7 ᠰᠠᠷ᠎ᠠ ᠶᠢᠨ 11 ᠤ ᠡᠳᠦᠷ᠂ ᠪᠠᠶᠠᠨᠲᠣᠬᠤᠢ ᠰᠤᠮᠤ ᠠᠶᠢᠮᠠᠭ ᠤᠨ ᠨᠠᠮ ᠤᠨ ᠬᠤᠷᠢᠶ᠎ᠠ | ︵ᠥᠷᠭᠡᠳᠬᠡᠭᠰᠡᠨ︶ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠢ ᠰᠡᠳᠦᠪᠲᠦ ᠬᠤᠷᠠᠯ | ᠬᠤᠷᠠᠯᠳᠤᠭᠤᠯᠵᠤ᠂ ᠨᠠᠮ ᠤᠨ ᠬᠤᠷᠢᠶ᠎ᠠ ᠶᠢᠨ ᠳᠡᠳ᠋ ᠱᠦᠵᠢ᠂ ᠰᠤᠮᠦᠨ ᠳᠠᠷᠤᠭ᠎ᠠ ᠤᠯᠠᠭᠠᠨᠪᠠᠭᠠᠲᠤᠷ ᠬᠤᠷᠠᠯ ᠢ | ᠡᠷᠭᠢᠯᠡᠵᠦ᠂ ᠰᠤᠮᠤᠨ ᠳᠤ ᠪᠠᠶᠢᠭ᠎ᠠ ᠤᠳᠤᠷᠢᠳᠬᠤ ᠪᠠᠭ ᠤᠨ ᠭᠡᠰᠢᠭᠦᠨ᠂ ᠺᠠᠳ᠋ᠷ ᠠᠵᠢᠯᠲᠠᠨ ᠬᠤᠷᠠᠯ ᠳᠤ | ᠤᠷᠤᠯᠴᠠᠪᠠ᠃ | ᠰᠤᠷᠤᠯᠴᠠᠯᠭ᠎ᠠ ᠶᠢᠨ ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ᠂ ᠠᠶᠢᠮᠠᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠤᠨ ᠵᠣᠷᠢᠭ | ᠰᠠᠨᠠᠭ᠎ᠠ ᠵᠢᠴᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠵᠠᠢ᠃ ᠡᠭᠦᠨ ᠤ ᠬᠠᠮᠲᠤ ᠰᠤᠮᠤᠨ ᠤ ᠪᠣᠳᠠᠲᠠᠢ ᠲᠠᠢ ᠪᠠᠨ | ᠤᠶᠠᠯᠳᠤᠭᠤᠯᠤᠨ᠂ ᠠᠶᠢᠮᠠᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠤᠯᠤᠰ ᠲᠥᠷᠥ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ | ᠠᠶᠢᠮᠠᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠤᠨ ᠵᠣᠷᠢᠭ ᠰᠠᠨᠠᠭ᠎ᠠ ᠶᠢ ᠣᠬᠠᠭᠤᠯᠣᠨ | ᠰᠤᠷᠤᠯᠴᠠᠭᠰᠠᠨ ᠬᠠᠯᠠᠭᠤᠨ ᠦᠷᠨᠢᠯᠲᠠ ᠶᠢ ᠲᠦᠷᠭᠡᠳᠭᠡᠨ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ | ᠭᠠᠵᠠᠷ︾ ︽ᠨᠢᠭᠡ ᠪᠠᠬᠢᠯᠡᠯᠲᠡ︾ ᠵᠡᠷᠭᠡ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠂ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠬᠠᠮᠲᠤ ᠶᠢᠨ | ᠰᠤᠷᠤᠯᠴᠠᠯᠭ᠎ᠠ ᠪᠠ ᠬᠤᠪᠢ ᠬᠥᠮᠥᠨ ᠤ ᠥᠪᠡᠷ ᠤᠨ ᠰᠤᠷᠤᠯᠴᠠᠯᠭ᠎ᠠ ᠪᠠᠷ ᠳᠠᠮᠵᠢᠭᠤᠯᠤᠨ᠂ ᠭᠦᠨᠵᠡᠭᠡᠢ ᠰᠤᠷᠤᠯᠴᠠᠵᠤ | ᠨᠠᠷᠢᠨ ᠰᠤᠳᠤᠯᠬᠤ ᠤᠬᠠᠮᠰᠠᠷᠲᠤ ᠴᠢᠨᠠᠷ ᠪᠣᠯᠣᠨ ᠰᠠᠨᠠᠭᠠᠴᠢᠯᠠᠭᠠᠲᠤ ᠴᠢᠨᠠᠷ ᠢ ᠦᠨᠡᠨᠬᠦ ᠨᠡᠮᠡᠭᠳᠡᠭᠦᠯᠦᠨ᠂ ᠨᠡᠪᠳᠡᠷᠡᠳᠡᠯ᠎ᠠ | ᠣᠶᠢᠯᠠᠭᠠᠵᠤ᠂ ᠭᠦᠨᠵᠡᠭᠡᠢ ᠰᠤᠷᠤᠯᠴᠠᠵᠤ ᠬᠡᠷᠡᠭᠲᠡᠢ᠃ ᠬᠤᠶᠠᠷ ᠲᠤ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ | ᠠᠶᠢᠮᠠᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠤᠨ ᠲᠣᠭᠲᠠᠭᠠᠭᠰᠠᠨ ᠰᠢᠨ᠎ᠡ ᠬᠠᠷᠠᠯᠲᠠ᠂ | ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠤᠨ ᠦᠵᠡᠵᠦ᠂ ᠰᠤᠮᠤᠨ ᠤ ᠭᠤᠣᠯᠳᠠᠯᠭ᠎ᠠ ᠲᠠᠢ ᠠᠵᠢᠯ ᠢ | ᠨᠠᠶᠢᠳᠠᠪᠤᠷᠢᠵᠢᠭᠤᠯᠬᠤ ᠪᠠ ᠲᠡᠭᠦᠯᠳᠡᠷᠵᠢᠭᠦᠯᠬᠦ ᠲᠠᠯ᠎ᠠ ᠪᠠᠷ ᠬᠦᠴᠦ ᠲᠠᠯᠪᠢᠵᠤ᠂ ᠳᠡᠭᠡᠳᠦ ᠬᠡᠮᠵᠢᠶᠡᠨ ᠤ | ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠷ ᠣᠶᠤᠨ ᠴᠢᠳᠠᠯ ᠢᠶᠠᠨ ᠲᠥᠪᠯᠡᠷᠡᠭᠦᠯᠦᠨ᠂ ᠨᠠᠷᠢᠨ | ᠬᠢᠨᠠᠮᠠᠭᠠᠢ ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠰᠤᠮᠤᠨ ᠤ ᠴᠢᠬᠤᠯᠠ ᠠᠵᠢᠯ ᠤᠨ | ᠴᠣᠭᠴᠠᠯᠠᠯᠲᠠ ᠶᠢ ᠨᠠᠷᠢᠯᠢᠭ ᠣᠨᠣᠪᠴᠢᠲᠠᠢ ᠪᠠᠷ ᠬᠦᠴᠦᠯᠡᠨ ᠠᠳᠬᠤᠵᠤ᠂ ᠰᠤᠷᠤᠯᠴᠠᠨ ᠲᠤᠤᠱᠯᠠᠭᠤᠯᠬᠤ ᠶᠠᠪᠤᠴᠠ ᠶᠢ | ᠦᠨᠡᠨᠬᠦ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ᠂ ᠲᠣᠭᠲᠠᠴᠠ ᠶᠢ ᠪᠦᠷᠢᠯᠳᠦᠭᠦᠯᠬᠦ ᠶᠠᠪᠤᠴᠠ | ᠪᠣᠯᠭᠠᠨ ᠬᠤᠪᠢᠷᠠᠭᠤᠯᠵᠤ᠂ ᠰᠤᠮᠤᠨ ᠤ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠵᠤ᠂ | ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠶᠢᠴᠠᠭᠠᠨ | ᠰᠤᠳᠤᠯᠤᠯᠲᠠ ᠶᠢ ᠶᠡᠭᠡ ᠪᠠᠷ ᠥᠷᠨᠢᠭᠦᠯᠵᠦ᠂ ᠳᠤᠲᠠᠭᠳᠠᠯ ᠪᠠ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ︽ᠭᠤᠷᠪᠠᠨ | ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ︽ᠨᠠᠮ ᠤᠨ | ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠢᠯᠡᠴᠢᠯᠡᠬᠦ ᠤᠬᠠᠮᠰᠠᠷ ᠪᠣᠯᠣᠨ | ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ | ᠠᠰᠠᠭᠤᠳᠠᠯ ᠢ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠨ ᠦᠨᠳᠦᠰᠦᠯᠡᠭᠦᠯᠵᠦ᠂ ᠴᠡᠴᠡᠭᠯᠡᠨ | ᠵᠢᠮᠢᠰᠯᠡᠭᠦᠯᠦᠨ᠎ᠡ᠃ |