︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠤᠨᠤᠰᠴᠤ ᠨᠠᠮ ᠢᠶᠠᠨ ᠲᠠᠭᠠᠨ︾ ᠠᠷᠠᠳ ᠤᠨ ᠬᠦᠴᠢᠷ ᠢ ᠰᠢᠢᠳᠪᠤᠷᠢᠯᠡᠵᠦ᠂ ᠮᠠᠯᠴᠢᠳ ᠢ ᠬᠠᠯᠠᠮᠵᠢᠯᠡᠨ ᠲᠤᠬᠤᠨᠢᠭᠤᠯᠪᠡ
ᠨᠡᠶᠢᠲᠡᠯᠡᠭᠰᠡᠨ ᠴᠠᠭ᠄
2023/7/27
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ‌‍ᠲ᠋ᠤᠤᠱᠯᠠᠭᠤᠯᠵᠤ ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ︾ ᠲᠠᠪᠤᠨ ᠪᠣᠳᠠᠲᠤ ᠶᠠᠪᠤᠳᠠᠯ ᠢ ᠲᠤᠳᠤᠷᠬᠠᠢ ᠤᠬᠠᠭᠤᠯᠵᠦ᠂ ᠦᠨᠳᠦᠰᠦᠲᠡᠨ ᠤ ᠠᠵᠢᠯ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠬᠤ ᠶᠢᠨ ᠲᠤᠰᠠᠳᠠ᠂ ᠡᠨᠡ ᠵᠢᠯ ᠠᠴᠠ ᠨᠠᠭᠠᠰᠢ᠂ ᠲᠠᠯᠠᠶᠢᠬᠦ᠋ᠪ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠴᠢᠩᠭ᠎ᠠ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠲᠣᠬᠤᠨᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂       ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠬᠦᠴᠢᠷ ᠢ ᠰᠢᠢᠳᠪᠤᠷᠢᠯᠡᠨ ᠦᠭᠴᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠮᠠᠯᠴᠢᠳ ᠤᠨ ᠭᠡᠷ ᠲᠤ ᠬᠦᠷᠭᠡᠪᠡ᠃      ᠲᠣᠬᠤᠨᠢᠭᠤᠯᠬᠤ ᠲᠤᠮᠳᠠ᠂ ᠮᠠᠯᠴᠢᠳ ᠤᠨ ᠲᠡᠵᠢᠭᠡᠯ ᠪᠣᠷᠳᠤᠭ᠎ᠠ ᠨᠥᠭᠡᠴᠡᠯᠡᠬᠦ᠂ ᠲᠥᠯ ᠲᠤᠰᠴᠤ ᠪᠣᠶᠢᠵᠢᠭᠤᠯᠬᠤ᠂ ᠲᠠᠷᠢᠶ᠎ᠠ ᠤᠰᠤᠯᠠᠬᠤ ᠵᠡᠷᠭᠡ ᠦᠶᠯᠡᠳᠪᠦᠷᠢᠯᠡᠯ ᠠᠮᠢᠳᠤᠷᠠᠯ ᠤᠨ ᠪᠠᠶᠢᠳᠠᠯ ᠵᠢᠴᠢ ᠪᠡᠶ᠎ᠡ ᠮᠠᠬᠠᠪᠣᠳ ᠤᠨ ᠡᠷᠡᠭᠦᠯ ᠮᠡᠨᠳᠦ ᠵᠡᠷᠭᠡ ᠬᠡᠷ ᠪᠦᠯᠢ ᠶᠢᠨ ᠬᠥᠮᠦᠰ ᠤᠨ ᠪᠠᠶᠢᠳᠠᠯ ᠢ ᠨᠠᠷᠢᠨ ᠠᠰᠠᠭᠤᠵᠤ᠂ ᠣᠷᠣᠰᠢᠵᠤ ᠪᠠᠶᠢᠭ᠎ᠠ ᠪᠣᠳᠠᠲᠠᠶ ᠬᠦᠴᠢᠷᠳᠡᠯ ᠪᠠ ᠬᠦᠰᠡᠯ ᠱᠠᠭᠠᠷᠳᠠᠯᠭ᠎ᠠ ᠶᠢ ᠨᠢ ᠤᠶᠢᠯᠠᠭᠠᠨ ᠡᠵᠡᠮᠰᠢᠬᠦ ᠶᠢᠨ ᠬᠠᠮᠲᠤ ᠨᠠᠮ ᠪᠠ ᠵᠠᠰᠠᠭ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ᠃ ᠡᠭᠦᠨ ᠤ ᠬᠠᠮᠳᠦ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠰᠡᠷᠭᠡᠶᠢᠯᠡᠯᠲᠡ ᠂ ᠤᠰᠤᠨ ᠰᠢᠰᠲ᠋ᠧᠮ ᠎ ᠤᠨ ᠬᠠᠮᠠᠭᠠᠯᠠᠯᠲᠠ᠂ ᠪᠷᠦ᠋ᠼᠧᠯ       ᠡᠪᠡᠳᠴᠢᠨ᠂ ᠬᠤᠯᠤᠭᠠᠨ᠎ᠠ  ᠶᠢᠨ ᠬᠢᠵᠢᠭ ᠎ ᠢ ᠰᠡᠷᠭᠡᠶᠢᠯᠡᠨ ᠵᠠᠰᠠᠬᠤ ᠂ ᠮᠡᠭᠡᠯᠡᠯᠲᠡ ᠶᠢ ᠰᠡᠷᠭᠡᠶᠢᠯᠡᠬᠦ ᠵᠡᠷᠭᠡ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠮᠠᠯᠴᠢᠳ ᠎ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠡᠮᠵᠢᠯᠡᠬᠦ ᠤᠬᠠᠮᠰᠠᠷ ᠢ ᠨᠢ ᠨᠡᠮᠡᠭᠳᠡᠭᠦᠯᠦᠨ᠂ ᠦᠢᠯᠡᠳᠪᠦᠷᠢᠯᠡᠯ ᠠᠮᠢᠳᠤᠷᠠᠯ ᠤᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠪᠡ᠃      ᠭᠠᠮᠰᠢᠭ ᠢ ᠡᠰᠡᠷᠭᠦᠴᠡᠨ ᠮᠠᠯ ᠲᠡᠮᠡᠭᠡ ᠶᠢ ᠲᠣᠭᠲᠠᠭᠤᠨ ᠪᠠᠶᠢᠯᠭᠠᠬᠤ ᠪᠠ ᠲᠠᠷᠢᠶᠠᠴᠢᠨ ᠮᠠᠯᠴᠢᠳ ᠢ ᠠᠮᠤᠷ ᠲᠦᠪᠰᠢᠨ ᠢᠶᠠᠷ ᠡᠪᠦᠯ ᠢ ᠥᠩᠭᠡᠷᠡᠭᠦᠯᠬᠦ ᠶᠠᠪᠤᠳᠠᠯ ᠨᠢ ᠶᠡᠷᠦ ᠠᠴᠠ ᠲᠠᠷᠢᠶᠠᠴᠢᠨ ᠮᠠᠯᠴᠢᠳ ᠤᠨ ᠲᠤᠰᠬᠠᠯ ᠢᠶᠠᠷ ᠬᠠᠮᠤᠭ ᠤᠨ ᠴᠢᠩᠭ᠎ᠠ ᠠᠰᠠᠭᠤᠳᠠᠯ ᠪᠣᠯᠬᠤᠷ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠠᠳᠬᠤᠨ᠂ ᠤᠢᠢᠷ᠎ᠡ ᠶᠢᠨ ᠵᠢᠯ ᠠᠴᠠ ᠨᠠᠭᠠᠰᠢ᠂ ᠲᠠᠯᠠᠶᠢᠬᠦ᠋ᠪ ᠪᠠᠯᠭᠠᠰᠤ ᠮᠠᠯᠴᠢᠳ ᠤᠨ ᠬᠦᠴᠢᠷ ᠢ ᠰᠢᠢᠳᠪᠦᠷᠢᠯᠡᠬᠦ ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠬᠦᠨᠡᠰᠦ ᠲᠤᠰᠤ᠂ ᠡᠮ ᠤᠨ ᠵᠦᠢᠯᠡᠰ ᠵᠡᠷᠭᠡ ᠡᠯ᠎ᠡ ᠵᠦᠢᠯ ᠤᠨ ᠡᠳ᠋ ᠪᠣᠳᠠᠰ ᠲᠠᠷᠬᠠᠭᠠᠬᠤ ᠪᠠᠷ ᠲᠠᠮᠵᠢᠨ ᠮᠠᠯᠴᠢᠳ ᠢ ᠬᠠᠪᠰᠤᠷᠤᠨ ᠠᠮᠤᠷ ᠲᠦᠪᠰᠢᠨ ᠢᠶᠠᠷ ᠡᠪᠦᠯᠵᠢᠬᠦᠯᠪᠡ᠃ 3 ᠳ᠋ᠤᠭᠠᠷ ᠰᠠᠷ᠎ᠠ ᠶᠢᠨ ᠡᠬᠢ ᠪᠠᠷ᠂ ᠳᠠᠯᠠᠶᠢᠬᠦᠪ ᠪᠠᠯᠭᠠᠰᠤ ᠨᠢ ᠤᠯᠠᠭᠠᠨᠭᠡᠷᠡᠯ ᠭᠠᠴᠠᠭᠠᠨ ᠤ 42 ᠡᠷᠦᠬᠡ ᠮᠠᠯᠴᠢᠨ ᠲᠠᠷᠢᠶᠠᠴᠢᠨ ᠳᠤ 30 ᠲᠣᠨ ᠭᠠᠩ ᠬᠠᠭᠰᠠᠷᠠᠭᠠᠨ ᠲᠠᠢ ᠲᠡᠮᠡᠴᠡᠬᠦ ᠲᠡᠵᠢᠭᠡᠯ ᠡᠪᠡᠰᠦ ᠪᠣᠷᠳᠤᠭ᠎ᠠ ᠶᠢ ᠦᠨ᠎ᠡ ᠲᠥᠯᠥᠪᠦᠷᠢ ᠦᠭᠡᠶ ᠪᠠᠷ ᠣᠯᠭᠤᠵᠤ᠂ ᠮᠠᠯᠴᠢᠨ ᠲᠠᠷᠢᠶᠠᠴᠢᠨ ᠤ ᠬᠠᠪᠤᠷ ᠤᠨ       ᠤᠯᠠᠷᠢᠯ ᠤᠨ ᠲᠡᠵᠢᠭᠡᠯ ᠡᠪᠡᠰᠦ ᠪᠣᠷᠳᠤᠭ᠎ᠠ ᠳᠤᠲᠠᠭᠳᠠᠬᠤ ᠬᠦᠴᠢᠷᠳᠡᠯ ᠢ ᠰᠢᠢᠳᠪᠤᠷᠢᠯᠡᠪᠡ᠃ 4 ᠰᠠᠷ᠎ᠠ ᠶᠢᠨ       ᠡᠬᠢ ᠪᠠᠷ᠂ ᠭᠡᠨᠡᠳᠲᠡ ᠴᠠᠰᠤ ᠤᠷᠤᠭᠰᠠᠨ ᠠᠴᠠ ᠪᠣᠯᠵᠣ ᠮᠠᠯᠴᠢᠨ ᠰᠠᠶᠢᠨᠳᠠᠯᠠᠢ ᠶᠢᠨ ᠨᠢᠭᠡ ᠪᠤᠲᠤᠭᠤ ᠬᠥᠯᠳᠡᠵᠦ ᠥᠭᠦᠭᠰᠡᠨ ᠳᠤ ᠪᠠᠯᠭᠠᠰᠤᠨ ᠠᠴᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠎ ᠲᠠᠢ ᠢᠳᠡᠪᠬᠢᠲᠡᠶ ᠬᠠᠷᠢᠯᠴᠡᠨ᠂ 2200 ᠲᠥᠭᠦᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠯᠠ ᠮᠥᠩᠭᠦ ᠭᠤᠶᠤᠴᠢᠯᠡᠨ ᠤᠯᠭᠤᠵᠦ ᠦᠭᠪᠡ᠃      ᠳᠠᠷᠠᠭᠠᠴᠢ ᠶᠢᠨ ᠠᠯᠬᠤᠮ ᠳᠤ᠂ ᠲᠠᠯᠠᠶᠢᠬᠦ᠋ᠪ ᠪᠠᠯᠭᠠᠰᠤ ᠬᠥᠳᠡᠭᠡ ᠲᠣᠰᠬᠤᠨ ᠮᠠᠯᠵᠢᠬᠤ ᠣᠷᠣᠨ ᠢᠶᠠᠷ ᠲᠣᠬᠤᠨᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠰᠠᠯᠠᠭ᠎ᠠ ᠮᠦᠴᠢᠷ ᠲᠠᠢ ᠬᠠᠷᠢᠯᠴᠠᠨ ᠮᠠᠯᠴᠢᠳ ᠤᠨ ᠬᠠᠮᠤᠭ ᠠᠴᠠ ᠰᠠᠨᠠᠭᠠᠰᠢᠷᠠᠵᠤ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠯ᠎ᠠ ᠦᠨᠳᠦᠰᠦᠲᠡᠨ ᠤ ᠤᠯᠠᠨ ᠲᠦᠮᠡᠨ ᠳᠤ ᠨᠠᠮ ᠪᠣᠯᠤᠨ ᠵᠠᠰᠠᠭ ᠤᠨ ᠬᠠᠯᠠᠮᠵᠢᠯᠠᠯ ᠢ ᠮᠡᠳᠡᠷᠡᠭᠦᠯᠵᠦ᠂ ᠤᠯᠡᠨ ᠲᠦᠮᠡᠨ ᠢ ᠬᠦᠳᠦᠯᠦᠨ ᠵᠢᠯᠤᠭᠤᠳᠴᠦ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠢᠨ᠎ᠡ ᠳᠡᠭᠲᠡᠷ ᠲᠤ ᠭᠠᠷᠭᠠᠨ᠎ᠠ᠃  
 
ᠢᠷᠡᠯᠲᠡ᠄ ᠳᠠᠯᠠᠶᠢᠭᠦ᠋ᠪ ᠪᠠᠯᠭᠠᠰᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号