ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/8/1
      ᠬᠤᠰᠢᠭᠤᠨ ᠨᠠᠮ ᠤᠨ ᠬᠤᠷᠢᠶ᠎ᠠ ᠶᠢᠨ ᠰᠤᠳᠤᠯᠤᠯᠲᠠ ᠪᠠᠷ ᠳᠡᠮᠵᠢᠨ᠂ ᠳᠣᠣᠷᠠᠬᠢ ᠳᠡᠪᠰᠢᠭᠦᠯᠬᠦ ᠪᠠᠷ ᠪᠠᠶᠢᠭ᠎ᠠ 3 ᠺᠠᠳ᠋ᠷ ᠢ ᠵᠠᠷᠯᠠᠨ ᠨᠡᠶᠢᠲᠡᠯᠡᠬᠦ ᠪᠠᠷ ᠲᠣᠭᠲᠠᠪᠠ᠄      ᠨᠢᠭᠡ᠂ ᠢᠯᠡ ᠨᠡᠶᠢᠲᠡᠯᠡᠬᠦ ᠨᠡᠷᠡᠰ      ᠨᠢᠶᠧ ᠵᠧᠩ ᠷᠦ᠂ ᠡᠮᠡᠭᠲᠡᠢ᠂ ᠬᠢᠲᠠᠳ ᠦᠨᠳᠦᠰᠦᠲᠡᠨ᠂ 1988 ᠣᠨ ᠤ 6 ᠰᠠᠷ᠎ᠠ ᠳᠤ ᠳᠦᠷᠦᠵᠡᠶ᠃ ᠶᠡᠭᠡ ᠰᠤᠷᠭᠠᠭᠤᠯᠢ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠵᠢᠩᠬᠢᠨᠢ ᠠᠩᠭᠢ ᠶᠢᠨ ᠰᠣᠷᠣᠯᠭ᠎ᠠ ᠶᠢᠨ           ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠣᠶ᠃      ᠶᠠᠩ ᠰᠢᠤᠸᠠᠢ ᠮᠧᠶ᠂ ᠡᠮᠡᠭᠲᠡᠢ᠂ ᠬᠢᠲᠠᠳ ᠦᠨᠳᠦᠰᠦᠲᠡᠨ᠂ 1978 ᠣᠨ ᠤ 11 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠣᠷᠣᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠰᠠᠬᠢᠯᠭ᠎ᠠ ᠪᠠᠲᠤ ᠶᠢᠨ ᠠᠵᠢᠯ ᠤᠨ ᠵᠥᠪᠯᠡᠯ ᠤᠨ ᠱᠦᠵᠢ ᠶᠢᠨ ᠲᠤᠰᠢᠶᠠᠯ ᠢ ᠬᠠᠷᠢᠭᠤᠴᠠᠵᠤ᠂ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠲᠤᠰᠢᠶᠠᠯ ᠳᠤ ᠲᠣᠮᠢᠯᠠᠬᠤ ᠪᠠᠷ ᠪᠣᠶ᠃       ᠭᠥᠸᠧ ᠸᠧᠨ ᠵᠢᠤᠸᠠᠨ᠂ ᠡᠮᠡᠭᠲᠡᠢ᠂ ᠬᠢᠲᠠᠳ ᠦᠨᠳᠦᠰᠦᠲᠡᠨ᠂ 1984 ᠣᠨ ᠤ 10 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ‌‍ᠶᠢᠨ ᠰᠣᠷᠣᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠳ᠋ᠦᠩᠹᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠯᠠᠨ ᠲᠥᠮᠡᠨᠴᠢ ᠦᠢᠯᠡᠴᠢᠯᠡᠭᠡᠨ ᠤ ᠲᠥᠪ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠲᠤᠰᠢᠶᠠᠯ ᠳᠤ ᠲᠣᠮᠢᠯᠠᠬᠤ ᠪᠠᠷ ᠪᠤᠢ᠃      ᠬᠤᠶᠠᠷ᠂ ᠢᠯᠡ ᠨᠡᠶᠢᠲᠡᠯᠡᠬᠦ ᠴᠠᠭ      ᠵᠠᠷᠯᠠᠨ ᠨᠡᠶᠢᠲᠡᠯᠡᠬᠦ ᠴᠠᠭ ᠨᠢ 5 ᠠᠵᠢᠯᠯᠠᠬᠤ ᠡᠳᠦᠷ ︵2023 ᠣᠨ ᠤ 7 ᠰᠠᠷ᠎ᠠ ᠶᠢᠨ 31᠎ ᠤ ᠡᠳᠦᠷ ᠠᠴᠠ 2023 ᠣᠨ ᠤ 8 ᠰᠠᠷ᠎ᠠ ᠶᠢᠨ 4᠎ ᠤ ᠡᠳᠦᠷ ᠪᠣᠯᠲᠠᠯ᠎ᠠ︶ ᠪᠣᠯᠣᠨ᠎ᠠ᠃      ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ       ᠪᠠᠶᠢᠭᠤᠯᠭ᠎ᠠ ᠨᠢᠭᠡᠴᠡ ᠪᠣᠯᠣᠨ ᠬᠤᠪᠢ ᠬᠥᠮᠥᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤ ᠣᠬᠤᠷ ᠴᠢᠮᠡᠭᠡ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠨ᠎ᠠ᠃      ᠵᠠᠷᠯᠠᠨ ᠨᠡᠶᠢᠲᠡᠯᠡᠬᠦ ᠶᠢ ᠭᠥᠯᠢᠶᠡᠨ ᠠᠪᠴᠤ ᠰᠢᠢᠳᠪᠦᠷᠢᠯᠡᠬᠦ ᠠᠯᠪᠠᠨ ᠭᠡᠷ ᠢ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷᠴᠤᠳ ᠲᠤ ᠬᠢᠨᠠᠯᠲᠠ ᠲᠠᠯᠪᠢᠬᠤ ᠲᠠᠰᠤᠭ ︵ᠨᠠᠮ ᠵᠠᠰᠠᠭ ᠤᠨ ᠲᠣᠮᠣ ᠠᠰᠠᠷ ᠤᠨ 410 ᠲᠠᠰᠤᠭ︶᠎ ᠲᠤ ᠲᠣᠬᠢᠷᠠᠭᠤᠯᠪᠠ᠃      ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 ︱ 12᠄ 00᠂ ᠦᠳᠡ ᠶᠢᠨ ᠬᠤᠶᠢᠨᠠᠬᠢ 15᠄ 00 ︱ 18᠄ 00᠃      ᠬᠦᠯᠢᠶᠡᠨ ᠠᠪᠬᠤ ᠤᠲᠠᠰᠤ᠄ 12380 ︱ 4      ᠣᠬᠤᠷ ᠮᠡᠳᠡᠭᠡ ᠶᠢ ᠭᠥᠯᠢᠶᠡᠨ ᠠᠪᠴᠤ ᠰᠢᠢᠳᠪᠦᠷᠢᠯᠡᠬᠦ ᠲᠠᠪᠴᠠᠩ᠄ 15374832380      ᠣᠨᠴᠠᠭᠠᠶᠢᠯᠠᠨ ᠵᠠᠷᠯᠠᠪᠠ             ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠨ᠎ᠡ ᠬᠤᠰᠢᠭᠤᠨ ᠤ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ                                      2023 ᠣᠨ ᠤ 7 ᠰᠠᠷ᠎ᠠ ᠶᠢᠨ 30 ᠡᠳᠦᠷ 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号