ᠡᠵᠡᠨ᠎ᠡ ᠬᠤᠰᠢᠭᠤ 2023 ᠣᠨ ᠤ ᠬᠢᠯᠢ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠥᠬᠦᠪᠦᠷᠢ ᠮᠥᠩᠭᠦ ᠢ 455.1 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2023/7/21
      7 ᠰᠠᠷ᠎ᠠ ᠶᠢᠨ 20᠎ ᠤ ᠡᠳᠦᠷ᠂ ᠡᠵᠡᠨ᠎ᠡ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠳ᠋ ᠤᠨ ᠵᠠᠰᠠᠭ ᠤᠨ ᠠᠷᠠᠳ ᠲᠤ ᠠᠰᠢᠭ ᠬᠦᠷᠲᠡᠭᠡᠬᠦ ᠲᠠᠷᠢᠶᠠᠯᠠᠩ ᠦᠢᠯᠡᠳᠪᠦᠷᠢᠯᠡᠯ ᠳᠤ ᠠᠰᠢᠭ ᠬᠦᠷᠲᠡᠭᠡᠬᠦ       ︽ᠪᠦᠬᠦᠨ ᠳᠤ ᠲᠣᠬᠢᠷᠠᠬᠤ ᠺᠠᠷᠲ︾᠎ ᠢᠶᠠᠷ 2023 ᠣᠨ ᠤ ᠬᠢᠯᠢ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠥᠬᠦᠪᠦᠷᠢ ᠮᠥᠩᠭᠦ ᠶᠢ 455.1 ᠲᠦᠮᠡᠨ ᠲᠥᠭᠦᠷᠢᠭ ᠲᠠᠷᠬᠠᠭᠠᠪᠠ᠃ ᠨᠥᠬᠦᠪᠦᠷᠢ ᠶᠢᠨ ᠪᠡᠯᠡ ᠮᠥᠩᠭᠦ ᠨᠢ ᠰᠤᠪᠨᠠᠭᠤᠷ ᠰᠤᠮᠤ᠂ ᠰᠠᠶᠢᠬᠠᠨᠲᠤᠤᠷᠠᠢ ᠰᠤᠮᠤ᠂ ᠥᠩᠲᠦᠭᠤᠤᠯ ᠰᠤᠮᠤ᠂ ᠬᠠᠷ᠎ᠠ ᠪᠦᠷᠭᠦᠳ ᠤᠨ ᠠᠭᠤᠯᠠ ᠪᠠᠯᠭᠠᠰᠤ ᠵᠡᠷᠭᠡ 4 ᠰᠤᠮᠤ ᠪᠠᠯᠭᠠᠰᠤ ᠳᠤ ᠬᠤᠯᠪᠣᠭᠳᠠᠵᠤ᠂ 848 ᠡᠷᠦᠬᠡ ᠶᠢᠨ 1517 ᠮᠠᠯᠴᠢᠨ ᠲᠠᠷᠢᠶᠠᠴᠢᠨ ᠳᠤ ᠠᠰᠢᠭ ᠬᠦᠷᠲᠡᠭᠡᠵᠦ᠂ ᠬᠢᠯᠢ ᠬᠢᠵᠠᠭᠠᠷ ᠣᠷᠣᠨ ᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ ᠪᠠᠬᠢᠵᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠬᠢᠯᠢ ᠶᠢᠨ ᠬᠠᠮᠠᠭᠠᠯᠠᠯᠲᠠ ᠶᠢ ᠪᠠᠬᠢᠵᠢᠭᠦᠯᠬᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠰᠠᠭᠤᠷᠢ ᠲᠠᠯᠪᠢᠪᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号