠵᠢᠶ᠎ᠠ | ᠬᠤᠳᠠᠯᠳᠤᠭᠠᠨ ᠤ ᠴᠤᠭᠯᠠᠭ᠎ᠠ︾ ᠪᠠᠷ ᠵᠠᠭᠤᠴᠢ ᠪᠣᠯᠭᠠᠨ᠂ ᠮᠠᠯᠴᠢᠨ ᠲᠠᠷᠢᠶᠠᠴᠢᠨ ᠢ ᠵᠣᠷᠢᠭᠵᠢᠭᠤᠯᠤᠨ ᠳᠠᠶᠢᠴᠢᠯᠠᠵᠤ | ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠵᠦ᠂ ᠬᠤᠲᠠ ᠬᠥᠳᠡᠭᠡ ᠶᠢᠨ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠬᠠᠩᠭᠠᠨ ᠪᠣᠷᠣᠯᠠᠭᠤᠯᠬᠤ ᠲᠠᠪᠴᠠᠩ ᠪᠠ ᠬᠥᠭᠦᠷᠭᠡ ᠬᠤᠯᠪᠤᠭᠠᠰᠤ ᠶᠢ ᠪᠠᠶᠢᠭᠤᠯᠤᠨ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠵᠠᠮ ᠮᠥᠷ ᠢ ᠨᠠᠪᠲᠠᠷᠡᠭᠦᠯᠵᠦ᠂ | ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠠᠷ ᠬᠦᠲᠦᠯᠦᠨ ᠳᠠᠭᠠᠭᠤᠯᠤᠨ᠎ᠠ᠃ ᠣᠲᠣ ᠪᠣᠯᠲᠠᠯ᠎ᠠ᠂ ᠲᠠᠪᠤᠨ | ᠬᠤᠭᠤᠴᠠᠭᠠᠨ ᠤ ᠬᠤᠷᠢᠨ ᠨᠢᠭᠡ ᠤᠳᠠᠭᠠᠨ ᠤ ᠬᠥᠳᠡᠭᠡ ᠲᠣᠰᠬᠤᠨ ᠤ ︽ᠠᠷᠠᠯᠵᠢᠶ᠎ᠠ ᠬᠤᠳᠠᠯᠳᠤᠭᠠᠨ ᠤ | ᠴᠤᠭᠯᠠᠭ᠎ᠠ︾ ᠶᠢᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ 1300 ᠭᠠᠷᠤᠢ ᠳᠡᠯᠭᠡᠭᠦᠷ ᠤᠨ ᠣᠷᠣ ᠭᠠᠷᠭᠠᠵᠤ᠂ | ᠡᠷᠬᠢᠨ ᠲᠣᠭᠤᠷᠢᠨ ᠤ ᠬᠤᠲᠠ ᠬᠥᠳᠡᠭᠡ ᠶᠢᠨ 65000 ᠭᠠᠷᠤᠢ ᠬᠥᠮᠥᠨ ᠤᠳᠠᠭ᠎ᠠ ᠴᠤᠭᠯᠠᠭᠠᠨ ᠳᠤ ᠢᠷᠡᠵᠦ᠂ | ᠨᠡᠶᠢᠲᠡ ᠪᠣᠷᠤᠯᠠᠭᠤᠯᠭ᠎ᠠ ᠶᠢᠨ ᠬᠡᠮᠵᠢᠶ᠎ᠡ ᠨᠢ 135 ᠲᠦᠮᠡᠨ ᠲᠥᠭᠦᠷᠢᠭ ᠲᠤ ᠬᠦᠷᠪᠡ᠃ | |