ᠡᠵᠡᠨ᠎ᠡ ᠬᠤᠰᠢᠭᠤᠨ ᠤ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠡᠮᠡᠭᠲᠡᠢ ᠶᠢᠨ ᠬᠥᠯ ᠪᠦᠮᠪᠦᠭᠡ ᠶᠢᠨ ᠠᠩᠭᠢ ᠨᠢ ︽ᠠᠶᠢᠮᠠᠭ ᠤᠨ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠮᠠᠩᠯᠠᠢ ᠰᠢᠭᠦᠷᠡᠪᠡ
ᠨᠡᠶᠢᠲᠡᠯᠡᠭᠰᠡᠨ ᠴᠠᠭ᠄
2023/7/24
      7 ᠳ᠋ᠤᠭᠠᠷ ᠰᠠᠷ᠎ᠠ ᠶᠢᠨ 20᠎ ᠤ ᠡᠳᠦᠷ᠂ 2022 ︱ 2023 ᠣᠨ ᠤ ᠠᠯᠠᠱᠠ ᠠᠶᠢᠮᠠᠭ ᠤᠨ ︽ᠠᠶᠢᠮᠠᠭ ᠤᠨ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠤᠷᠤᠯᠳᠤᠭᠠᠨ ᠵᠢᠩᠬᠢᠨᠢ ᠪᠠᠷ ᠥᠨᠳᠥᠷᠯᠡᠵᠦ᠂ ᠡᠵᠡᠨ᠎ᠡ ᠬᠤᠰᠢᠭᠤᠨ ᠤ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠡᠮᠡᠭᠲᠡᠢ ᠶᠢᠨ ᠳᠤᠭᠤᠶᠢᠯᠠᠩ ᠨᠢ ᠮᠠᠩᠯᠠᠢ ᠳᠤ ᠰᠢᠯᠭᠠᠷᠠᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠩᠬ᠎ᠠ ᠳᠤᠮᠳᠠᠳᠤ ᠶᠢᠨ ᠳᠤᠭᠤᠶᠢᠯᠠᠩ ᠤᠨ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠬᠢᠷᠢ ᠬᠡᠮ ᠢ ᠣᠯᠪᠠ᠃ ᠡᠨᠡ ᠨᠢ 2015 ᠣᠨ ᠳᠤ ︽ᠠᠶᠢᠮᠠᠭ ᠤᠨ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠷᠤᠯᠳᠤᠭᠠᠨ ᠡᠬᠢᠯᠡᠭᠰᠡᠨ ᠠᠴᠠ ᠨᠠᠰᠢ ᠠᠩᠬ᠎ᠠ ᠳᠤᠮᠳᠠᠳᠤ ᠶᠢᠨ ᠡᠮᠡᠭᠲᠡᠢ ᠶᠢᠨ ᠳᠤᠭᠤᠶᠢᠯᠠᠩ ᠳᠤ ᠬᠤᠶᠠᠳᠠᠭᠢ ᠤᠳᠠᠭ᠎ᠠ ᠮᠠᠩᠯᠠᠶᠢᠯᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠤᠷᠤᠯᠳᠤᠭᠠᠨ ᠳᠤ ᠣᠷᠣᠯᠴᠠᠭᠰᠠᠨ ᠶᠠᠪᠤᠳᠠᠯ ᠪᠣᠯᠣᠨ᠎ᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号