ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠬᠤᠸᠠᠩ ᠶᠠ ᠯᠢ ᠡᠵᠡᠨ᠎ᠡ ᠬᠤᠰᠢᠭᠤᠨ ᠤ ᠬᠢᠯᠢ ᠶᠢᠨ ᠨᠢᠭᠡᠳᠦᠭᠡᠷ ᠹᠷᠣᠨᠲ ᠢᠶᠠᠷ ᠬᠦᠨᠵᠡᠭᠡᠶᠢᠷᠡᠪᠡ
ᠨᠡᠶᠢᠲᠡᠯᠡᠭᠰᠡᠨ ᠴᠠᠭ᠄
2023/7/27
      7 ᠰᠠᠷ᠎ᠠ ᠶᠢᠨ 23᠎ ᠤ ᠡᠳᠦᠷ ᠠᠴᠠ 24᠎ ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠬᠤᠸᠠᠩ ᠶᠠ ᠯᠢ ᠡᠵᠡᠨ᠎ᠡ ᠬᠤᠰᠢᠭᠤᠨ ᠤ ᠬᠢᠯᠢ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ᠂ ᠡᠭᠦᠷᠭᠡ ᠭᠦᠢᠴᠡᠳᠬᠡᠬᠦ ᠠᠷᠠᠳ ᠤᠨ ᠴᠠᠭᠳᠠᠭ᠎ᠠ᠂ ᠦᠨᠳᠦᠰᠦᠨ ᠱᠠᠲᠤᠨ ᠤ ᠺᠠᠳ᠋ᠷ ᠪᠣᠯᠣᠨ ᠬᠢᠯᠢ ᠶᠢᠨ ᠬᠠᠮᠠᠭᠠᠯᠠᠯᠲᠠ ᠶᠢᠨ ᠣᠯᠠᠨ ᠲᠦᠮᠡᠨ ᠢ ᠪᠣᠯᠭᠤᠭᠠᠨ ᠲᠣᠬᠤᠨᠢᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠢ ᡁᠢ ᠭᠦᠸᠧ᠂ ᠡᠵᠡᠨ᠎ᠡ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠯᠢ ᠵᠢᠶᠦ᠋ᠨ ᠪᠠᠷ᠎ᠠ ᠪᠣᠯᠵᠤ ᠲᠣᠬᠤᠨᠢᠭᠤᠯᠪᠠ᠃      ᠬᠢᠯᠢ ᠶᠢᠨ ᠬᠠᠮᠠᠭᠠᠯᠠᠯᠲᠠ ᠶᠢᠨ ᠨᠢᠭᠡᠨ ᠪᠠᠷᠢᠭᠠᠳᠠ ᠳᠤ᠂ ᠬᠤᠸᠠᠩ ᠶᠠ ᠯᠢ ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ︽8·1︾᠎ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠡᠢ᠃ ᠬᠤᠸᠠᠩ ᠶᠠ ᠯᠢ᠂ ᠬᠢᠯᠢ ᠶᠢᠨ ᠬᠠᠮᠠᠭᠠᠯᠠᠯᠲᠠ ᠶᠢᠨ ᠠᠵᠢᠯ ᠪᠣᠯ ᠤᠯᠤᠰ ᠢ ᠵᠠᠰᠠᠵᠤ ᠲᠦᠷᠦ ᠶᠢ ᠲᠦᠪᠰᠢᠳᠬᠡᠬᠦ ᠶᠡᠭᠡ ᠶᠠᠪᠤᠳᠠᠯ ᠮᠥᠨ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠷᠳᠤ ᠬᠤᠭᠤᠴᠠᠭ᠎ᠠ ᠪᠠᠷ ᠡᠬᠡ ᠤᠯᠤᠰ ᠤᠨ ᠬᠢᠯᠢ ᠳᠤ ᠰᠠᠭᠤᠷᠢᠰᠢᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠡᠬᠡᠪᠡᠷ ᠳᠡᠮᠵᠢᠵᠦ᠂ ᠴᠢᠩ ᠦᠨᠡᠨᠴᠢ ᠰᠡᠳᠬᠢᠯ ᠢᠶᠠᠷ ᠬᠢᠯᠢ ᠶᠢᠨ ᠬᠠᠮᠠᠭᠠᠯᠠᠯᠲᠠ ᠶᠢᠨ ᠠᠮᠤᠷ ᠲᠦᠪᠰᠢᠨ ᠪᠣᠯᠣᠨ ᠠᠷᠠᠳ ᠲᠦᠮᠡᠨ ᠤ ᠵᠣᠯ ᠵᠢᠷᠭᠠᠯ ᠢ ᠰᠠᠬᠢᠨ  ᠬᠠᠮᠠᠭᠠᠯᠠᠭᠰᠠᠨ ᠲᠠᠨᠠᠷ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠨ᠎ᠠ ᠭᠡᠵᠦ ᠢᠯᠡᠳᠬᠡᠪᠡ᠃ ᠡᠯ᠎ᠡ ᠱᠠᠲᠤᠨ ᠤ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ ᠪᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠳᠠᠷᠤᠭ᠎ᠠ ᠪᠠᠶᠢᠯᠳᠤᠭᠴᠢᠳ ᠤᠨ ᠬᠠᠯᠠᠭᠤᠨ ᠬᠦᠢᠲᠡᠨ ᠢ ᠰᠡᠳᠬᠢᠯ ᠳᠡᠭᠡᠨ ᠪᠤᠳᠤᠵᠤ᠂ ᠤᠰᠤ ᠴᠠᠬᠢᠯᠭᠠᠨ ᠵᠠᠮ ᠵᠠᠮ ᠬᠤᠯᠪᠤᠭ᠎ᠠ ᠵᠡᠷᠭᠡ ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ ᠬᠠᠪᠰᠤᠷᠤᠨ ᠰᠢᠢᠳᠪᠦᠷᠢᠯᠡᠵᠦ᠂ ᠳᠠᠷᠤᠭ᠎ᠠ ᠪᠠᠶᠢᠯᠳᠤᠭᠴᠢᠳ ᠤᠨ ᠬᠤᠶᠢᠰᠢᠳᠠ ᠶᠢᠨ ᠵᠣᠪᠠᠨᠢᠯ ᠢ ᠦᠨᠡᠨᠬᠦ ᠠᠷᠢᠯᠭᠠᠵᠤ᠂ ᠲᠡᠳᠡᠨ ᠤ ᠨᠠᠮ ᠪᠣᠯᠣᠨ ᠠᠷᠠᠳ ᠲᠦᠮᠡᠨ ᠤ ᠲᠥᠯᠥᠭᠡ ᠰᠡᠳᠬᠢᠯ ᠰᠢᠭᠤᠳᠤᠨ ᠬᠢᠯᠢ ᠬᠢᠵᠠᠭᠠᠷ ᠢ ᠰᠠᠶᠢᠲᠤᠷ ᠰᠠᠬᠢᠵᠤ᠂ ᠰᠡᠷᠭᠡᠶᠢᠯᠡᠯᠲᠡ ᠶᠢ ᠰᠠᠶᠢᠲᠤᠷ ᠪᠠᠬᠢᠵᠢᠭᠦᠯᠬᠦ ᠶᠢ ᠲᠡᠮᠵᠢᠭᠦ ᠬᠡᠷᠡᠭᠲᠡᠢ᠃      ᠬᠠᠷ᠎ᠠ ᠪᠦᠷᠭᠦᠳ ᠤᠨ ᠠᠭᠤᠯᠠ ᠪᠠᠯᠭᠠᠰᠤ᠂ ᠲᠣᠶᠢᠭ ᠰᠢᠯᠢ ᠪᠤᠯᠤᠨ ᠮᠠᠽᠦ᠋ᠩᠱᠠᠨ ᠬᠢᠯᠢ ᠶᠢᠨ ᠲᠣᠮᠢᠯᠠᠭᠰᠠᠨ ᠰᠠᠯᠪᠤᠷᠢ ᠳᠤ᠂ ᠬᠤᠸᠠᠩ ᠶᠠ ᠯᠢ ᠲᠣᠮᠢᠯᠠᠭᠰᠠᠨ ᠰᠠᠯᠪᠤᠷᠢ ᠶᠢᠨ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠴᠠᠭᠳᠠᠵᠤ ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠵᠤ᠂ ᠠᠷᠠᠳ ᠤᠨ ᠴᠠᠭᠳᠠᠭ᠎ᠠ ᠶᠢᠨ ᠣᠣᠭᠤᠬᠤ ᠤᠰᠤ᠂ ᠴᠠᠬᠢᠯᠭᠠᠨ᠂ ᠴᠢᠮᠡᠭᠡ ᠨᠡᠪᠲᠡᠷᠡᠯᠭᠡ᠂ ᠵᠠᠮ ᠬᠠᠷᠢᠯᠴᠠᠭ᠎ᠠ ᠪᠣᠯᠣᠨ ᠪᠡᠶ᠎ᠡ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠠᠢ᠃ ᠬᠤᠸᠠᠩ ᠶᠠ ᠯᠢ᠂ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠢᠨ ︽ᠠᠮᠢ ᠨᠠᠰᠤᠨ ᠤ ᠬᠤᠷᠢᠭᠠᠲᠤ ᠣᠷᠣᠨ︾᠎ ᠳᠤ ᠦᠨᠳᠦᠰᠦᠯᠡᠵᠦ᠂ ᠭᠤᠪᠢ ᠶᠢᠨ ᠬᠢᠯᠢ ᠶᠢᠨ ᠪᠣᠭᠤᠮᠲᠠ ᠶᠢ ᠰᠠᠬᠢᠨ ᠬᠠᠮᠠᠭᠠᠯᠠᠬᠤ᠂ ᠬᠢᠯᠢ ᠶᠢᠨ ᠤᠯᠠᠨ ᠲᠦᠮᠡᠨ ᠳᠤ ᠦᠢᠯᠡᠴᠢᠯᠡᠬᠦ ᠲᠡᠰᠪᠦᠷᠢ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠨᠢ ᠬᠥᠮᠥᠰ ᠢ ᠪᠢᠰᠢᠷᠡᠭᠦᠯᠬᠦ ᠶᠢᠨ ᠬᠠᠮᠲᠤ ᠺᠠᠳ᠋ᠷ ᠴᠠᠭᠳᠠᠭ᠎ᠠ ᠶᠢ ᠢᠷᠠᠭᠤ ᠠᠯᠳᠠᠷᠲᠤ ᠤᠯᠠᠮᠵᠢᠯᠠᠯ ᠪᠣᠯᠣᠨ ᠰᠢᠯᠢᠳᠡᠭ ᠰᠤᠷᠲᠠᠯ ᠢᠶᠠᠨ ᠤᠯᠠᠮᠵᠢᠯᠠᠨ ᠪᠠᠳᠠᠷᠠᠭᠤᠯᠵᠤ᠂ ᠬᠢᠯᠢ ᠪᠠᠨ ᠰᠠᠬᠢᠵᠤ ᠬᠠᠮᠠᠭᠠᠯᠠᠯᠲᠠ ᠪᠠᠨ ᠪᠠᠬᠢᠵᠢᠭᠦᠯᠬᠦ᠂ ᠤᠯᠠᠨ ᠲᠦᠮᠡᠨ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠰᠠᠶᠢᠲᠤᠷ ᠭᠦᠢᠴᠡᠳᠬᠡᠬᠦ ᠬᠡᠷᠡᠭᠲᠡᠢ ᠭᠡᠵᠦ ᠵᠣᠷᠢᠭᠵᠢᠭᠤᠯᠪᠠ᠃ ᠬᠤᠸᠠᠩ ᠶᠠ ᠯᠢ ᠪᠠᠰᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠣᠮᠢᠯᠠᠭᠰᠠᠨ ᠰᠠᠯᠪᠤᠷᠢ ᠳᠤ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠬᠢᠨᠠᠮᠠᠭᠠᠢ ᠪᠠᠶᠢᠴᠠᠭᠠᠨ ᠰᠤᠳᠤᠯᠵᠤ᠂ ᠳᠠᠷᠤᠶᠢᠬᠠᠨ ᠲᠥᠰᠥᠯ ᠭᠠᠷᠭᠠᠵᠤ᠂ ᠤᠰᠤ ᠤᠮᠳᠠ ᠶᠢ ᠴᠡᠪᠡᠷᠰᠢᠭᠦᠯᠬᠦ᠂ ᠲᠣᠭᠤᠷᠢᠨ ᠴᠠᠭᠳᠠᠬᠤ ᠵᠠᠮ ᠬᠠᠷᠢᠯᠴᠠᠭᠠᠨ ᠤ ᠪᠠᠭᠠᠵᠢ ᠵᠡᠷᠭᠡ ᠪᠣᠳᠠᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠵᠠᠬᠢᠪᠠ᠃      ᠬᠢᠯᠢ ᠬᠢᠵᠠᠭᠠᠷ ᠢ ᠰᠠᠬᠢᠵᠤ ᠪᠠᠶᠢᠭ᠎ᠠ ᠡᠷᠦᠬᠡ ᠪᠦᠬᠡᠪᠠᠭᠠᠳᠤᠷ ᠤᠨ ᠭᠡᠷ ᠲᠤ᠂ ᠬᠤᠸᠠᠩ ᠶᠠ ᠯᠢ ᠤᠤᠭᠤᠬᠤ ᠤᠰᠤ ᠬᠡᠷᠡᠭᠯᠡᠬᠦ ᠴᠠᠬᠢᠯᠭᠠᠨ᠂ ᠡᠪᠡᠳᠴᠢᠨ ᠡᠮᠨᠠᠭᠦᠯᠦᠯᠲᠡ᠂ ᠨᠤᠲᠤᠭ ᠪᠡᠯᠴᠢᠭᠡᠷ ᠤᠨ ᠱᠠᠩᠨᠠᠯ ᠨᠥᠬᠦᠪᠦᠷᠢ᠂ ᠬᠢᠯᠢ ᠶᠢᠨ ᠬᠠᠮᠠᠭᠠᠯᠠᠯᠲᠠ ᠶᠢᠨ ᠨᠥᠬᠦᠪᠦᠷᠢ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠢᠯᠢ ᠶᠢᠨ ᠬᠠᠮᠠᠭᠠᠯᠠᠭᠴᠢ ᠪᠠ ᠨᠠᠮ ᠤᠨ ᠭᠡᠰᠢᠭᠦᠨ ᠤ ᠭᠤᠣᠯ ᠡᠷᠦᠬᠡ ᠶᠢᠨ ᠦᠢᠯᠡᠳᠦᠯ ᠢ ᠨᠢ ᠰᠠᠶᠢᠲᠤᠷ ᠪᠠᠳᠠᠷᠠᠭᠤᠯᠵᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠪᠠ ᠨᠥᠬᠦᠪᠦᠷᠢ ᠶᠢ ᠰᠠᠶᠢᠲᠤᠷ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠠᠮᠢᠳᠤᠷᠠᠯ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠨᠢ ᠢ ᠰᠠᠶᠢᠲᠤᠷ ᠰᠢᠢᠳᠪᠦᠷᠢᠯᠡᠵᠦ᠂ ᠲᠡᠳᠡᠨ ᠢ ᠰᠠᠨᠠᠭ᠎ᠠ ᠠᠮᠤᠷ ᠬᠢᠯᠢ ᠶᠢᠨ ᠬᠠᠮᠠᠭᠠᠯᠠᠵᠤ᠂ ᠦᠨᠡᠨᠬᠦ ᠬᠢᠯᠢ ᠶᠢᠨ ᠱᠤᠭᠤᠮ ᠤᠨ ᠪᠠᠲᠤ ᠪᠠᠬᠢ ᠪᠠᠬᠢᠯᠡᠯᠲᠡ ᠪᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃        ᠬᠠᠷ᠎ᠠ ᠪᠦᠷᠭᠦᠳ ᠤᠨ ᠠᠭᠤᠯᠠ ᠪᠠᠯᠭᠠᠰᠤ ᠪᠣᠯᠣᠨ ᠮᠠᠽᠦ᠋ᠩᠱᠠᠨ ᠰᠤᠮᠤᠨ ᠤ ᠰᠠᠭᠤᠭ᠎ᠠ ᠭᠠᠵᠠᠷ ᠲᠤ᠂ ᠬᠤᠸᠠᠩ ᠶᠠ ᠯᠢ ᠦᠨᠳᠦᠰᠦᠨ ᠱᠠᠲᠤᠨ ᠤ ᠺᠠᠳ᠋ᠷ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠰᠤᠮᠤ ᠪᠠᠯᠭᠠᠰᠤ ᠶᠢᠨ ᠨᠠᠮ ᠤᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠨᠡᠶᠢᠭᠡᠮ ᠤᠨ ᠵᠠᠰᠠᠯᠲᠠ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠬᠤᠸᠠᠩ ᠶᠠ ᠯᠢ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠨ ᠤᠯᠠᠨ ᠲᠦᠮᠡᠨ ᠳᠤ ᠨᠠᠮ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠤᠬᠠᠭᠤᠯᠤᠨ ᠲᠠᠶᠢᠯᠪᠤᠷᠢᠯᠠᠵᠤ᠂ ᠲᠡᠳᠡᠨ ᠢ ᠬᠠᠪᠰᠤᠷᠤᠨ ︽ᠭᠤᠷᠪᠠᠨ ᠲᠠᠩᠰᠠ︾ ᠎ ᠶᠢ ᠰᠠᠶᠢᠲᠤᠷ ᠪᠤᠳᠤᠵᠤ᠂ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠥᠷᠭᠡᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠺᠠᠳ᠋ᠷᠴᠤᠳ ᠤᠨ ᠠᠵᠢᠯ ᠠᠮᠢᠳᠤᠷᠠᠯ ᠢ ᠰᠠᠶᠢᠲᠤᠷ ᠪᠠᠲᠤᠯᠠᠵᠤ᠂ ᠲᠡᠳᠡᠨ ᠤ ᠨᠡᠩ ᠤᠯᠠᠨ ᠴᠠᠭ ᠪᠠ ᠤᠶᠤᠨ ᠴᠢᠳᠠᠯ ᠢᠶᠠᠷ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠦᠢᠯᠡᠴᠢᠯᠡᠭᠡ ᠬᠠᠩᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃ 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号