ᠡᠵᠡᠨ᠎ᠡ ᠬᠤᠰᠢᠭᠤᠨ ᠤ ᠲᠡᠦᠬᠡᠨ ᠳᠠᠬᠢ ᠬᠠᠮᠤᠭ ᠤᠨ ᠦᠨᠳᠦᠷ ᠳᠤᠯᠠᠭᠠᠨ ᠤ ᠬᠡᠮᠵᠢᠶ᠎ᠡ ᠢᠯᠡᠷᠡᠪᠡ
ᠨᠡᠶᠢᠲᠡᠯᠡᠭᠰᠡᠨ ᠴᠠᠭ᠄
2023/7/19
      ᠡᠵᠡᠨ᠎ᠡ ᠬᠤᠰᠢᠭᠤᠨ ᠤ ᠴᠠᠭ ᠠᠭᠤᠷ ᠤᠨ ᠲᠣᠪᠴᠢᠶ᠎ᠠ ᠶᠢᠨ ᠬᠢᠨᠠᠨ ᠬᠡᠮᠵᠢᠯᠲᠡ ᠠᠴᠠ ᠦᠵᠡᠪᠡᠯ᠂ 7 ᠰᠠᠷ᠎ᠠ ᠶᠢᠨ 18᠎ ᠤ ᠡᠳᠦᠷ᠂ ᠡᠵᠡᠨ᠎ᠡ ᠬᠤᠰᠢᠭᠤᠨ ᠤ 18 ᠬᠢᠨᠠᠨ ᠬᠡᠮᠵᠢᠬᠦ ᠥᠷᠲᠡᠭᠡ ᠶᠢᠨ ᠳᠣᠲᠣᠷᠠᠬᠢ 17 ᠥᠷᠲᠡᠭᠡ ᠶᠢᠨ ᠬᠠᠮᠤᠭ ᠤᠨ ᠥᠨᠳᠥᠷ ᠠᠭᠠᠷ ᠤᠨ ᠳᠤᠯᠠᠭᠠᠨ ᠨᠢ 40℃᠎ ᠢ ᠳᠠᠪᠠᠵᠤ᠂ ᠦᠯᠡᠳᠡᠭᠰᠡᠨ 1 ᠥᠷᠲᠡᠭᠡ ᠶᠢᠨ ᠬᠠᠮᠤᠭ ᠤᠨ ᠥᠨᠳᠥᠷ ᠠᠭᠠᠷ ᠤᠨ ᠳᠤᠯᠠᠭᠠᠨ ᠨᠢ 37℃᠎ ᠢ ᠳᠠᠪᠠᠵᠠᠢ᠃ ᠡᠭᠦᠨ ᠳᠤ᠂ ᠬᠠᠮᠤᠭ ᠤᠨ ᠥᠨᠳᠥᠷ ᠠᠭᠠᠷ ᠤᠨ ᠳᠤᠯᠠᠭᠠᠨ ᠪᠠᠶᠠᠨᠲᠤᠤᠷᠠᠢ ᠳᠤ ᠢᠯᠡᠷᠡᠵᠦ 44.9 ℃᠎ ᠲᠤ ᠬᠦᠷᠦᠭᠰᠡᠨ ᠪᠠᠶᠢᠨ᠎ᠠ᠃ ᠡᠨᠡ ᠨᠢ ᠡᠵᠡᠨ᠎ᠡ ᠬᠤᠰᠢᠭᠤᠨ ᠤ ᠬᠠᠮᠤᠭ ᠤᠨ ᠥᠨᠳᠥᠷ ᠠᠭᠠᠷ ᠤᠨ ᠳᠤᠯᠠᠭᠠᠨ ︵1988 ᠣᠨ ᠤ ᠥᠩᠳᠦᠭᠤᠤᠯ ᠎ ᠤᠨ ᠠᠭᠠᠷ ᠤᠨ ᠳᠤᠯᠠᠭᠠᠨ 44.8℃᠎ ᠳᠤ ᠲᠠᠪᠠᠭᠰᠠᠨ ᠪᠠᠶᠢᠨ᠎ᠠ︶᠎ ᠤ ᠲᠡᠦᠬᠡᠨ ᠲᠤᠶᠢᠯ ᠤᠨ ᠬᠡᠮᠵᠢᠭᠳᠡᠯ ᠢ ᠲᠠᠪᠠᠭᠰᠠᠨ ᠪᠠᠶᠢᠨ᠎ᠠ᠃ ᠳᠠᠯᠠᠶᠢᠬᠦ᠋ᠪ ᠪᠠᠯᠭᠠᠰᠤᠨ ᠤ ᠬᠠᠮᠤᠭ ᠤᠨ ᠥᠨᠳᠥᠷ ᠠᠭᠠᠷ ᠤᠨ ᠳᠤᠯᠠᠭᠠᠨ ᠨᠢ 42.5℃᠂ ᠥᠩᠳᠦᠭᠤᠤᠯ ᠤᠨ ᠬᠠᠮᠤᠭ ᠤᠨ ᠥᠨᠳᠥᠷ ᠠᠭᠠᠷ ᠤᠨ ᠳᠤᠯᠠᠭᠠᠨ ᠨᠢ 42.4℃ ᠬᠦᠷᠦᠭᠰᠡᠨ ᠪᠣᠯᠣᠨ᠎ᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号