ᠮᠠᠨ ᠤ ᠬᠤᠰᠢᠭᠤ ᠮᠠᠰᠢᠨ ᠲᠡᠷᠭᠡ ᠶᠢ ᠳᠤᠷ᠎ᠠ ᠪᠠᠷ ᠵᠤᠭᠰᠤᠭᠠᠬᠤ ᠪᠠᠶᠢᠳᠠᠯ ᠳᠤ ᠲᠤᠰᠬᠠᠢ ᠴᠡᠭᠴᠡᠯᠡᠨ ᠵᠠᠰᠠᠯᠲᠠ ᠬᠢᠪᠡ
ᠨᠡᠶᠢᠲᠡᠯᠡᠭᠰᠡᠨ ᠴᠠᠭ᠄
2023/7/25
      ᠤᠶᠢᠷ᠎ᠠ ᠶᠢᠨ ᠡᠳᠦᠷ᠂ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ       ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶ᠎ᠠ ᠬᠤᠰᠢᠭᠤᠨ ᠤ ᠳᠤᠲᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠭᠠᠨ ᠤ ᠶᠡᠭᠡ ᠠᠩᠭᠢ᠂ ᠲᠤᠤᠷᠵᠢᠯ ᠬᠠᠮᠢᠶᠠᠷᠤᠯᠲᠠ ᠶᠢᠨ ᠠᠵᠢᠯᠲᠠᠨ ᠲᠠᠢ ᠬᠤᠯᠪᠤᠭᠠᠯᠠᠨ ᠬᠤᠰᠢᠭᠤᠨ ᠤ ᠬᠡᠪᠴᠢᠶᠡᠨ ᠳᠤ ᠮᠠᠰᠢᠨ ᠲᠡᠷᠭᠡ ᠶᠢ ᠲᠲ᠋ᠤᠷ᠎ᠠ ᠪᠠᠷ ᠵᠤᠭᠰᠤᠭᠠᠬᠤ ᠪᠠᠶᠢᠳᠠᠯ ᠳᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠪᠡ᠃      ᠠᠵᠢᠯᠯᠠᠭᠠᠨ ᠳᠤᠮᠳᠠ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠪᠠ ᠵᠠᠮ ᠬᠠᠷᠢᠯᠴᠠᠭᠠᠨ ᠤ ᠴᠠᠭᠳᠠᠭ᠎ᠠ ᠬᠠᠷᠢᠯᠴᠠᠨ ᠬᠠᠮᠵᠢᠯᠴᠠᠵᠤ᠂ ᠤᠬᠠᠭᠤᠯᠤᠨ ᠢᠳᠬᠠᠬᠤ ᠪᠠ ᠬᠠᠤᠯᠢ ᠶᠤᠰᠤᠭᠠᠷ       ᠰᠢᠳᠬᠡᠬᠦ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ ᠲᠤᠤᠷᠠᠢ ᠵᠡᠭᠡᠯᠢ᠂ ᠴᠡᠷᠢᠭ ᠠᠷᠠᠳ ᠤᠨ ᠵᠡᠭᠡᠯᠢ᠂ ᠰᠤᠪᠨᠠᠭᠤᠷ ᠵᠠᠮ ᠵᠢᠴᠢ ᠭᠤᠤᠯ ᠵᠠᠮ  ᠵᠡᠷᠭᠡ ᠭᠠᠵᠠᠷ ᠲᠤ ᠬᠠᠤᠯᠢ ᠲᠤᠭᠳᠠᠭᠠᠯ ᠠᠴᠠ ᠵᠦᠷᠢᠴᠠᠨ ᠲᠡᠷᠭᠡ ᠵᠤᠭᠰᠤᠭᠠᠬᠤ ᠦᠢᠯᠡ ᠠᠵᠢᠯᠯᠠᠭ᠎ᠠ ᠳᠤ ᠲᠤᠰᠬᠠᠢ ᠴᠡᠭᠴᠡᠯᠡᠨ ᠵᠠᠰᠠᠯᠲᠠ ᠬᠢᠵᠦ᠂ ᠨᠡᠶᠢᠲᠡ 13 ᠮᠠᠰᠢᠨ ᠲᠡᠷᠭᠡ ᠶᠢ       ᠵᠠᠶᠢᠯᠠᠭᠤᠯᠬᠤ ᠪᠠᠷ ᠢᠳᠬᠠᠨ ᠰᠠᠨᠠᠭᠤᠯᠵᠤ᠂ 9  ᠮᠠᠰᠢᠨ ᠲᠡᠷᠭᠡ ᠶᠢ ᠰᠢᠢᠳᠭᠡᠨ ᠲᠤᠷᠭᠠᠪᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号