ᠠᠶᠢᠮᠠᠭ ᠤᠨ ᠳᠡᠳ᠋ ᠳᠠᠷᠤᠭ᠎ᠠ ᠳ᠋ᠠᠢ ᠵᠢᠶᠦ᠋ᠨ ᠡᠵᠡᠨ᠎ᠡ ᠬᠤᠰᠢᠭᠤᠨ ᠳᠤ ᠬᠦᠷᠴᠦ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2023/7/24
      7 ᠰᠠᠷ᠎ᠠ ᠶᠢᠨ 21᠎ ᠤ ᠡᠳᠦᠷ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠯᠠᠱᠠ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠡᠵᠡᠨ᠎ᠡ ᠬᠤᠰᠢᠭᠤᠨ ᠳᠤ ᠶᠠᠪᠤᠭᠳᠠᠪᠠ᠃ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠳᠡᠳ᠋ ᠠᠶᠢᠮᠠᠭ ᠤᠨ ᠳᠠᠷᠤᠭ᠎ᠠ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠳ᠋ᠠᠢ ᠵᠢᠶᠦ᠋ᠨ ︽ᠨᠠᠶᠢᠳᠠᠯᠭ᠎ᠠ ᠶᠢ ᠪᠠᠲᠤ ᠴᠡᠭᠡᠵᠢᠯᠡᠵᠦ ᠡᠭᠦᠷᠭᠡ ᠬᠠᠷᠢᠭᠤᠴᠠᠯᠭᠠᠲᠤ ᠣᠪᠤᠷ ᠢᠶᠠᠷ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠤᠶ᠎ᠠ︾ ᠭᠡᠬᠦ ᠰᠡᠳᠦᠪ ᠢᠶᠠᠷ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠢ ᠬᠠᠯᠠᠮᠵᠢᠯᠠᠨ ᠬᠠᠶᠢᠷᠠᠯᠠᠬᠤ ᠰᠡᠳᠬᠢᠯᠭᠡ ᠶᠢ ᠭᠦᠨᠵᠡᠭᠡᠢ ᠣᠶᠢᠯᠠᠭᠠᠬᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠡᠷᠭᠡ ᠠᠭᠤᠯᠭ᠎ᠠ ᠶᠢᠨ ᠲᠤᠬᠠᠢ ᠪᠦᠬᠦ ᠲᠠᠯ᠎ᠠ ᠪᠠᠷ ᠰᠢᠰᠲ᠋ᠧᠮᠲᠦ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠪᠡ᠃ 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号