ᠬᠠᠷ᠎ᠠ ᠭᠤᠤᠯ ᠤᠨ ᠤᠷᠤᠭᠤᠳᠠᠭᠤᠯᠤᠭᠰᠠᠨ ᠤᠰᠤᠨ ᠤ ᠦᠵᠦᠭᠦᠷ ᠰᠤᠪᠨᠠᠭᠤᠷ ᠳᠤ ᠠᠮᠵᠢᠯᠳᠠ ᠲᠠᠢ ᠪᠠᠷ ᠬᠦᠷᠦᠯ᠎ᠡ
ᠨᠡᠶᠢᠲᠡᠯᠡᠭᠰᠡᠨ ᠴᠠᠭ᠄
2023/7/24
      7 ᠰᠠᠷ᠎ᠠ ᠶᠢᠨ 19᠎ ᠤ ᠡᠳᠦᠷ ᠤᠨ 15 ᠴᠠᠭ 30 ᠮᠢᠨᠥ᠋ᠲ ᠲᠤ᠌᠂ ᠬᠠᠷ᠎ᠠ  ᠭᠤᠤᠯ ᠤᠨ ᠲᠤᠰ ᠵᠢᠯ ᠤᠨ ᠵᠠᠩᠭᠢᠯᠠᠭᠠᠲᠤ ᠤᠰᠤ ᠲᠤᠬᠢᠷᠠᠭᠤᠯᠬᠤ ᠬᠤᠭᠤᠴᠠᠭᠠᠨ ᠤ ᠠᠩᠬᠠᠳᠠᠭᠢ ᠨᠢᠭᠡᠳᠤᠯᠳᠡᠢ ᠲᠤᠬᠢᠷᠠᠭᠤᠯᠦᠨ ᠤᠷᠤᠭᠤᠳᠠᠭᠤᠯᠤᠭᠰᠠᠨ ᠤᠰᠤᠨ ᠤ ᠦᠵᠦᠭᠦᠷ ᠭᠤᠤᠯ ᠤᠨ ᠠᠳᠠᠭ ‍ᠤᠨ‌‍ᠰᠤᠪᠨᠠᠭᠤᠷ ᠳᠤ ᠠᠮᠵᠢᠯᠳᠠ ᠲᠠᠢ ᠪᠠᠷ       ᠬᠦᠷᠴᠡᠢ᠃ ᠡᠨᠡ ᠪᠣᠯ 22 ᠵᠢᠯ ᠵᠠᠯᠭᠠᠭ᠎ᠠ ᠪᠠᠷ 42᠎ ᠳᠠᠬᠢ ᠤᠳᠠᠭ᠎ᠠ ᠤᠰᠤ ᠲᠤᠬᠢᠷᠠᠭᠤᠯᠤᠨ ᠰᠤᠪᠨᠠᠭᠤᠷ ᠳᠤ ᠣᠷᠤᠭᠤᠯᠵᠤ ᠪᠠᠶᠢᠭ᠎ᠠ ᠂ ᠮᠦᠨᠴᠦ ᠨᠢᠳᠤᠨᠤᠨ ᠤ 8 ᠰᠠᠷ᠎ᠠ ᠶᠢᠨ 28᠎ ᠤ ᠡᠳᠦᠷ ᠠᠴᠠ ᠨᠠᠰᠢ ᠪᠤᠯᠳᠠᠯ᠎ᠠ ᠰᠤᠪᠨᠠᠭᠤᠷ ᠳᠤ ᠳᠠᠬᠢᠨ ᠤᠰᠤ ᠤᠷᠤᠭᠤᠯᠤᠭᠰᠠᠨ ᠪᠠᠶᠢᠨ᠎ᠠ᠃ ᠡᠨᠡ ᠨᠢ ᠲᠤᠰ ᠤᠳᠠᠭᠠᠨ ᠤ ᠤᠰᠤ ᠲᠤᠬᠢᠷᠠᠭᠤᠯᠤᠭᠰᠠᠨ ᠬᠠᠷᠠᠯᠲᠠ ᠠᠩᠬ᠎ᠠ ᠠᠯᠬᠤᠮ ᠪᠡᠶᠡᠯᠡᠭᠳᠡᠭᠰᠡᠨ ᠢ ᠬᠠᠷᠠᠭᠤᠯᠵᠤ᠂ ᠡᠯᠡᠰᠦᠷᠬᠡᠭᠵᠢᠬᠦ ᠶᠢ ᠬᠤᠷᠢᠭᠯᠠᠨ᠂ ᠳᠤᠤᠷᠠᠳᠤ ᠤᠷᠤᠰᠬᠠᠯ ᠤᠨ ᠭᠠᠩ ᠭᠠᠮᠰᠢᠭ ᠢ ᠬᠦᠩᠭᠡᠷᠡᠭᠦᠯᠵᠦ᠂ ᠡᠵᠡᠨ᠎ᠡ ᠨᠤᠭᠤᠭᠠᠨ ᠪᠦᠷᠢᠳᠦ ᠶᠢᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠳᠤ ᠢᠳᠡᠪᠬᠢ ᠠᠴᠢ ᠬᠤᠯᠪᠤᠭᠳᠠᠯ ᠦᠵᠡᠭᠦᠯᠦᠭᠰᠡᠨ ᠪᠠᠶᠢᠨ᠎ᠠ ᠃      ᠡᠨᠡ ᠵᠢᠯ ᠤᠨ 5 ᠳ᠋ᠤᠭᠠᠷ ᠰᠠᠷ᠎ᠠ ᠠᠴᠠ ᠨᠠᠰᠢ᠂ ᠬᠠᠷ᠎ᠠ ᠭᠤᠣᠯ ᠤᠨ ᠳᠡᠭᠡᠳᠤ ᠤᠷᠤᠰᠬᠠᠯ ᠢᠶᠠᠷ ᠲᠤᠨᠳᠠᠰᠤ  ᠨᠡᠯᠢᠶᠠᠳ ᠴᠥᠬᠡᠨ᠂ ᠶᠢᠩ ᠯᠦᠸᠧ ᠰᠢᠶᠠ ᠬᠠᠪᠴᠢᠯ ᠤᠨ ᠤᠰᠤ ᠢᠷᠡᠭᠰᠡᠨ ᠨᠤᠷᠮ᠎ᠠ ᠨᠢ 2000 ᠣᠨ ᠠᠴᠠ ᠨᠠᠰᠢᠬᠢ ᠠᠳᠠᠯᠢ ᠬᠤᠭᠤᠴᠠᠭᠠᠨ ᠤ ᠲᠡᠭᠰᠢᠳᠬᠡᠭᠰᠡᠨ ᠨᠤᠷᠮ᠎ᠠ ᠠᠴᠠ 11.8% ᠪᠠᠭ᠎ᠠ ᠪᠠᠶᠢᠵᠤ᠂ ᠬᠦᠨᠳᠤ ᠬᠠᠲᠠᠭᠤ  ᠤᠰᠤ ᠲᠤᠬᠢᠷᠠᠭᠤᠯᠬᠤ ᠪᠠᠶᠢᠳᠠᠯ ᠳᠤ ᠬᠠᠨᠳᠤᠭᠤᠯᠤᠨ᠂ ᠬᠠᠷ᠎ᠠ ᠭᠤᠣᠯ ᠤᠨ ᠤᠷᠤᠰᠬᠠᠯ ᠤᠨ ᠬᠠᠮᠢᠶᠠᠷᠤᠯᠳᠠ ᠶᠢᠨ ᠲᠤᠪᠴᠢᠶ᠎ᠠ ᠣᠷᠣᠰᠬᠠᠯ ᠳᠠᠭᠠᠤ ᠡᠯ᠎ᠡ ᠮᠤᠵᠢ ᠣᠷᠣᠨ ᠲᠠᠢ ᠢᠳᠡᠪᠬᠢ ᠪᠠᠷ ᠵᠤᠬᠢᠴᠠᠨ ᠬᠠᠷᠢᠯᠴᠠᠵᠤ᠂ ᠰᠢᠨᠵᠢᠯᠡᠬᠦ ᠤᠬᠠᠭᠠᠨᠴᠢ ᠪᠠᠷ ᠤᠰᠤ ᠲᠤᠬᠢᠷᠠᠭᠤᠯᠬᠤ ᠲᠥᠯᠦᠪᠯᠡᠭᠡ ᠲᠤᠭᠳᠠᠭᠠᠨ᠂ 7 ᠰᠠᠷ᠎ᠠ ᠶᠢᠨ 5᠎ ᠤ ᠡᠳᠦᠷ ᠠᠴᠠ             ︽ᠭᠤᠣᠯ ᠤᠨ  ᠪᠦᠬᠦ ᠱᠤᠭᠤᠮ ᠤᠨ ᠠᠮᠠ ᠶᠢ  ᠪᠥᠭᠯᠡᠵᠦ᠂ ᠲᠣᠣᠷᠠᠳᠤ  ᠤᠷᠠᠰᠬᠠᠯ ᠤᠷᠤᠭᠤ ᠲᠥᠪᠯᠡᠷᠡᠭᠦᠯᠦᠨ ᠤᠰᠤ ᠶᠠᠪᠤᠭᠤᠯᠬᠤ︾ ᠠᠷᠭ᠎ᠠ ᠠᠪᠴᠢᠯ ᠢ ᠬᠡᠷᠡᠭᠵᠢᠭᠦᠯᠦᠨ ᠂ 7 ᠰᠠᠷ᠎ᠠ ᠶᠢᠨ12᠎ ᠤ ᠡᠳᠦᠷ᠂ ᠳᠡᠭᠡᠳᠤ ᠤᠷᠤᠰᠬᠠᠯ ᠨᠡᠯᠢᠶᠠᠳ ᠶᠡᠭᠡ ᠦᠶᠡᠷ ᠤᠨ ᠤᠰᠤ ᠢᠷᠡᠭᠰᠡᠨ ᠠᠰᠢᠭᠳᠠᠢ ᠲᠣᠬᠢᠶᠠᠯ ᠢ ᠠᠮᠵᠢᠵᠤ᠂ ᠦᠶᠡᠷ ᠤᠨ ᠤᠰᠤ ᠶᠢ ᠲᠤᠬᠢᠷᠠᠭᠤᠯᠤᠨ ᠤᠷᠤᠭᠤᠳᠠᠭᠤᠯᠵᠤ ᠂ 7 ᠰᠠᠷ᠎ᠠ ᠶᠢᠨ15᠎ ᠤ ᠡᠳᠦᠷ ᠤᠨ14 ᠴᠠᠭ ᠲᠤ ᠤᠰᠤᠨ ᠤ ᠦᠵᠦᠭᠦᠷ ᠪᠠᠶᠠᠨᠪᠤᠭᠳᠠ ᠶᠢᠨ ᠤᠭᠳᠤᠯᠤᠭᠠᠰᠤ ᠳᠤ ᠬᠦᠷᠴᠦ ᠂ 7 ᠰᠠᠷ᠎ᠠ ᠶᠢᠨ19᠎ ᠤ ᠡᠳᠦᠷ ᠤᠨ 15 ᠴᠠᠭ 30 ᠮᠢᠨᠥ᠋ᠲ ᠲᠤ᠌᠂ ᠤᠰᠤᠨ ᠤ ᠦᠵᠦᠭᠦᠷ ᠰᠤᠪᠨᠠᠭᠤᠷ ᠳᠤ ᠬᠦᠷᠴᠦ᠂ ᠲᠤᠰ ᠤᠳᠠᠭᠠᠨ ᠤ ᠤᠰᠤ ᠲᠤᠬᠢᠷᠠᠭᠤᠯᠤᠯᠳᠠ ᠨᠢ ᠰᠤᠪᠨᠠᠭᠤᠷ ᠳᠤ ᠠᠮᠵᠢᠯᠳᠠ ᠲᠠᠢ ᠪᠠᠷ ᠤᠰ ᠨᠦᠬᠦᠪᠦᠷᠢᠯᠡᠵᠤ ᠴᠢᠳᠠᠵᠠᠢ᠃      ᠬᠠᠷ᠎ᠠ ᠭᠤᠣᠯ ᠤᠨ ᠤᠰᠤ ᠲᠤᠬᠢᠷᠠᠭᠤᠯᠤᠯᠳᠠ ᠶᠢᠨ ᠠᠵᠢᠯᠯᠠᠭ᠎ᠠ ᠨᠢ ᠠᠰᠢᠭᠲᠠᠢ ᠬᠤᠪᠢᠷᠠᠯᠳᠠ ᠠᠷᠪᠢᠨ       ᠪᠠᠶᠢᠵᠦ᠂ ᠬᠠᠮᠢᠶ᠎ᠠ ᠪᠦᠬᠦᠢ ᠮᠠᠲ᠋ᠧᠷᠢᠶᠠᠯ ᠢᠯᠡᠷᠬᠡᠶᠢᠯᠡᠭᠰᠡᠨ ᠢᠶᠠᠷ ᠂ ᠰᠤᠪᠨᠠᠭᠤᠷ ᠳᠤ ᠦᠷᠭᠦᠯᠵᠢ ᠤᠷᠳᠤ ᠬᠤᠭᠤᠴᠠᠭ᠎ᠠ ᠪᠠᠷ ᠤᠰᠤ ᠲᠠᠢ ᠪᠠᠶᠢᠬᠤ ᠳᠤ᠂ ᠡᠷᠭᠢᠨ ᠲᠤᠭᠤᠷᠢᠨ ᠤ ᠭᠠᠵᠠᠷ ᠳᠤᠤᠷᠠᠬᠢ ᠤᠰᠤᠨ ᠤ ᠲᠦᠪᠰᠢᠨ ᠳᠡᠭᠡᠭᠰᠢᠯᠡᠯᠳᠡ ᠲᠠᠢ ᠪᠤᠯᠵᠤ᠂ ᠠᠮᠢᠲᠠᠨ ᠤᠷᠭᠤᠮᠠᠯ ᠶᠢᠨ ᠤᠯᠠᠨᠴᠢ ᠴᠢᠨᠠᠷ ᠢ ᠪᠠᠳᠤᠯᠠᠨ᠂ ᠲᠤᠤᠷᠠᠢ ᠮᠤᠳᠤᠨ ᠤ ᠤᠢ ᠳᠤ ᠠᠪᠤᠷᠠᠯᠳᠠ ᠶᠢᠨ ᠴᠢᠨᠠᠷᠲᠠᠢ ᠰᠡᠷᠭᠦᠭᠡᠯᠳᠡ ᠶᠢ ᠬᠦᠷᠳᠡᠵᠤ᠂ ᠰᠤᠪᠨᠠᠭᠤᠷ ᠵᠢᠴᠢ ᠲᠡᠭᠦᠨ ᠤ ᠲᠤᠭᠤᠷᠢᠨ ᠳᠠᠬᠢ ᠠᠮᠢ ᠠᠬᠤᠢ ᠶᠢᠨ ᠰᠢᠰᠲ᠋ᠧᠮ ᠢ ᠪᠦᠬᠦ ᠲᠠᠯ᠎ᠠ ᠪᠠᠷ ᠰᠡᠷᠭᠦᠭᠡᠬᠦ ᠪᠠ ᠳᠠᠬᠢᠨ ᠪᠦᠳᠦᠭᠡᠨ ᠪᠠᠶᠢᠭᠤᠯᠬᠤ ᠳᠤ ᠬᠠᠮᠤᠭ ᠤᠨ ᠰᠠᠭᠤᠷᠢ ᠨᠦᠭᠦᠴᠡᠯ ᠢ ᠬᠠᠩᠭᠠᠭᠰᠠᠨ ᠪᠠᠶᠢᠨ᠎ᠠ᠃      ᠤᠳᠤᠬᠠᠨ ᠳᠤ᠂ ᠮᠠᠨ ᠤ ᠬᠤᠰᠢᠭᠤ ᠬᠠᠷ᠎ᠠ ᠭᠤᠣᠯ ᠤᠨ ᠤᠷᠤᠰᠬᠠᠯ ᠤᠨ ᠬᠠᠮᠢᠶᠠᠷᠤᠯᠳᠠ ᠶᠢᠨ ᠲᠤᠪᠴᠢᠶ᠎ᠠ ᠲᠠᠢ ᠨᠢᠭᠲᠠ ᠬᠠᠮᠵᠢᠯᠴᠠᠵᠤ ᠂ ︽ᠰᠤᠪᠨᠠᠭᠤᠷ ᠤᠨ ᠬᠤᠷᠠᠵᠤ ᠲᠤᠨᠤᠬᠤ ᠬᠤᠪᠢᠷᠠᠯᠳᠠ ᠵᠢᠴᠢ ᠬᠠᠨᠳᠤᠰᠢ ᠶᠢᠨ ᠰᠤᠳᠤᠯᠤᠯᠳᠠ︾᠎ ᠶᠢ ᠶᠠᠪᠤᠭᠳᠠᠭᠤᠯᠵᠤ᠂ ᠤᠰᠤ ᠣᠷᠣᠬᠤ ᠪᠠ ᠬᠤᠷᠠᠵᠤ ᠲᠤᠨᠤᠬᠤ ᠵᠢᠮ᠎ᠡ ᠶᠢ ᠡᠵᠡᠮᠰᠢᠨ᠂ ᠰᠢᠨᠵᠢᠯᠡᠬᠦ ᠤᠬᠠᠭᠠᠨᠴᠢ᠂ ᠪᠦᠳᠦᠮᠵᠢᠲᠡᠢ ᠪᠠᠷ ᠨᠤᠭᠤᠭᠠᠨ ᠪᠦᠷᠢᠳᠦ ᠶᠢᠨ ᠤᠰᠤᠨ ᠤ ᠬᠡᠮᠵᠢᠶ᠎ᠡ ᠶᠢ ᠲᠤᠬᠢᠷᠠᠭᠤᠯᠬᠤ ᠳᠤ ᠲᠤᠯᠭᠠᠭᠤᠷᠢ ᠦᠢᠯᠡᠳᠦᠯ ᠦᠵᠡᠭᠦᠯᠵᠦ᠂ ᠡᠭᠦᠨ ᠤ ᠳᠠᠭᠠᠤ ᠳᠤ ᠬᠠᠷ᠎ᠠ ᠭᠤᠤᠯ ᠤᠨ ᠠᠳᠠᠭ ᠤᠨ ᠠᠮᠢ ᠠᠬᠤᠢ ᠶᠢᠨ ᠤᠰᠤᠨ ᠤ ᠬᠡᠷᠡᠭᠴᠡᠭᠡ ᠪᠠ ᠶᠠᠪᠤᠴᠠ ᠶᠢ ᠰᠤᠳᠤᠯᠵᠤ ᠂ ᠠᠮᠢ ᠠᠬᠤᠢ ᠶᠢᠨ ᠦᠪᠡᠷᠳᠡᠭᠡᠨ ᠵᠠᠰᠠᠪᠤᠷᠢᠯᠠᠬᠤ ᠴᠢᠳᠠᠪᠤᠷᠢ ᠶᠢ ᠪᠦᠷᠢᠨ ᠠᠰᠢᠭᠯᠠᠵᠤ ᠂ ᠬᠦᠮᠦᠨ ᠤ ᠬᠦᠴᠦᠨ ᠤ ᠠᠷᠭ᠎ᠠ ᠠᠪᠴᠢᠯ ᠢ ᠬᠠᠪᠰᠤᠷᠭᠠᠨ᠂ ᠰᠤᠪᠨᠠᠭᠤᠷ ᠵᠢᠴᠢ ᠲᠡᠭᠦᠨ ᠤ ᠲᠤᠭᠤᠷᠢᠨ ᠳᠠᠬᠢ ᠠᠮᠢ ᠠᠬᠤᠢ ᠶᠢ ᠰᠡᠷᠭᠦᠭᠡᠬᠦ ᠠᠯᠬᠤᠴᠠ ᠪᠠᠨ ᠲᠦᠷᠭᠡᠳᠬᠡᠵᠡᠢ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号