ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄ | ︽ᠡᠵᠡᠨ᠎ᠡ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ | ᠲᠥᠰᠥᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠪᠡ᠃ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | ᠳᠠᠭᠠᠯᠳᠤᠭᠤᠯᠤᠯ᠄ ᠡᠵᠡᠨ᠎ᠡ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠬᠡᠷᠡᠭᠵᠢᠭᠦᠯᠬᠦ ᠲᠥᠰᠦᠯ | 2023 ᠣᠨ ᠤ 8 ᠰᠠᠷ᠎ᠠ ᠶᠢᠨ 2 ᠤᠨ ᠡᠳᠦᠷ | | ᠡᠵᠡᠨ᠎ᠡ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢᠨ | ᠬᠡᠷᠡᠭᠵᠢᠭᠦᠯᠬᠦ ᠲᠥᠰᠦᠯ | ᠶᠡᠷᠦᠩᠬᠡᠶ ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠪᠠ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ︽ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ | ᠬᠥᠲᠥᠯᠪᠦᠷᠢ ︵2022 - 2035 ᠣᠨ︶︾ ︵ᠲᠥᠷᠥ ᠲᠠᠷᠬᠠᠭᠠᠭᠰᠠᠨ ﹇2020﹈ 11 ᠳ᠋ᠦ᠋ᠭᠡᠷ | ᠲᠣᠭᠠᠲᠤ︶ ᠶᠢ ᠭᠦᠨᠵᠡᠭᠡᠶ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠴᠠᠭ ᠠᠭᠤᠷ ᠤᠨ | ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠨ᠂ ᠡᠵᠡᠨ᠎ᠡ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ︽ᠠᠯᠠᠱᠠ ᠠᠶᠢᠮᠠᠭ ᠤᠨ ᠵᠠᠬᠢᠷᠭ᠎ᠠ ᠶᠢᠨ ᠰᠠᠨᠠᠯ︾ ︵ᠠᠯᠠᠱᠠ | ᠵᠠᠬᠢᠷᠭ᠎ᠠ ᠲᠠᠷᠬᠠᠭᠠᠭᠰᠠᠨ ︹2022︺ 39 ᠳ᠋ᠦ᠋ᠭᠡᠷ ᠲᠣᠭᠠᠲᠤ︶᠂ ᠳᠣᠷᠣᠭᠰᠢ ︽ᠰᠠᠨᠠᠯ︾ ᠭᠡᠵᠦ | ᠲᠣᠪᠴᠢᠯᠠᠨ᠎ᠠ︶ ᠤᠨ ᠡᠯ᠎ᠡ ᠵᠦᠢᠯ ᠤᠨ ᠡᠭᠦᠷᠭᠡ ᠶᠢ ᠤᠷᠤᠭᠰᠢᠲᠠᠶ ᠬᠡᠷᠡᠭᠵᠢᠭᠦᠯᠵᠦ᠂ ᠬᠥᠭᠵᠢᠯᠲᠡ ᠶᠢᠨ ᠬᠠᠷᠠᠯᠲᠠ ᠳᠤ | ᠬᠦᠷᠦᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠡᠵᠡᠨ᠎ᠡ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠪᠠ ᠪᠣᠳᠠᠲᠠᠶ ᠬᠡᠷᠡᠭᠴᠡᠭᠡ ᠳᠤ ᠰᠠᠭᠤᠷᠢᠯᠠᠨ᠂ ᠪᠥᠬᠦ ᠬᠤᠰᠢᠭᠤᠨ ᠤ ᠴᠠᠭ ᠠᠭᠤᠷ ᠤᠨ | ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠣᠰ ᠬᠡᠷᠡᠭᠵᠢᠭᠦᠯᠬᠦ | ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠤᠨ ᠲᠤᠬᠠᠶ ᠴᠢᠬᠤᠯᠠ | ᠵᠢᠭᠠᠪᠤᠷᠢ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ | ᠣᠳᠣᠬᠢᠴᠢᠯᠠᠭᠰᠠᠨ ᠴᠠᠭ ᠠᠭᠤᠷ ᠤᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠴᠠᠭ ᠠᠭᠤᠷ ᠤᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠡᠵᠡᠨ᠎ᠡ ᠬᠤᠰᠢᠭᠤᠨ ᠤ ᠨᠡᠶᠢᠭᠡᠮ ᠠᠵᠤ ᠠᠬᠤᠶ ᠶᠢᠨ ᠬᠥᠭᠵᠢᠯᠲᠡ ᠳᠤ ᠴᠠᠭ ᠠᠭᠤᠷ ᠤᠨ ᠬᠦᠴᠦᠨ ᠢ | ᠬᠠᠮᠲᠤ ᠪᠠᠷ ᠡᠳ᠋ᠯᠡᠨ᠎ᠡ᠃ | ︵ᠬᠤᠶᠠᠷ︶ ᠬᠦᠭᠵᠢᠯᠲᠡ ᠶᠢᠨ ᠬᠠᠷᠠᠯᠲᠠ | 2025 ᠤᠨ ᠪᠣᠯᠬᠤ ᠳᠤ᠂ ᠬᠡᠷᠡᠭᠴᠡᠭᠡ ᠱᠠᠭᠠᠷᠳᠠᠯᠭ᠎ᠠ ᠳᠤ ᠳᠣᠭᠢᠷᠬᠠᠰᠠᠨ᠂ ᠪᠦᠲᠦᠴᠡ ᠨᠢ ᠵᠦᠶ ᠵᠣᠬᠢᠰᠲᠠᠶ᠂ | ᠴᠢᠳᠠᠮᠵᠢ ᠨᠢ ᠲᠡᠷᠢᠭᠦᠨ ᠤ᠂ ᠪᠠᠲᠤᠯᠠᠭ᠎ᠠ ᠨᠢ ᠬᠦᠴᠦᠲᠡᠶ᠂ ᠥᠨᠳᠥᠷ ᠪᠦᠲᠦᠮᠵᠢᠲᠡᠶ ᠪᠥᠭᠡᠳ ᠠᠮᠤᠷ ᠲᠦᠪᠰᠢᠨ ᠴᠠᠭ | ᠠᠭᠤᠷ ᠤᠨ ᠣᠳᠣᠬᠢᠴᠢᠯᠠᠯᠲᠠ ᠶᠢᠨ ᠰᠢᠰᠲ᠋ᠧᠮ ᠢ ᠪᠠᠶᠢᠭᠤᠯᠵᠤ᠂ ᠴᠠᠭ ᠠᠭᠤᠷ ᠤᠨ ᠠᠵᠢᠯ ᠨᠢ ᠡᠵᠡᠨ᠎ᠡ ᠬᠤᠰᠢᠭᠤᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠪᠤᠰᠤᠳᠴᠢ ᠬᠡᠷᠡᠭᠴᠡᠭᠡ ᠳᠤ ᠨᠠᠩ ᠢᠯᠡᠭᠦᠤ | ᠵᠣᠬᠢᠴᠠᠵᠤ᠂ ᠴᠠᠭ ᠠᠭᠤᠷ ᠤᠨ ᠦᠢᠯᠡᠴᠢᠯᠡᠭᠡ ᠨᠢ ︽ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ | ᠬᠥᠭᠵᠢᠭᠰᠡᠨ᠂ ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠶ ᠶᠢᠨ ᠪᠣᠯᠪᠠᠰᠤᠨ︾ ᠤ ᠬᠢᠷᠢ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠬᠦ ᠳᠤ ᠦᠢᠯᠡᠴᠢᠯᠡᠨ᠎ᠡ᠃ 2035 ᠤᠨ ᠪᠣᠯᠬᠤ ᠳᠤ᠂ ᠬᠡᠷᠡᠭᠴᠡᠭᠡ ᠱᠠᠭᠠᠷᠳᠠᠯᠭ᠎ᠠ ᠶᠢ | ᠬᠠᠩᠭᠠᠭᠰᠠᠨ᠂ ᠣᠨᠴᠠᠯᠢᠭ ᠢᠯᠡ ᠲᠣᠳᠣ᠂ ᠮᠡᠷᠭᠡᠵᠢᠯ ᠲᠡᠷᠢᠭᠦᠨ ᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠴᠠᠭ | ᠠᠭᠤᠷ ᠤᠨ ᠣᠳᠣᠬᠢᠴᠢᠯᠠᠯᠲᠠ ᠶᠢᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠵᠤ᠂ ᠬᠢᠨᠠᠨ ᠬᠡᠮᠵᠢᠯᠲᠡ ᠨᠢ ᠨᠠᠩ | ᠨᠢᠭᠲᠠ᠂ ᠤᠷᠢᠳᠴᠢᠯᠠᠭᠰᠠᠨ ᠮᠡᠳᠡᠭᠡ ᠶᠢ ᠨᠠᠩ ᠣᠨᠣᠪᠴᠢᠲᠠᠶ᠂ ᠦᠢᠯᠡᠴᠢᠯᠡᠭᠡ ᠶᠢ ᠨᠠᠩ ᠨᠠᠷᠢᠯᠢᠭ ᠪᠣᠯᠭᠠᠵᠤ᠂ ᠠᠮᠢ | ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠤᠨ ᠬᠥᠭᠵᠢᠯᠲᠡ᠂ ᠠᠮᠢᠳᠤᠷᠠᠯ ᠪᠠᠶᠠᠨ ᠴᠢᠨᠡᠭᠡᠯᠢᠭ᠂ ᠠᠮᠢ | ᠠᠬᠤᠶ ᠶᠢᠨ ᠰᠠᠶᠢᠨ ᠰᠠᠶᠢᠬᠠᠨ ᠢ ᠪᠠᠲᠤᠯᠠᠬᠤ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ | ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠨᠠᠩ ᠭᠦᠢᠴᠡᠳ ᠪᠠᠳᠠᠷᠠᠭᠤᠯᠵᠤ᠂ ᠠᠮᠢ ᠠᠬᠤᠶ ᠬᠢᠭᠡᠳ ᠠᠭᠤᠷ | ᠠᠮᠢᠰᠬᠤᠯ ᠤᠨ ᠦᠢᠯᠡᠴᠢᠯᠡᠭᠡᠨ ᠤ ᠦᠷ᠎ᠡ ᠠᠰᠢᠭ ᠢ ᠶᠡᠭᠡ ᠪᠠᠷ ᠳᠡᠭᠡᠭᠰᠢᠯᠡᠭᠦᠯᠵᠦ᠂ ᠡᠵᠡᠨ᠎ᠡ ᠬᠤᠰᠢᠭᠤᠨ ᠤ ᠠᠵᠤ | ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠦᠷ᠎ᠡ ᠪᠦᠲᠦᠮᠵᠢ ᠶᠢ ᠨᠠᠩ ᠢᠯᠡᠳᠲᠡ ᠪᠣᠯᠭᠠᠨ᠎ᠠ᠃ | ᠬᠤᠶᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠬᠤᠰᠢᠭᠤᠨ ᠤ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ | ᠲᠥᠯᠥᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠶᠢᠨ ᠲᠥᠯᠥᠭᠡ᠂ ᠶᠡᠷᠦᠩᠬᠡᠶ | ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ | ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠤᠱᠯᠠᠭᠤᠯᠵᠤ᠂ ︽ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠬᠥᠲᠥᠯᠪᠦᠷᠢ ︵ | 2022 - 2035 ᠣᠨ︶︾ ︵ᠲᠥᠷᠥ ᠲᠠᠷᠬᠠᠭᠠᠭᠰᠠᠨ ﹇2020﹈ 11 ᠳ᠋ᠤᠭᠡᠷ ᠲᠣᠭᠠᠲᠤ︶ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠴᠠᠭ ᠠᠭᠤᠷ ᠤᠨ ᠠᠵᠢᠯ ᠳᠠᠬᠢ | ᠤᠳᠤᠷᠢᠳᠤᠯᠭ᠎ᠠ ᠶᠢ ᠴᠢᠩᠭᠠᠳᠬᠠᠨ᠂ ᠡᠵᠡᠨ᠎ᠡ ᠬᠤᠰᠢᠭᠤᠨ ᠤ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢ | ᠬᠦᠴᠦᠲᠡᠶ ᠠᠬᠢᠭᠤᠯᠵᠤ᠂ ︽ᠰᠠᠨᠠᠯ︾ ᠤᠨ ᠡᠯ᠎ᠡ ᠵᠦᠢᠯ ᠤᠨ ᠡᠭᠦᠷᠭᠡ ᠶᠢ ᠤᠷᠤᠭᠰᠢᠲᠠᠶ ᠬᠡᠷᠡᠭᠵᠢᠭᠦᠯᠵᠦ᠂ | ᠬᠥᠭᠵᠢᠯᠲᠡ ᠶᠢᠨ ᠬᠠᠷᠠᠯᠲᠠ ᠳᠠᠭᠠᠨ ᠬᠦᠷᠴᠦ᠂ ᠴᠠᠭ ᠠᠭᠤᠷ ᠤᠨ ᠦᠢᠯᠡᠰ ᠤᠨ ᠡᠵᠡᠨ᠎ᠡ ᠬᠤᠰᠢᠭᠤᠨ ᠤ ᠠᠵᠤ ᠠᠬᠤᠶ | ᠨᠡᠶᠢᠭᠡᠮ ᠤᠨ ᠦᠷᠭᠦᠯᠵᠢᠯᠡᠨ ᠴᠢᠨᠠᠷ ᠰᠠᠶᠢᠲᠠᠶ ᠬᠥᠭᠵᠢᠬᠦ ᠳᠤ ᠦᠵᠡᠭᠦᠯᠬᠦ ᠪᠠᠲᠤᠯᠠᠭ᠎ᠠ ᠶᠢᠨ ᠦᠢᠯᠡᠳᠦᠯ ᠢ ᠪᠥᠬᠦ | ᠲᠠᠯ᠎ᠠ ᠪᠠᠷ ᠪᠠᠳᠠᠷᠠᠭᠤᠯᠤᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠰᠠᠯᠠᠭ᠎ᠠ ᠮᠥᠴᠢᠷ ᠬᠠᠮᠵᠢᠯᠴᠠᠬᠤ᠂ ᠳᠡᠭᠡᠳᠦ | ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠲᠥᠷᠥ ᠶᠢᠨ ᠪᠣᠳᠣᠯᠭ᠎ᠠ | ᠪᠠᠯᠠ ᠮᠥᠩᠭᠦ ᠶᠢᠨ ᠳᠡᠮᠵᠢᠯᠭᠡ ᠶᠢ ᠴᠢᠩᠭᠠᠳᠬᠠᠨ᠂ ᠡᠵᠡᠨ᠎ᠡ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠣᠨᠴᠠᠭᠠᠶᠢᠯᠠᠨ ᠪᠠᠶᠢᠭᠤᠯᠵᠤ᠂ ᠡᠵᠡᠨ᠎ᠡ | ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ | ᠳᠥᠯᠭᠢᠨ ᠠᠬᠢᠭᠤᠯᠤᠨ᠎ᠠ᠃ ᠤᠳᠤᠷᠢᠳᠬᠤ ᠲᠤᠭᠤᠶᠢᠯᠠᠩ ᠤᠨ ᠪᠦᠷᠢᠯᠳᠦᠭᠦᠨ ᠳᠣᠤᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠮᠦᠷᠡᠨ ᠳᠡᠳ᠋ ᠬᠤᠰᠢᠭᠤ ᠳᠠᠷᠤᠭ᠎ᠠ | ᠪᠠᠶᠢᠩᠭᠤ ᠶᠢᠨ ᠬᠡᠷᠡᠭ ᠡᠷᠬᠢᠯᠡᠬᠦ ᠳᠡᠳ᠋ ᠳᠤᠭᠤᠶᠢᠯᠠᠩ ᠤᠨ ᠳᠠᠷᠤᠭ᠎ᠠ᠄ ᠯᠢᠦ ᠵᠢᠶᠠᠨ ᠸᠧᠨ | ᠬᠤᠰᠢᠭᠤᠨ ᠤ ᠴᠠᠭ ᠠᠭᠤᠷ ᠤᠨ ᠲᠣᠪᠴᠢᠶᠠᠨ ᠤ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠵᠢᠶᠠᠩ ᠫᠧᠩ ᠬᠤᠰᠢᠭᠤᠨ ᠤ ᠵᠠᠰᠠᠭ ᠤᠨ ᠣᠷᠳᠣᠨ ᠤ ᠠᠯᠪᠠᠨ | ᠭᠡᠷ ᠤᠨ ᠳᠡᠳ᠋ ᠡᠷᠬᠢᠯᠡᠭᠴᠢ | ᠪᠦᠷᠢᠯᠳᠦᠬᠦᠨ᠄ ᠰᠢᠷᠤᠨᠠ ᠳᠠᠯᠠᠶᠢᠬᠦ᠋ᠪ ᠪᠠᠯᠭᠠᠰᠤᠨ ᠤ ᠳᠡᠳ᠋ ᠳᠠᠷᠤᠭ᠎ᠠ | ᠴᠣᠯᠮᠤᠨᠪᠠᠲᠤ ᠳ᠋ᠦᠩ ᠹᠧᠩ ᠪᠠᠯᠭᠠᠰᠤᠨ ᠤ ᠳᠡᠳ᠋ ᠪᠠᠯᠭᠠᠰᠤᠨ ᠳᠠᠷᠤᠭ᠎ᠠ | ᠳ᠋ᠧ ᠰᠢᠶᠠᠩ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠳᠡᠳ᠋ ᠪᠠᠯᠭᠠᠰᠤᠨ ᠳᠠᠷᠤᠭ᠎ᠠ | ᠯᠦᠸᠧ ᠭᠠᠩ ᠭᠠᠩ ᠰᠤᠪᠨᠠᠭᠤᠷ ᠰᠤᠮᠤᠨ ᠤ ᠳᠡᠳ᠋ ᠰᠤᠮᠤᠨ ᠳᠠᠷᠤᠭ᠎ᠠ | ᠮᠥᠩᠭᠦᠨᠪᠠᠭᠠᠨ᠎ᠠ ᠰᠤᠮᠤᠨ ᠤ ᠲᠡᠳ᠋ ᠰᠤᠮᠤᠨ ᠲᠠᠷᠤᠭ᠎ᠠ | ᠬᠠᠢ ᠴᠢᠩ ᠮᠠᠽᠦ᠋ᠩᠱᠠᠨ ᠰᠤᠮᠤᠨ ᠤ ᠳᠡᠳ᠋ ᠰᠤᠮᠤᠨ ᠳᠠᠷᠤᠭ᠎ᠠ | ᠵᠣᠣ ᠬᠤᠩ ᠥᠩᠲᠦᠭᠤᠤᠯ ᠰᠤᠮᠤᠨ ᠤ ᠳᠡᠳ᠋ ᠰᠤᠮᠤᠨ ᠳᠠᠷᠤᠭ᠎ᠠ | ᠳᠦᠭᠦᠷ ᠪᠠᠶᠠᠨᠲᠤᠤᠷᠠᠢ ᠰᠤᠮᠤᠨ ᠤ ᠲᠡᠳ᠋ ᠰᠤᠮᠤᠨ ᠲᠠᠷᠤᠭ᠎ᠠ | ᠲᠠᠩ ᠵᠢᠶᠠᠨ ᠪᠠᠶᠠᠨᠲᠤᠬᠤᠢ ᠰᠤᠮᠤᠨ ᠤ ᠳᠡᠳ᠋ ᠰᠤᠮᠤᠨ ᠳᠠᠷᠤᠭ᠎ᠠ | ᠭᠤᠤ ᠳ᠋ᠢᠶᠠᠨ ᠭᠦᠸᠧ ᠴᠡᠭᠡ ᠪᠠᠯᠭᠠᠰᠤᠨ ᠤ ᠳᠡᠳ᠋ ᠪᠠᠯᠭᠠᠰᠤᠨ ᠳᠠᠷᠤᠭ᠎ᠠ | ᠮᠠᠨᠳᠣᠬᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ | ᠪᠠᠶ ᠶᠦᠩ ᠱᠧᠩ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ | ᠡᠷᠬᠢᠯᠡᠭᠴᠢ | ᠰᠤᠳᠤᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ | ᠾᠧ ᠠᠨ ᠬᠠᠢ ᠬᠤᠰᠢᠭᠤᠨ ᠤ ᠠᠵᠤ ᠦᠢᠯᠡᠳᠪᠦᠷᠢ ᠪᠠ ᠬᠤᠳᠠᠯᠳᠤᠭᠠᠨ ᠤ ᠶᠠᠪᠤᠳᠠᠯ ᠪᠠ ᠮᠡᠳᠡᠭᠡ | ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠰᠢᠤᠸᠠᠢ ᠵᠢᠶᠠᠨ ᠸᠧᠶ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ | ᠯᠢ ᠹᠠ ᠶᠢᠩ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ | ᠼᠤᠤ ᠰᠢᠶᠤᠤ ᠶᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ | ᠯᠢ ᠶᠢᠩ ᠹᠸᠢ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ | ᠲᠡᠭᠷᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ | ᠳ᠋ᠦ᠋ ᠽᠢ ᠭᠠᠩ ᠬᠤᠰᠢᠭᠤᠨ ᠤ ᠣᠷᠣᠨ ᠰᠠᠭᠤᠴᠠ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶᠠᠨ ᠤ ᠳᠡᠳ᠋ ᠳᠠᠷᠤᠭ᠎ᠠ | ᠤᠯᠠᠭᠠᠨᠴᠡᠴᠡᠭ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠳᠡᠳ᠋ ᠳᠠᠷᠤᠭ᠎ᠠ | ᠳ᠋ᠧᠩ ᠷᠦᠢ ᠴᠢᠩ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ | ᠶᠠᠨ ᠪᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶᠠᠨ ᠤ ᠳᠡᠳ᠋ ᠳᠠᠷᠤᠭ᠎ᠠ | ᠸᠠᠩ ᠵᠢᠶᠠ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠡᠳ᠋ | ᠳᠠᠷᠤᠭ᠎ᠠ | ᠯᠢ ᠸᠠᠨ ᠮᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ | ᠳᠡᠳ᠋ ᠳᠠᠷᠤᠭ᠎ᠠ | ᠭᠤᠤ ᠶᠠᠩ ᠬᠤᠰᠢᠭᠤᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ | ᠸᠠᠩ ᠶᠦᠩ ᠵᠢᠶᠦ᠋ᠨ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠡᠵᠡᠨ | ᠬᠤᠷᠤᠭ᠎ᠠ ᠬᠤᠰᠢᠭᠤᠨ ᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ | ᠸᠠᠩ ᠮᠧᠩ ᠵᠢᠶᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶᠠᠨ ᠤ ᠳᠠᠷᠤᠭ᠎ᠠ | ᠯᠢ ᠴᠢᠶᠠᠨ ᠲᠢᠶᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠳᠡᠳ᠋ ᠡᠷᠬᠢᠯᠡᠭᠴᠢ | ᠯᠢᠦ ᠵᠢᠶᠠᠨ ᠵᠢᠶᠦ᠋ᠨ ᠬᠤᠰᠢᠭᠤᠨ ᠤ ᠰᠢᠯᠵᠢᠮᠡᠯ ᠬᠤᠯᠪᠤᠭᠠᠨ ᠤ ᠺᠣᠮᠫᠠᠨᠢ ᠶᠢᠨ ᠳᠡᠳ᠋ ᠳᠠᠭᠠᠭᠠᠮᠠᠯ | ᠬᠠᠶ ᠯᠦᠩ ᠬᠤᠰᠢᠭᠤᠨ ᠤ ᠨᠢᠭᠡᠳᠦᠮᠡᠯ ᠬᠤᠯᠪᠣᠭ᠎ᠠ ᠶᠢᠨ ᠺᠣᠮᠫᠠᠨᠢ ᠶᠢᠨ ᠳᠡᠳ᠋ ᠳᠠᠭᠠᠭᠠᠮᠠᠯ | ᠶᠠᠩ ᠱᠤ᠋ ᠵᠢᠤᠸᠠᠨ ᠬᠤᠰᠢᠭᠤᠨ ᠤ ᠴᠠᠬᠢᠯᠭᠠᠨ ᠬᠤᠯᠪᠣᠭᠠᠨ ᠤ ᠺᠣᠮᠫᠠᠨᠢ ᠶᠢᠨ ᠳᠡᠳ᠋ ᠳᠠᠭᠠᠭᠠᠮᠠᠯ | ᠯᠢᠦ ᠴᠧᠩ ᠳᠤᠮᠳᠠᠳᠤ ᠤᠯᠤᠰ ᠤᠨ ᠠᠷᠠᠳ ᠤᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠵᠡᠨ᠎ᠡ ᠬᠤᠰᠢᠭᠤᠨ ᠤ ᠡᠵᠡᠩᠨᠡᠨ ᠪᠣᠷᠣᠯᠠᠭᠤᠯᠬᠤ ᠦᠢᠯᠡᠴᠢᠯᠡᠭᠡᠨ ᠤ | ᠭᠠᠵᠠᠷ ᠤᠨ ᠳᠠᠭᠠᠭᠠᠮᠠᠯ | ᠯᠢ ᠴᠠᠩ ᠴᠦᠨ ᠠᠨ ᠬᠤᠸᠠ ᠲᠠᠷᠢᠶᠠᠯᠠᠩ ᠤᠨ ᠳᠠᠭᠠᠳᠬᠠᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠶᠢᠨ ᠡᠵᠡᠨ᠎ᠡ ᠬᠤᠰᠢᠭᠤᠨ ᠤ ᠡᠵᠡᠩᠨᠡᠨ ᠪᠣᠷᠣᠯᠠᠭᠤᠯᠬᠤ ᠦᠢᠯᠡᠴᠢᠯᠡᠭᠡᠨ ᠤ ᠭᠠᠵᠠᠷ ᠤᠨ | ᠳᠠᠭᠠᠭᠠᠮᠠᠯ | ᠶᠠᠩ ᠰᠢᠶᠣᠣ ᠯᠧ ᠳᠤᠮᠳᠠᠳᠤ ᠤᠯᠤᠰ ᠤᠨ ᠨᠤᠮᠤᠬᠠᠨ ᠳᠠᠯᠠᠢ ᠡᠳ᠋ ᠬᠥᠷᠥᠩᠭᠡ ᠶᠢᠨ ᠳᠠᠭᠠᠳᠬᠠᠯ ᠤᠨ | ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠵᠡᠨ᠎ᠡ ᠬᠤᠰᠢᠭᠤᠨ ᠳᠠᠬᠢ ᠬᠤᠪᠢᠶᠠᠷᠢ ᠺᠣᠮᠫᠠᠨᠢ ᠶᠢᠨ | ᠳᠠᠭᠠᠭᠠᠮᠠᠯ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠠᠯᠪᠠᠨ | ᠬᠡᠷ ᠢ ᠬᠤᠰᠢᠭᠤᠨ ᠤ ᠴᠠᠭ ᠠᠭᠤᠷ ᠤᠨ ᠲᠣᠪᠴᠢᠶ᠎ᠠ ᠳᠤ ᠳᠣᠭᠢᠷᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ | ᠲᠤᠰᠢᠶᠠᠯ ᠢ ᠯᠢᠦ ᠵᠢᠶᠠᠨ ᠸᠧᠨ ᠬᠠᠪᠰᠤᠷᠭᠠᠨ ᠬᠠᠷᠢᠭᠤᠴᠠᠵᠤ᠂ ᠬᠠᠷᠢᠯᠴᠠᠬᠤ ᠤᠲᠠᠰᠤ᠄ 150483106 | ᠭᠤᠷᠪᠠ᠂ ᠭᠤᠣᠯ ᠡᠭᠦᠷᠭᠡ | ︵ᠨᠢᠭᠡ︶ ᠣᠶᠤᠨᠴᠢ ᠴᠠᠭ ᠠᠭᠤᠷ ᠢ ᠬᠥᠭᠵᠢᠭᠦᠯᠵᠦ᠂ ᠴᠠᠭ ᠠᠭᠤᠷ ᠤᠨ ᠬᠢᠨᠠᠨ ᠰᠢᠨᠵᠢᠯᠲᠡ ᠶᠢᠨ | ᠤᠷᠢᠳᠴᠢᠯᠠᠨ ᠮᠡᠳᠡᠭᠡᠯᠡᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | 1. ᠪᠣᠰᠤᠭ᠎ᠠ ᠴᠣᠭᠴᠠᠲᠤ ᠨᠠᠷᠢᠨ ᠨᠢᠭᠲᠠ ᠴᠠᠭ ᠠᠭᠤᠷ ᠤᠨ ᠬᠢᠨᠠᠨ ᠬᠡᠮᠵᠢᠬᠦ ᠲᠣᠣᠷ ᠢ ᠲᠡᠭᠦᠯᠳᠡᠷᠵᠢᠭᠦᠯᠦᠨ᠎ᠡ᠃ | ᠭᠠᠵᠠᠷ ᠳᠡᠭᠡᠷᠡᠬᠢ ᠴᠠᠭ ᠠᠭᠤᠷ ᠤᠨ ᠠᠵᠢᠭᠯᠠᠯᠲᠠ ᠶᠢᠨ ᠲᠤᠤᠷ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠠᠷᠢᠯᠢᠭ | ᠴᠠᠭ ᠠᠭᠤᠷ ᠤᠨ ᠬᠢᠨᠠᠨ ᠬᠡᠮᠵᠢᠯᠲᠡ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠬᠥᠭᠵᠢᠭᠦᠯᠵᠦ᠂ ᠴᠠᠭ | ᠠᠭᠤᠷ ᠤᠨ ᠭᠠᠮᠰᠢᠭ ᠠᠮᠠᠷᠬᠠᠨ ᠡᠭᠦᠰᠳᠡᠭ ᠣᠷᠣᠨ᠂ ᠬᠢᠨᠠᠨ ᠬᠡᠮᠵᠢᠯᠲᠡ ᠶᠢᠨ ᠥᠷᠲᠡᠭᠡ ᠴᠡᠭ ᠬᠤᠪᠣᠷ ᠴᠤᠬᠠᠭ | ᠣᠷᠣᠨ ᠵᠢᠴᠢ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠣᠪᠤᠶᠢᠮ᠎ᠠ ᠣᠷᠣᠨ ᠤ ᠠᠦ᠋ᠲ᠋ᠣ᠋ ᠴᠠᠭ ᠠᠭᠤᠷ ᠤᠨ | ᠥᠷᠲᠡᠭᠡ ᠶᠢ ᠨᠢᠭᠲᠠ ᠪᠠᠶᠢᠭᠤᠯᠤᠨ᠂ ᠭᠠᠮᠰᠢᠭ ᠤᠨ ᠴᠢᠨᠠᠷᠲᠠᠶ ᠴᠠᠭ ᠠᠭᠤᠷ ᠤᠨ ᠪᠣᠳᠠᠲᠤ ᠪᠠᠶᠢᠳᠠᠯ ᠢ ᠠᠵᠢᠭᠯᠠᠬᠤ | ᠲᠣᠤᠷ ᠢ ᠪᠠᠶᠢᠭᠤᠯᠵᠤ᠂ ᠭᠠᠵᠠᠷ ᠤᠨ ᠰᠠᠭᠤᠷᠢ ᠶᠢᠨ ᠠᠯᠤᠰ ᠰᠡᠷᠡᠯ ᠤᠨ ᠡᠭᠴᠡ ᠠᠵᠢᠭᠯᠠᠬᠤ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠨ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ᠂ ᠵᠢᠭᠤᠯᠴᠢᠯᠠᠯ᠂ ᠰᠢᠨ᠎ᠡ | ᠡᠨᠧᠷᠭᠢ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠲᠤᠰᠬᠠᠶ ᠮᠡᠷᠭᠡᠵᠢᠯ ᠤᠨ ᠠᠵᠢᠭᠯᠠᠯᠲᠠ ᠶᠢᠨ ᠥᠷᠲᠡᠭᠡ ᠶᠢᠨ | ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠡᠵᠡᠨ᠎ᠡ ᠬᠤᠰᠢᠭᠤᠨ ᠤ ᠤᠯᠤᠰ ᠤᠨ ᠠᠭᠤᠷ ᠠᠮᠢᠰᠬᠤᠯ ᠤᠨ | ᠠᠵᠢᠭᠯᠠᠯᠲᠠ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠂ ᠴᠠᠭ ᠠᠭᠤᠷ ᠤᠨ ᠬᠢᠨᠠᠨ ᠬᠡᠮᠵᠢᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠪᠥᠬᠦ ᠲᠤᠬᠠᠶᠢᠯᠠᠭᠰᠠᠨ ᠠᠵᠢᠯ ᠤᠨ ᠴᠤᠪᠤᠷᠠᠯ ᠢ ᠬᠠᠮᠤᠷᠤᠭᠰᠠᠨ ᠴᠠᠭ ᠠᠭᠤᠷ ᠤᠨ | ᠠᠵᠢᠭᠯᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠴᠠᠭ ᠠᠭᠤᠷ ᠤᠨ ᠲᠤᠭ᠎ᠠ | ᠪᠠᠷᠢᠮᠲᠠ ᠶᠢᠨ ᠡᠬᠢ ᠪᠠᠶᠠᠯᠢᠭ᠂ ᠮᠡᠳᠡᠭᠡ ᠵᠠᠩᠭᠢ ᠶᠢᠨ ᠰᠦᠯᠵᠢᠶ᠎ᠡ ᠪᠠ ᠬᠡᠷᠡᠭᠯᠡᠭᠡᠨ ᠤ ᠰᠢᠰᠲ᠋ᠧᠮ ᠤᠨ ᠠᠮᠤᠷ | ᠲᠦᠪᠰᠢᠨ ᠤ ᠪᠠᠲᠤᠯᠠᠭ᠎ᠠ ᠶᠢ ᠴᠢᠩᠭᠠᠷᠠᠭᠤᠯᠤᠨ᠂ ᠴᠠᠭ ᠠᠭᠤᠷ ᠢ ᠬᠠᠶᠢᠨ ᠰᠢᠨᠵᠢᠬᠦ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠤᠰᠬᠠᠶ ᠲᠥᠯᠥᠪᠵᠢᠭᠦᠯᠭᠡ ᠪᠠ ᠴᠠᠭ ᠠᠭᠤᠷ ᠤᠨ ᠮᠠᠲ᠋ᠧᠷᠢᠶᠠᠯ ᠢ ᠬᠤᠷᠢᠶᠠᠩᠭᠤᠶᠢᠯᠠᠨ ᠲᠤᠰᠢᠶᠠᠬᠤ | ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠴᠠᠭ ᠠᠭᠤᠷ ᠤᠨ ᠲᠤᠭ᠎ᠠ ᠪᠠᠷᠢᠮᠲᠠ ᠶᠢᠨ ᠠᠮᠤᠷ | ᠲᠦᠪᠰᠢᠨ ᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ | ᠡᠯ᠎ᠡ ᠰᠤᠮᠤ ᠪᠠᠯᠭᠠᠰᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ︶᠃ | 2. ᠣᠶᠤᠨᠴᠢ ᠲᠣᠭᠠᠨ ᠤ ᠤᠷᠢᠳᠴᠢᠯᠠᠭᠰᠠᠨ ᠮᠡᠳᠡᠭᠡᠨ ᠤ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠳᠤᠮᠳᠠ ᠪᠠᠭ᠎ᠠ ᠬᠡᠮᠵᠢᠶᠡᠰᠦᠲᠦ ᠲᠤᠭ᠎ᠠ ᠬᠡᠮᠵᠢᠭᠳᠡᠯ ᠤᠨ ᠤᠷᠢᠳᠴᠢᠯᠠᠨ ᠮᠡᠳᠡᠭᠡᠯᠡᠬᠦ ᠵᠠᠭᠪᠤᠷ ᠤᠨ ᠦᠢᠯᠡᠳᠬᠦᠨ᠂ | ᠷᠠᠳᠠᠷ ᠢ ᠬᠠᠶᠢᠨ ᠰᠢᠨᠵᠢᠬᠦ᠂ ᠳᠠᠭᠠᠭᠤᠯᠢ ᠣᠳᠣᠨ ᠤ ᠠᠯᠤᠰ ᠰᠡᠷᠡᠯ ᠵᠢᠴᠢ ᠡᠯ᠎ᠡ ᠲᠥᠷᠥᠯ ᠤᠨ ᠰᠢᠨ᠎ᠡ ᠬᠡᠯᠪᠡᠷᠢ ᠶᠢᠨ | ᠬᠠᠶᠢᠨ ᠰᠢᠨᠵᠢᠬᠦ ᠠᠷᠭ᠎ᠠ ᠪᠠᠷᠢᠯ ᠢ ᠲᠤᠰ ᠭᠠᠵᠠᠷ ᠲᠤᠨᠢ ᠬᠡᠷᠡᠭᠯᠡᠬᠦ ᠶᠢ ᠴᠢᠩᠭᠠᠳᠬᠠᠵᠤ᠂ ᠤᠷᠢᠳᠴᠢᠯᠠᠨ ᠮᠡᠳᠡᠭᠡᠯᠡᠵᠦ | ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠤᠨ ᠪᠤᠰᠤᠳᠴᠢ ᠪᠠᠶᠢᠬᠤ᠂ ᠠᠦ᠋ᠲ᠋ᠣᠴᠢᠯᠠᠬᠤ ᠪᠠ ᠤᠶᠤᠨᠴᠢᠯᠠᠬᠤ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠠᠭ ᠠᠭᠤᠷ ᠢ ᠬᠢᠨᠠᠨ ᠬᠡᠮᠵᠢᠵᠦ ᠰᠡᠷᠡᠮᠵᠢᠯᠡᠭᠦᠯᠬᠦ ᠣᠨᠣᠪᠴᠢᠲᠤ ᠨᠤᠷᠮ᠎ᠠ᠂ | ᠣᠨᠣᠪᠴᠢ ᠶᠢᠨ ᠨᠣᠷᠮ᠎ᠠ᠂ ᠤᠷᠢᠳᠴᠢᠯᠠᠭᠰᠠᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠦᠢᠯᠡᠳᠦᠭᠰᠡᠨ ᠴᠠᠭ | ᠠᠭᠤᠷ ᠤᠨ ᠭᠠᠮᠰᠢᠭ ᠤᠨ ᠰᠡᠷᠡᠮᠵᠢ ᠶᠢᠨ ᠳᠣᠬᠢᠶ᠎ᠠ ᠶᠢ ᠰᠤᠮᠤ ᠪᠠᠯᠭᠠᠰᠤᠨ ᠳᠤ ᠬᠦᠷᠲᠡᠯ᠎ᠡ ᠢᠯᠡ ᠪᠣᠯᠭᠠᠪᠠ᠃ ᠴᠠᠭ | ᠠᠭᠤᠷ ᠤᠨ ᠭᠠᠮᠰᠢᠭ ᠤᠨ ᠰᠡᠷᠡᠮᠵᠢ ᠶᠢᠨ ᠳᠣᠬᠢᠶ᠎ᠠ ᠪᠣᠯᠤᠨ ᠬᠦᠨᠳᠦ ᠶᠡᠭᠡ ᠴᠠᠭ ᠠᠭᠤᠷ ᠤᠨ ᠶᠠᠪᠤᠴᠠ ᠶᠢ ᠬᠢᠨᠠᠨ | ᠰᠢᠯᠭᠠᠵᠤ ᠦᠨᠡᠯᠡᠨ ᠵᠢᠱᠢᠬᠦ ᠶᠢ ᠴᠢᠩᠭᠠᠳᠬᠠᠵᠤ᠂ ᠰᠢᠷᠦᠭᠦᠨ ᠪᠣᠷᠣᠭᠠᠨ ︵ᠴᠠᠰᠤ︶ ᠤ ᠰᠡᠷᠡᠮᠵᠢᠯᠡᠭᠦᠯᠬᠦ | ᠣᠨᠣᠪᠴᠢ ᠶᠢᠨ ᠨᠣᠷᠮ᠎ᠠ 91% ᠳᠤ ᠬᠦᠷᠴᠦ᠂ ᠴᠢᠩᠭ᠎ᠠ ᠰᠣᠯᠢᠭ ᠤᠷᠤᠰᠬᠠᠯ ᠤᠨ ᠰᠡᠷᠡᠮᠵᠢᠯᠡᠭᠦᠯᠬᠦ ᠴᠠᠭ | ᠬᠤᠭᠤᠴᠠᠭ᠎ᠠ ᠶᠢ ᠤᠷᠢᠳᠴᠢᠯᠠᠨ 50 ᠮᠢᠨᠦ᠋ᠲ ᠲᠤ ᠬᠦᠷᠦᠭᠦᠯᠦᠨ᠎ᠡ᠃ ᠴᠠᠭ ᠠᠭᠤᠷ ᠤᠨ ᠭᠠᠮᠰᠢᠭ ᠤᠨ | ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠠ ᠦᠷ᠎ᠡ ᠪᠦᠲᠦᠭᠡᠯ ᠢ | ᠥᠷᠭᠡᠨ ᠢᠶᠠᠷ ᠬᠡᠷᠡᠭᠯᠡᠬᠦ ᠶᠢ ᠠᠬᠢᠭᠤᠯᠵᠤ᠂ ᠣᠬᠤᠷᠬᠠᠨ ᠬᠤᠭᠤᠴᠠᠭᠠᠨ ᠤ ᠶᠡᠷᠦᠩᠬᠡᠶᠢᠯᠡᠭᠰᠡᠨ ᠵᠠᠳᠠᠯᠤᠯᠲᠠ ᠬᠢᠬᠦ ᠪᠠ | ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠡᠯᠡᠰᠦᠨ ᠰᠢᠭᠤᠷᠭ᠎ᠠ᠂ ᠶᠡᠭᠡ ᠰᠠᠯᠬᠢ᠂ | ᠥᠨᠳᠥᠷ ᠳᠤᠯᠠᠭᠠᠨ᠂ ᠭᠠᠩ ᠬᠠᠭᠰᠠᠷᠠᠭᠠᠨ ᠵᠡᠷᠭᠡ ᠭᠠᠮᠰᠢᠭ ᠤᠨ ᠠᠶᠤᠯ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠬᠦ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ | ᠲᠣᠪᠴᠢᠶ᠎ᠠ︶ | 3. ᠣᠶᠤᠨᠴᠢ ᠴᠠᠭ ᠠᠭᠤᠷ ᠤᠨ ᠦᠢᠯᠡᠴᠢᠯᠡᠭᠡᠨ ᠤ ᠨᠠᠷᠢᠯᠢᠭ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠤᠶᠤᠨᠲᠤ ᠴᠠᠭ ᠠᠭᠤᠷ ᠤᠨ ᠦᠢᠯᠡᠴᠢᠯᠡᠭᠡᠨ ᠤ ᠲᠣᠭᠠᠴᠢᠯᠠᠯᠲᠠ᠂ ᠤᠶᠤᠨᠴᠢᠯᠠᠯᠳᠠ ᠶᠢᠨ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠴᠠᠭ ᠠᠭᠤᠷ ᠤᠨ ᠦᠢᠯᠡᠴᠢᠯᠡᠭᠡᠨ ᠤ ᠪᠦᠲᠦᠭᠡᠭᠳᠡᠬᠦᠨ ᠤ ᠢᠯᠡᠷᠡᠭᠦᠯᠬᠦ | ᠬᠡᠯᠪᠡᠷᠢ ᠶᠢᠨ ᠰᠢᠨ᠎ᠡ ᠶᠢ ᠡᠭᠦᠳᠴᠦ᠂ ᠥᠪᠡᠷᠮᠢᠴᠡ᠂ ᠬᠠᠷᠢᠯᠴᠠᠬᠤ ᠬᠡᠯᠪᠡᠷᠢ᠂ ᠣᠶᠤᠨᠴᠢ ᠬᠡᠯᠪᠡᠷᠢ ᠶᠢᠨ ᠴᠠᠭ | ᠠᠭᠤᠷ ᠤᠨ ᠦᠢᠯᠡᠴᠢᠯᠡᠭᠡ ᠶᠢ ᠪᠡᠶᠡᠯᠡᠭᠦᠯᠵᠦ᠂ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ | ᠬᠠᠩᠭᠠᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠭᠠᠮᠰᠢᠭ ᠤᠨ | ᠴᠢᠨᠠᠷᠲᠠᠶ ᠴᠠᠭ ᠠᠭᠤᠷ ᠢ ᠤᠷᠢᠳᠴᠢᠯᠠᠨ ᠮᠡᠳᠡᠭᠡᠯᠡᠬᠦ᠂ ᠭᠠᠵᠠᠷ ᠤᠨ ᠭᠠᠶ ᠭᠠᠮᠰᠢᠭ᠂ ᠣᠶ ᠰᠢᠭᠤᠶ ᠶᠢᠨ ᠭᠠᠯ ᠤᠨ | ᠠᠶᠤᠯ᠂ ᠤᠰᠤᠨ ᠠᠰᠢᠭᠯᠠᠯᠲᠠ ᠵᠡᠷᠭᠡ ᠠᠵᠢᠯ ᠲᠥᠷᠥᠯ ᠤᠨ ᠴᠠᠭ ᠠᠭᠤᠷ ᠤᠨ ᠦᠢᠯᠡᠴᠢᠯᠡᠭᠡᠨ ᠤ ᠦᠢᠯᠡᠳᠬᠦᠨ ᠢ | ᠰᠤᠳᠤᠯᠤᠨ ᠨᠡᠭᠡᠭᠡᠵᠦ᠂ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠴᠢᠩᠭᠠᠳᠬᠠᠨ᠂ ᠵᠠᠮ ᠤᠨ ᠠᠮᠤᠷ ᠲᠦᠪᠰᠢᠨ᠂ | ᠭᠠᠩ ᠬᠠᠭᠰᠠᠷᠭᠠᠨ᠂ ᠭᠠᠵᠠᠷ ᠤᠨ ᠭᠠᠶ ᠭᠠᠮᠰᠢᠭ᠂ ᠣᠶ ᠰᠢᠭᠤᠶ ᠶᠢᠨ ᠭᠠᠯ ᠤᠨ ᠲᠦᠭᠰᠢᠭᠦᠷᠢ ᠵᠡᠷᠭᠡ ᠶᠢ ᠬᠠᠮᠲᠤᠷᠠᠨ | ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢᠨ ᠬᠠᠮᠲᠤᠷᠠᠨ ᠬᠥᠳᠡᠯᠦᠯᠴᠡᠬᠦ ᠶᠢ ᠠᠬᠢᠭᠤᠯᠵᠤ᠂ ᠴᠠᠭ | ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠠᠷᠢᠯᠢᠬᠵᠢᠭᠤᠯᠤᠭᠰᠠᠨ ᠰᠢᠢᠳᠪᠦᠷᠢᠲᠦ ᠪᠣᠳᠣᠯᠭ᠎ᠠ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ | ᠠᠭᠤᠷ ᠤᠨ ᠲᠣᠪᠴᠢᠶ᠎ᠠ᠂ ᠡᠯ᠎ᠡ ᠰᠤᠮᠤ ᠪᠠᠯᠭᠠᠰᠤ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠤ | ᠶᠠᠪᠤᠳᠠᠯ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ︶᠃ | ︵ᠬᠤᠶᠠᠷ︶ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠴᠠᠭ ᠠᠭᠤᠷ ᠤᠨ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ | ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ | ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠲᠤᠨᠢ ᠬᠠᠮᠢᠶᠠᠷᠴᠤ ᠪᠠᠶᠢᠭ᠎ᠠ ᠴᠠᠭ ᠠᠭᠤᠷ ᠤᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠲᠣᠭᠲᠠᠴᠠ ᠶᠢ ᠪᠦᠷᠢᠨᠰᠢᠭᠦᠯᠵᠦ᠂ ᠬᠤᠰᠢᠭᠤ᠂ ᠰᠤᠮᠤ ︵ᠪᠠᠯᠭᠠᠰᠤ︶᠂ | ᠲᠣᠰᠬᠤᠨ ︵ᠭᠠᠴᠠᠭ᠎ᠠ︶ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠦᠨ᠂ ︽ᠲᠣᠤᠷᠵᠢᠭᠰᠠᠨ ᠴᠠᠭ ᠠᠭᠤᠷ︾ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠰᠢᠨ᠎ᠡ ᠵᠠᠭᠪᠤᠷ ᠢ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠶᠢ ᠪᠥᠬᠦ ᠬᠤᠰᠢᠭᠤᠨ ᠤ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠰᠢᠰᠲ᠋ᠧᠮᠵᠢ ᠪᠠ ᠲᠣᠤᠷᠵᠢᠭᠤᠯᠤᠭᠰᠠᠨ ᠨᠡᠶᠢᠭᠡᠮ ᠤᠨ | ᠵᠠᠰᠠᠯᠲᠠ ᠶᠢᠨ ᠰᠢᠰᠲ᠋ᠧᠮᠵᠢ ᠳᠤ ᠣᠷᠣᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠡᠷᠦᠬᠡ ᠳᠤ ᠬᠦᠷᠲᠡᠯ᠎ᠡ ᠤᠯᠠᠨ | ᠠᠷᠭ᠎ᠠ ᠵᠠᠮ᠂ ᠪᠦᠬᠦ ᠲᠠᠯ᠎ᠠ ᠪᠠᠷ ᠠᠬᠢᠭᠤᠯᠤᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠶᠢ ᠣᠷᠣᠨ ᠨᠤᠲᠤᠭ ᠤᠨ ᠬᠢᠨᠠᠨ ᠰᠢᠯᠭᠠᠯᠲᠠ ᠳᠤ ᠣᠷᠣᠭᠤᠯᠵᠤ᠂ ᠴᠠᠭ ᠠᠭᠤᠷ ᠤᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠢ | ᠴᠢᠩᠭᠠᠷᠠᠭᠤᠯᠤᠨ᠂ ᠱᠠᠲᠤ ᠬᠤᠪᠢᠶᠠᠨ ᠬᠠᠷᠢᠭᠤᠴᠠᠵᠤ ᠪᠠᠶᠢᠭ᠎ᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠰᠠᠯᠠᠭ᠎ᠠ ᠮᠥᠴᠢᠷ ᠤᠨ ᠬᠤᠭᠤᠷᠣᠨᠳᠣᠬᠢ ᠴᠠᠭ | ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠬᠡᠮᠵᠢᠶ᠎ᠡ ᠶᠢ ᠪᠠᠭᠠᠰᠬᠠᠨ᠎ᠠ | ︵ᠭᠤᠷᠪᠠ︶ ᠰᠢᠨ᠎ᠡ ᠴᠠᠭ ᠦᠶ᠎ᠡ ᠶᠢᠨ ᠡᠵᠡᠨ᠎ᠡ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠪᠠᠲᠤᠯᠠᠵᠤ᠂ | ᠴᠠᠭ ᠠᠭᠤᠷ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠪᠡ | 1. ᠴᠠᠭ ᠠᠭᠤᠷ ᠤᠨ ᠠᠮᠢ ᠠᠬᠤᠶ ᠶᠢ ᠬᠠᠮᠠᠭᠠᠯᠠᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ | ᠬᠡᠷᠡᠭᠵᠢᠭᠦᠯᠵᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢ ᠠᠬᠤᠶ ᠶᠢ ᠬᠠᠮᠠᠭᠠᠯᠠᠨ ᠰᠡᠷᠭᠦᠭᠡᠬᠦ ᠴᠠᠭ ᠠᠭᠤᠷ ᠤᠨ | ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠥᠷᠨᠢᠭᠦᠯᠵᠦ᠂ ᠠᠭᠤᠷ ᠠᠮᠢᠰᠬᠤᠯ ᠤᠨ ᠵᠢᠭᠤᠯᠴᠢᠯᠠᠯ ᠤᠨ ᠡᠬᠢ | ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠵᠢᠭᠤᠯᠴᠢᠯᠠᠯ ᠤᠨ ᠴᠠᠭ ᠠᠭᠤᠷ ᠤᠨ ᠦᠢᠯᠡᠴᠢᠯᠡᠭᠡᠨ ᠤ ᠬᠠᠩᠭᠠᠯᠭ᠎ᠠ ᠶᠢ | ᠴᠢᠩᠭᠠᠳᠬᠠᠵᠤ᠂ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠵᠢᠭᠤᠯᠴᠢᠯᠠᠯ ᠤᠨ ᠴᠠᠭ ᠠᠭᠤᠷ ᠤᠨ | ᠦᠢᠯᠡᠴᠢᠯᠡᠭᠡ ᠶᠢ ᠨᠠᠷᠢᠯᠢᠭᠵᠢᠭᠤᠯᠵᠤ᠂ ᠲᠣᠣᠷᠠᠢ ᠶᠢᠨ ᠤᠢ ᠵᠡᠷᠭᠡ ᠭᠠᠯ ᠤᠨ ᠠᠶᠤᠯ ᠢ ᠬᠢᠨᠠᠨ ᠬᠡᠮᠵᠢᠵᠦ | ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠨ᠎ᠠ᠃ ᠠᠭᠤᠷ ᠠᠮᠢᠰᠬᠤᠯ ᠤᠨ ᠨᠥᠬᠦᠴᠡᠯ ᠨᠢ ᠨᠢᠭᠲᠠ ᠬᠤᠯᠪᠣᠭᠳᠠᠬᠤ | ᠴᠢᠬᠤᠯᠠ ᠶᠡᠭᠡ ᠲᠥᠯᠥᠪᠵᠢᠭᠦᠯᠭᠡ ᠪᠠ ᠭᠤᠣᠯᠳᠠᠯᠭ᠎ᠠ ᠲᠠᠢ ᠢᠨᠵᠧᠨᠧᠷᠢᠩ ᠳᠤ ᠴᠢᠭᠯᠡᠭᠦᠯᠦᠨ᠂ ᠠᠭᠤᠷ ᠠᠮᠢᠰᠬᠤᠯ ᠤᠨ | ᠵᠣᠬᠢᠴᠠᠬᠤ ᠴᠢᠨᠠᠷ᠂ ᠲᠦᠭᠰᠢᠭᠦᠷᠢ ᠶᠢᠨ ᠣᠨᠴᠠᠯᠢᠭ ᠵᠢᠴᠢ ᠬᠡᠰᠡᠭ ᠭᠠᠵᠠᠷ ᠤᠨ ᠠᠭᠤᠷ ᠠᠮᠢᠰᠬᠤᠯ ᠳᠤ ᠨᠥᠯᠥᠭᠡ | ᠪᠣᠯᠬᠤ ᠠᠭᠤᠷ ᠠᠮᠢᠰᠬᠤᠯ ᠤᠨ ᠪᠣᠯᠤᠮᠵᠢᠲᠤ ᠴᠢᠨᠠᠷ ᠤᠨ ᠨᠤᠲᠠᠯᠠᠯᠲᠠ ᠶᠢ ᠥᠷᠨᠢᠭᠦᠯᠦᠨ᠎ᠡ᠃ ︵ᠲᠦᠷᠦᠭᠦᠯᠡᠬᠦ | ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠡᠯ᠎ᠡ ᠰᠤᠮᠤ ᠪᠠᠯᠭᠠᠰᠤ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ᠂ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠡᠵᠡᠨ ᠬᠤᠷᠤᠭ᠎ᠠ ᠬᠤᠰᠢᠭᠤᠨ ᠤ | ᠬᠤᠪᠢᠶᠠᠷᠢ ᠲᠣᠪᠴᠢᠶ᠎ᠠ︶᠃ | 2. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢ | ᠰᠠᠶᠢᠲᠤᠷ ᠬᠢᠨ᠎ᠡ᠃ ᠴᠠᠭ ᠠᠭᠤᠷ ᠬᠢᠭᠡᠳ ᠲᠠᠷᠢᠶᠠᠯᠠᠩ ᠤᠨ ᠰᠠᠯᠠᠭ᠎ᠠ ᠮᠥᠴᠢᠷ ᠤᠨ ᠬᠤᠭᠤᠷᠣᠨᠳᠣᠬᠢ | ᠬᠠᠮᠲᠤᠷᠠᠯᠴᠠᠭ᠎ᠠ ᠶᠢ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠪᠠ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠲᠣᠰᠬᠤᠨ ︵ᠭᠠᠴᠠᠭ᠎ᠠ︶ ᠤ ᠲᠠᠰ ᠤᠨ ᠴᠠᠭ ᠠᠭᠤᠷ ᠤᠨ | ᠠᠵᠢᠭᠯᠠᠯᠲᠠ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠣᠷᠣᠨ ᠪᠠᠶᠢᠷᠢ ᠳᠤ ᠰᠠᠭᠤᠷᠢᠯᠠᠭᠰᠠᠨ | ᠨᠠᠷᠢᠯᠢᠬᠵᠢᠭᠤᠯᠤᠭᠰᠠᠨ᠂ ᠤᠶᠤᠨᠴᠢᠯᠠᠭᠰᠠᠨ ᠣᠲᠣ ᠦᠶ᠎ᠡ ᠶᠢᠨ ᠲᠠᠷᠢᠶᠠᠯᠠᠩ ᠤᠨ ᠴᠠᠭ ᠠᠭᠤᠷ ᠤᠨ ᠬᠢᠨᠠᠨ | ᠬᠡᠮᠵᠢᠯᠲᠡ ᠶᠢᠨ ᠦᠢᠯᠡᠴᠢᠯᠡᠭᠡ ᠶᠢ ᠬᠥᠭᠵᠢᠭᠦᠯᠵᠦ᠂ ᠲᠠᠷᠢᠶᠠᠯᠠᠩ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠵᠦ | ᠭᠠᠮᠰᠢᠭ ᠲᠠᠢ ᠲᠡᠮᠡᠴᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠴᠠᠭ ᠠᠭᠤᠷ ᠤᠨ ᠰᠠᠯᠠᠭ᠎ᠠ ᠮᠥᠴᠢᠷ ᠤᠨ | ᠮᠡᠷᠭᠡᠵᠢᠯ ᠪᠠ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠠᠷᠢᠶᠠᠴᠢᠳ ᠢ ᠵᠢᠯᠣᠭᠤᠳᠤᠨ ᠠᠰᠢᠭ | ᠲᠠᠯ᠎ᠠ ᠠᠴᠠ ᠨᠢ ᠵᠠᠶᠢᠯᠠᠭᠤᠯᠵᠤ᠂ ᠳᠠᠷᠤᠭᠠᠰᠤ ᠶᠢ ᠬᠥᠩᠭᠡᠷᠡᠭᠦᠯᠦᠨ ᠣᠷᠣᠯᠭ᠎ᠠ ᠶᠢ ᠨᠢ ᠨᠡᠮᠡᠭᠳᠡᠭᠦᠯᠵᠦ᠂ ᠴᠠᠭ | ᠠᠭᠤᠷ ᠤᠨ ᠲᠠᠷᠢᠶᠠᠯᠠᠩ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠬᠡᠯᠬᠢᠶᠡᠵᠢᠯ ᠤᠨ | ᠲᠠᠷᠢᠶᠠᠯᠠᠩ ᠤᠨ ᠭᠠᠶ ᠭᠠᠮᠰᠢᠭ ᠤᠨ ᠴᠢᠨᠠᠷᠲᠠᠶ ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠬᠦ ᠶᠢ ᠥᠷᠨᠢᠭᠦᠯᠵᠦ᠂ ᠡᠵᠡᠨ᠎ᠡ ᠶᠢᠨ ᠪᠠᠯᠲᠤ ᠬᠡᠮᠬᠡ ᠶᠢᠨ ᠲᠠᠷᠢᠶᠠᠯᠠᠩ ᠤᠨ | ᠪᠦᠲᠦᠭᠡᠭᠳᠡᠬᠦᠨ ᠤ ᠠᠭᠤᠷ ᠠᠮᠢᠰᠬᠤᠯ ᠤᠨ ᠶᠠᠰᠤ ᠴᠢᠨᠠᠷ ᠢ ᠦᠨᠡᠯᠡᠨ ᠲᠣᠭᠲᠠᠭᠠᠬᠤ ᠶᠢ ᠠᠬᠢᠭᠤᠯᠵᠤ᠂ ︽ᠨᠢᠭᠡ | ᠬᠤᠰᠢᠭᠤ ᠨᠢᠭᠡ ᠪᠦᠲᠦᠭᠡᠭᠳᠡᠬᠦᠨ︾ ᠤ ᠠᠮᠤᠷ ᠲᠦᠪᠰᠢᠨ ᠤ ᠴᠠᠭ ᠠᠭᠤᠷ ᠤᠨ ᠪᠠᠲᠤᠯᠠᠭ᠎ᠠ ᠶᠢ ᠴᠢᠩᠭᠠᠷᠠᠭᠤᠯᠤᠨ᠂ | ᠡᠵᠡᠨ᠎ᠡ ᠶᠢᠨ ᠪᠠᠯᠲᠤ ᠬᠡᠮᠬᠡ ᠶᠢᠨ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠳᠤ ᠬᠦᠴᠦᠨ ᠨᠡᠮᠡᠷᠢᠯᠡᠨ᠎ᠡ᠃ ︵ | ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ︶᠃ | 3. ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ᠃ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ | ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠᠲᠤᠯᠠᠭ᠎ᠠ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠠᠮᠤᠷ | ᠲᠦᠪᠰᠢᠨ ᠢ ᠬᠠᠮᠲᠤᠷᠠᠨ ᠬᠢᠨᠠᠨ ᠬᠠᠮᠢᠶᠠᠷᠬᠤ ᠶᠢ ᠴᠢᠩᠭᠠᠷᠠᠭᠤᠯᠤᠨ᠂ ᠠᠮᠢ ᠠᠬᠤᠶ ᠶᠢ ᠬᠠᠮᠠᠭᠠᠯᠠᠬᠤ᠂ ᠣᠷᠴᠢᠨ | ᠲᠣᠭᠤᠷᠢᠨ ᠢ ᠰᠠᠶᠢᠵᠢᠷᠠᠭᠤᠯᠬᠤ᠂ ᠲᠠᠷᠢᠶᠠᠯᠠᠩ ᠮᠠᠯ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠬᠦ ᠵᠡᠷᠭᠡ ᠬᠥᠮᠦᠨ ᠤ | ᠬᠦᠴᠦ ᠪᠠᠷ ᠴᠠᠭ ᠠᠭᠤᠷ ᠢ ᠨᠥᠯᠥᠭᠡᠯᠡᠬᠦ ᠣᠨᠴᠠᠯᠢᠭᠲᠤ ᠦᠢᠯᠡᠴᠢᠯᠡᠭᠡ ᠶᠢ ᠪᠣᠶ ᠪᠣᠯᠭᠠᠨ᠎ᠠ᠃ ᠰᠤᠪᠨᠠᠭᠤᠷ ᠤᠨ | ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢ ᠰᠡᠷᠭᠦᠭᠡᠬᠦ ᠴᠢᠨᠠᠷᠲᠠᠶ ᠲᠡᠶᠢᠷᠦᠯᠲᠦ ᠰᠤᠮᠤ ᠳᠤ | ᠴᠢᠭᠯᠡᠭᠦᠯᠦᠭᠰᠡᠨ ᠠᠵᠢᠯ ᠢ ᠭᠤᠤᠯᠳᠠᠯᠭ᠎ᠠ ᠲᠠᠢ ᠥᠷᠨᠢᠭᠦᠯᠵᠦ᠂ ᠴᠡᠷᠢᠭ ᠤᠨ ᠲᠠᠯ᠎ᠠ ᠶᠢᠨ ᠬᠢᠨ ᠲᠠᠢ ᠬᠠᠮᠲᠤᠷᠠᠨ | ᠵᠢᠯᠣᠭᠤᠴᠢ ᠥᠬᠡᠶ ᠨᠢᠰᠬᠡᠯ ᠢᠶᠠᠷ ᠪᠣᠷᠣᠭᠠᠨ ᠣᠷᠣᠭᠤᠯᠬᠤ ᠠᠵᠢᠯ ᠢ ᠴᠢᠩᠭᠠᠳᠬᠠᠨ᠎ᠠ᠃ ᠬᠥᠮᠦᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠲᠣᠨᠣᠭᠯᠠᠯ ᠤᠨ ᠣᠨ ᠤ ᠪᠠᠶᠢᠴᠠᠭᠠᠯᠲᠠ ᠪᠠ ᠰᠤᠮᠤ ᠳᠠᠷᠢ ᠶᠢ ᠬᠠᠳᠠᠭᠠᠯᠠᠵᠤ ᠲᠡᠭᠡᠭᠡᠪᠦᠷᠢᠯᠡᠬᠦ | ᠵᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠵᠦ᠂ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ | ᠪᠠ ᠰᠡᠷᠭᠦᠭᠡᠬᠦ᠂ ᠴᠢᠬᠤᠯᠠ ᠶᠡᠭᠡ ᠠᠵᠢᠯᠯᠠᠭ᠎ᠠ ᠶᠢᠨ ᠪᠠᠲᠤᠯᠠᠭ᠎ᠠ᠂ ᠬᠦᠨᠳᠦ ᠶᠡᠭᠡ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠬᠤ ᠪᠠᠲᠤᠯᠠᠭ᠎ᠠ ᠵᠡᠷᠭᠡ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ | ᠡᠯ᠎ᠡ ᠰᠤᠮᠤ ᠪᠠᠯᠭᠠᠰᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠶᠢᠮᠠᠭ ᠤᠨ ᠠᠮᠢ ᠠᠬᠤᠶ | ᠣᠷᠴᠢᠨ ᠲᠣᠭᠤᠷᠢᠨ ᠤ ᠲᠣᠪᠴᠢᠶ᠎ᠠ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠲᠣᠪᠴᠢᠶ᠎ᠠ︶᠃ | 4. ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ᠂ | ᠴᠡᠪᠡᠷ ᠡᠨᠧᠷᠭᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠪᠥᠬᠦ ᠬᠡᠯᠬᠢᠶᠡᠨ ᠤ ᠴᠠᠭ ᠠᠭᠤᠷ ᠤᠨ ᠦᠢᠯᠡᠴᠢᠯᠡᠭᠡ ᠶᠢ | ᠥᠷᠨᠢᠭᠦᠯᠦᠨ᠎ᠡ᠃ ᠰᠠᠯᠬᠢᠨ ᠡᠨᠧᠷᠭᠢ᠂ ᠨᠡᠷᠡᠨ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠴᠢᠭᠯᠡᠭᠦᠯᠦᠨ ᠠᠭᠤᠷ ᠠᠮᠢᠰᠬᠤᠯ ᠤᠨ ᠪᠣᠯᠤᠮᠵᠢᠲᠤ ᠨᠤᠲᠠᠯᠠᠯᠲᠠ ᠬᠢᠬᠦ᠂ ᠴᠢᠳᠠᠯ ᠨᠣᠷᠮ᠎ᠠ ᠶᠢ ᠲᠥᠰᠦᠭᠡᠯᠡᠬᠦ᠂ | ᠠᠶᠤᠩᠭ᠎ᠠ ᠠᠴᠠ ᠰᠡᠷᠭᠡᠶᠢᠯᠡᠬᠦ ᠪᠠᠶᠢᠴᠠᠭᠠᠨ ᠬᠡᠮᠵᠢᠬᠦ᠂ ᠭᠠᠮᠰᠢᠭ ᠲᠠᠢ ᠴᠠᠭ ᠠᠭᠤᠷ ᠢ ᠤᠷᠢᠳᠴᠢᠯᠠᠨ ᠮᠡᠳᠡᠭᠦᠯᠵᠦ | ᠰᠡᠷᠡᠮᠵᠢᠯᠡᠭᠦᠯᠬᠦ ᠵᠡᠷᠭᠡ ᠪᠦᠬᠦ ᠬᠡᠯᠬᠢᠶᠡᠰᠦ ᠶᠢᠨ ᠴᠠᠭ ᠠᠭᠤᠷ ᠤᠨ ᠦᠢᠯᠡᠴᠢᠯᠡᠭᠡᠨ ᠢ ᠥᠷᠨᠢᠭᠦᠯᠦᠨ᠎ᠡ᠃ ᠰᠠᠯᠬᠢᠨ | ᠡᠨᠧᠷᠭᠢ᠂ ᠨᠡᠷᠡᠨ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠯᠦᠭᠡ ᠢᠳᠡᠪᠬᠢᠲᠡᠶ | ᠵᠣᠯᠭᠠᠭᠤᠯᠵᠤ᠂ ᠠᠭᠤᠷ ᠠᠮᠢᠰᠬᠤᠯ ᠤᠨ ᠪᠣᠯᠤᠮᠵᠢᠲᠤ ᠨᠤᠲᠠᠯᠠᠯ ᠤᠨ ᠦᠨᠡᠯᠡᠨ ᠵᠢᠱᠢᠯᠲᠡ ᠶᠢ ᠥᠷᠨᠢᠭᠦᠯᠦᠨ᠎ᠡ᠃ ᠴᠠᠭ | ᠠᠭᠤᠷ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ | ᠲᠤᠰᠬᠠᠶ ᠮᠡᠷᠭᠡᠵᠢᠯ ᠤᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠪᠠ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠨ᠂ ᠤᠶᠤᠨᠴᠢᠯᠠᠭᠰᠠᠨ ᠰᠦᠯᠵᠢᠶᠡᠨ ᠤ ᠤᠷᠢᠳᠴᠢᠯᠠᠨ ᠮᠡᠳᠡᠭᠡᠯᠡᠬᠦ ᠮᠡᠷᠭᠡᠵᠢᠯ ᠢ ᠠᠰᠢᠭᠯᠠᠨ᠂ | ᠨᠠᠷᠢᠯᠢᠭᠵᠢᠭᠰᠠᠨ᠂ ᠬᠠᠨᠳᠤᠯᠭᠠᠲᠤ ᠴᠢᠨᠠᠷᠲᠠᠶ ᠲᠤᠰᠬᠠᠶ ᠮᠡᠷᠭᠡᠵᠢᠯ ᠤᠨ ᠴᠠᠭ ᠠᠭᠤᠷ ᠤᠨ ᠦᠢᠯᠡᠴᠢᠯᠡᠭᠡ ᠶᠢ | ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠤᠰᠢᠭᠤᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ︶᠃ | 5. ᠴᠡᠭᠡ ᠪᠤᠭᠤᠮᠲᠠ ᠶᠢᠨ ᠴᠠᠭ ᠠᠭᠤᠷ ᠢ ᠬᠢᠨᠠᠨ ᠬᠡᠮᠵᠢᠭᠦ᠂ ᠭᠠᠮᠰᠢᠭ ᠤᠨ ᠠᠶᠤᠯ ᠳᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠭᠦ ᠴᠢᠲᠠᠪᠤᠷᠢ ᠶᠢᠨ ᠪᠠᠶᠢᠭᠤᠯᠤᠯᠲᠠ ᠶᠢ ᠴᠢᠩᠬᠠᠳᠬᠠᠬᠤ ᠬᠡᠷᠡᠭᠲᠠᠢ᠃ ᠴᠡᠭᠡ | ᠪᠣᠭᠤᠮᠲᠠ ᠶᠢᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡ ᠴᠢᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠴᠡᠭᠡ | ᠪᠤᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠦᠪᠯᠡᠯ ᠲᠠᠢ | ᠠᠪᠴᠠᠯᠳᠤᠭᠤᠯᠤᠨ᠂ ᠴᠠᠭ ᠠᠭᠤᠷ ᠤᠨ ᠪᠠᠶᠢᠭᠤᠯᠤᠮᠵᠢ ᠶᠢ ᠪᠠᠶᠢᠭᠤᠯᠵᠤ᠂ ᠬᠢᠨᠠᠨ ᠰᠢᠨᠵᠢᠯᠡᠯᠲᠡ ᠶᠢᠨ ᠤᠷᠢᠳᠴᠢᠯᠠᠨ | ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠦᠷᠨᠢᠭᠦᠯᠦᠨ᠎ᠡ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠨᠠᠮ ᠤᠨ ᠴᠠᠭ | ᠠᠭᠤᠷ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠰᠠᠯᠠᠭ᠎ᠠ ᠮᠥᠴᠢᠷ | ᠬᠠᠮᠵᠢᠯᠴᠠᠭᠰᠠᠨ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ ᠴᠠᠭ ᠠᠭᠤᠷ ᠤᠨ ᠴᠢᠨᠠᠷ ᠰᠠᠶᠢᠲᠠᠢ | ᠬᠥᠭᠵᠢᠯᠲᠡ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠬᠠᠮᠢᠶ᠎ᠠ ᠪᠥᠬᠦᠶ ᠲᠥᠯᠥᠪᠵᠢᠭᠦᠯᠭᠡ ᠳᠤ ᠣᠷᠣᠭᠤᠯᠤᠨ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ | ᠲᠠᠰᠤᠷᠠᠯᠲᠠ ᠥᠬᠡᠶ ᠨᠠᠷᠢᠯᠢᠬᠵᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠴᠠᠭ ᠠᠭᠤᠷ ᠤᠨ | ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠩᠭᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ | ᠬᠦᠴᠦᠯᠡᠨ ᠠᠬᠢᠭᠤᠯᠵᠤ᠂ ᠴᠠᠭ ᠠᠭᠤᠷ ᠤᠨ ᠲᠥᠬᠦᠭᠡᠷᠦᠮᠵᠢ ᠶᠢᠨ ᠬᠡᠷᠡᠭᠯᠡᠬᠦ ᠭᠠᠵᠠᠷ ᠵᠢᠴᠢ ᠬᠠᠶᠢᠨ ᠬᠡᠮᠵᠢᠬᠦ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠪᠠᠲᠤᠯᠠᠵᠤ᠂ | ︽ᠬᠥᠲᠥᠯᠪᠦᠷᠢ︾ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ︵ᠬᠠᠷᠢᠭᠤᠴᠠᠯᠭᠠᠲᠤ | ᠨᠢᠭᠡᠴᠡ᠄ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ︶ | ︵ᠬᠤᠶᠠᠷ︶ ᠪᠠᠲᠤᠯᠠᠭ᠎ᠠ ᠶᠢᠨ ᠪᠡᠯᠡ ᠮᠦᠩᠭᠦ ᠶᠢ ᠨᠠᠶᠢᠳᠠᠪᠤᠷᠢᠵᠢᠬᠤᠯᠬᠤ᠃ ᠴᠠᠭ ᠠᠭᠤᠷ ᠤᠨ ᠰᠠᠯᠠᠭ᠎ᠠ | ᠮᠥᠴᠢᠷ ᠤᠨ ᠬᠤᠣᠰ ᠲᠥᠯᠥᠪᠯᠡᠭᠡ ᠶᠢᠨ ᠡᠳ᠋ ᠤᠨ ᠶᠠᠪᠤᠳᠠᠯ ᠤᠨ ᠪᠠᠶᠢᠭᠤᠯᠤᠯ ᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠵᠤ᠂ ᠲᠣᠭᠲᠠᠭᠤᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ | ᠦᠷᠭᠦᠯᠵᠢᠯᠡᠬᠦ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ᠂ ᠴᠠᠭ | ᠠᠭᠤᠷ ᠤᠨ ᠦᠢᠯᠡᠰ ᠤᠨ ᠣᠷᠣᠭᠤᠯᠤᠯᠲᠠ ᠶᠢ ᠡᠵᠡᠨ᠎ᠡ ᠬᠤᠰᠢᠭᠤᠨ ᠤ ᠠᠵᠤ ᠠᠬᠤᠢ ᠪᠠ ᠨᠡᠶᠢᠭᠡᠮ ᠤᠨ | ᠦᠷᠭᠦᠯᠵᠢᠯᠡᠬᠦ ᠬᠥᠭᠵᠢᠯᠲᠡ ᠶᠢᠨ ᠰᠠᠭᠤᠷᠢ ᠣᠷᠣᠭᠤᠯᠤᠯᠲᠠ ᠪᠣᠯᠭᠠᠵᠤ᠂ ᠣᠷᠣᠨ ᠨᠤᠲᠤᠭ ᠤᠨ ᠴᠠᠭ ᠠᠭᠤᠷ ᠤᠨ | ᠦᠢᠯᠡᠰ ᠤᠨ ᠬᠥᠭᠵᠢᠯᠲᠡ ᠶᠢᠨ ᠲᠥᠯᠥᠪᠯᠡᠭᠡ ᠶᠢ ᠬᠤᠰᠢᠭᠤᠨ ᠤ ᠤᠯᠤᠰ ᠠᠷᠠᠳ ᠤᠨ ᠠᠵᠤ ᠠᠬᠤᠢ ᠶᠢᠨ | ᠬᠥᠭᠵᠢᠯᠲᠡ ᠶᠢᠨ ᠲᠥᠯᠥᠪᠯᠡᠭᠡ ᠳᠤ ᠣᠷᠣᠭᠤᠯᠤᠨ᠂ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠬᠠᠮᠢᠶ᠎ᠠ ᠪᠦᠬᠦᠢ ᠲᠥᠷᠥᠯ ᠵᠦᠢᠯ ᠪᠠ ᠠᠵᠢᠯᠯᠠᠭᠠᠨ ᠢ ᠪᠠᠲᠤᠯᠠᠬᠤ ᠵᠠᠷᠤᠳᠠᠯ ᠢ ᠠᠳᠠᠯᠢ ᠱᠠᠲᠤᠨ ᠤ | ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠂ ᠣᠷᠣᠨ ᠨᠤᠲᠤᠭ ᠤᠨ ᠴᠠᠭ ᠠᠭᠤᠷ ᠤᠨ ᠦᠢᠯᠡᠰ ᠤᠨ | ᠠᠵᠢᠯᠯᠠᠭᠠᠨ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠣᠷᠣᠨ ᠨᠤᠲᠤᠭ ᠤᠨ ᠴᠢᠨᠠᠷᠲᠠᠢ ᠲᠥᠷᠥ ᠶᠢᠨ | ᠪᠣᠳᠣᠯᠭ᠎ᠠ ᠠᠴᠠ ᠪᠣᠯᠵᠤ ᠨᠡᠮᠡᠭᠳᠡᠭᠦᠯᠦᠭᠰᠡᠨ ᠠᠯᠪᠠᠨ ᠬᠡᠷᠡᠭᠯᠡᠭᠡ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠢᠴᠢ | ᠨᠡᠮᠡᠭᠦᠷᠢ ᠨᠥᠬᠦᠪᠥᠷᠢ ᠵᠡᠷᠭᠡ ᠬᠡᠷᠡᠭᠯᠡᠭᠡᠨ ᠤ ᠵᠠᠷᠤᠳᠠᠯ ᠢ ᠬᠤᠰᠢᠭᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠪᠠᠲᠤᠯᠠᠭ᠎ᠠ ᠳᠤ ᠣᠷᠣᠭᠤᠯᠵᠤ᠂ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ | ᠨᠥᠬᠦᠴᠡᠯ ᠪᠦᠷᠢᠯᠳᠦᠭᠦᠯᠵᠦ ᠥᠭᠭᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ︶᠃ | ︵ᠭᠤᠷᠪᠠ︶ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠬᠤᠰᠢᠭᠤᠨ ᠤ ᠴᠠᠭ ᠠᠭᠤᠷ ᠤᠨ | ᠮᠡᠷᠭᠡᠵᠢᠯ ᠤᠨ ᠪᠠᠷᠢᠮᠵᠢᠶ᠎ᠠ ᠶᠢᠨ ᠰᠢᠰᠲ᠋ᠧᠮ ᠢ ᠴᠢᠩᠭᠠᠳᠬᠠᠵᠤ᠂ ᠴᠠᠭ ᠠᠭᠤᠷ ᠤᠨ ᠲᠥᠬᠦᠭᠡᠷᠦᠮᠵᠢ ᠪᠠ ᠴᠠᠭ ᠠᠭᠤᠷ ᠢ | ᠬᠠᠶᠢᠨ ᠬᠡᠮᠵᠢᠬᠦ ᠣᠷᠴᠢᠨ ᠲᠣᠭᠤᠷᠢᠨ ᠢ ᠬᠠᠤᠯᠢ ᠶᠣᠰᠣᠭᠠᠷ ᠬᠠᠮᠠᠭᠠᠯᠠᠵᠤ᠂ ᠠᠶᠤᠩᠭ᠎ᠠ ᠠᠴᠠ ᠰᠡᠷᠭᠡᠶᠢᠯᠡᠬᠦ᠂ ᠬᠡᠢ | ᠪᠥᠮᠪᠦᠭᠡ ᠶᠢ ᠳᠡᠭᠡᠭᠰᠢᠯᠡᠭᠦᠯᠬᠦ ᠪᠠ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠴᠠᠭ ᠠᠭᠤᠷ ᠤᠨ ᠪᠡᠯᠡᠳᠬᠡᠮᠵᠢ ᠪᠣᠯᠤᠨ ᠴᠠᠭ ᠠᠭᠤᠷ ᠢ | ᠬᠠᠶᠢᠨ ᠬᠡᠮᠵᠢᠬᠦ ᠣᠷᠴᠢᠨ ᠲᠣᠭᠤᠷᠢᠨ ᠤ ᠬᠠᠮᠠᠭᠠᠯᠠᠯᠲᠠ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ᠂ ᠬᠥᠮᠦᠨ ᠤ | ᠬᠦᠴᠦ ᠪᠠᠷ ᠴᠠᠭ ᠠᠭᠤᠷ ᠢ ᠨᠥᠯᠥᠭᠡᠯᠡᠬᠦ᠂ ᠴᠠᠭ ᠠᠭᠤᠷ ᠤᠨ ᠪᠣᠳᠠᠲᠤ ᠪᠠᠶᠢᠳᠠᠯ ᠤᠨ ᠮᠠᠲ᠋ᠧᠷᠢᠶᠠᠯ ᠢ ᠬᠡᠷᠡᠭᠯᠡᠬᠦ ᠵᠡᠷᠭᠡ | ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ | ᠴᠠᠭ ᠠᠭᠤᠷ ᠤᠨ ᠲᠣᠪᠴᠢᠶ᠎ᠠ᠂ ᠡᠯ᠎ᠡ ᠰᠤᠮᠤ ᠪᠠᠯᠭᠠᠰᠤ᠂ ᠬᠠᠤᠯᠢ ᠴᠠᠭᠠᠵᠠ ᠶᠢᠨ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶᠃ | ︵ᠲᠦᠷᠪᠡ︶ ᠴᠠᠭ ᠠᠭᠤᠷ ᠤᠨ ᠬᠤᠷᠢᠶ᠎ᠠ ᠥᠷᠲᠡᠭᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠠᠵᠢᠯ ᠢ ᠴᠢᠩᠭᠠᠳᠬᠠᠨ᠎ᠠ᠃ ᠴᠠᠭ ᠠᠭᠤᠷ ᠤᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠰᠠᠭᠤᠳᠠᠯ ᠪᠣᠯ ᠴᠠᠭ ᠠᠭᠤᠷ ᠤᠨ ᠦᠢᠯᠡᠰ ᠤᠨ ᠲᠣᠭᠲᠠᠭᠤᠨ | ᠪᠠ ᠬᠥᠭᠵᠢᠯᠲᠡ ᠳᠤ ᠬᠤᠯᠪᠣᠭᠳᠠᠬᠤ ᠴᠢᠬᠤᠯᠠ ᠰᠠᠭᠤᠷᠢ ᠪᠠᠲᠤᠯᠠᠭ᠎ᠠ ᠶᠢᠨ ᠠᠰᠠᠭᠤᠳᠠᠯ ᠪᠣᠯᠤᠨ᠎ᠠ᠂ ᠴᠠᠭ ᠠᠭᠤᠷ ᠤᠨ | ᠰᠠᠯᠠᠭ᠎ᠠ ᠮᠥᠴᠢᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠠᠬᠢ ᠣᠷᠣᠭᠤᠯᠤᠯᠲᠠ ᠪᠠᠨ | ᠨᠡᠮᠡᠭᠳᠡᠭᠦᠯᠵᠦ᠂ ᠴᠠᠭ ᠠᠭᠤᠷ ᠤᠨ ᠰᠠᠯᠠᠭ᠎ᠠ ᠮᠥᠴᠢᠷ ᠤᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡ ᠶᠢᠨ ᠬᠠᠶᠢᠨ | ᠬᠡᠮᠵᠢᠬᠦ ᠣᠷᠴᠢᠨ ᠲᠣᠭᠤᠷᠢᠨ ᠬᠢᠭᠡᠳ ᠲᠥᠬᠦᠭᠡᠷᠦᠮᠵᠢ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠦᠨᠡᠨᠬᠦ | ᠳᠠᠮᠵᠢᠵᠤ᠂ ᠴᠠᠭ ᠠᠭᠤᠷ ᠤᠨ ᠥᠷᠲᠡᠭᠡᠨ ᠤ ᠰᠠᠭᠤᠷᠢ ᠲᠥᠬᠦᠭᠡᠷᠦᠮᠵᠢ ᠶᠢ ᠶᠡᠷᠦᠩᠬᠡᠶᠢᠯᠡᠨ ᠰᠠᠶᠢᠵᠢᠷᠠᠭᠤᠯᠬᠤ ᠭᠤᠤᠯ | ᠡᠭᠦᠷᠭᠡ ᠪᠠ ᠪᠦᠲᠦᠭᠡᠨ ᠪᠠᠶᠢᠭᠤᠯᠤᠯᠲᠠ ᠶᠢᠨ ᠭᠤᠤᠯᠳᠠᠯᠭ᠎ᠠ ᠶᠢ ᠲᠣᠳᠣᠷᠬᠠᠶᠢᠯᠠᠵᠤ᠂ ᠨᠢᠭᠡᠳᠦᠯᠲᠡᠶ ᠲᠥᠯᠥᠪᠵᠢᠭᠦᠯᠦᠨ᠂ | ᠪᠦᠬᠦᠯᠢ ᠴᠣᠭᠴᠠ ᠪᠠᠷ ᠨᠢ ᠪᠠᠶᠢᠷᠢᠯᠠᠭᠤᠯᠵᠤ᠂ ᠠᠯᠬᠤᠮ ᠬᠤᠪᠢᠶᠠᠨ ᠬᠡᠷᠡᠭᠵᠢᠭᠦᠯᠵᠦ᠂ ᠴᠠᠭ ᠠᠭᠤᠷ ᠤᠨ | ᠦᠢᠯᠡᠴᠢᠯᠡᠭᠡᠨ ᠤ ᠶᠡᠷᠦᠩᠬᠡᠶ ᠦᠷ᠎ᠡ ᠠᠰᠢᠭ ᠢ ᠳᠡᠭᠡᠭᠰᠢᠯᠡᠭᠦᠯᠦᠨ᠂ ᠪᠦᠬᠦ ᠬᠤᠰᠢᠭᠤᠨ ᠤ ᠴᠠᠭ ᠠᠭᠤᠷ ᠤᠨ | ᠦᠢᠯᠡᠰ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ | ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠯᠵᠢᠮᠡᠯ ᠬᠤᠯᠪᠣᠭ᠎ᠠ᠂ ᠨᠢᠭᠡᠳᠦᠮᠡᠯ ᠬᠤᠯᠪᠣᠭ᠎ᠠ᠂ | ᠴᠠᠬᠢᠯᠭᠠᠨ ᠮᠡᠳᠡᠭᠡ︶ | ︵ᠲᠠᠪᠤ︶ ᠠᠵᠢᠯ ᠤᠨ ᠦᠨᠡᠯᠡᠯᠲᠡ ᠶᠢ ᠴᠢᠩᠭᠠᠳᠬᠠᠵᠤ᠃ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠬᠠᠮᠢᠶ᠎ᠠ ᠪᠥᠬᠦᠶ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠵᠤ᠂ ᠠᠵᠢᠯ ᠤᠨ | ᠦᠨᠡᠯᠡᠯᠲᠡ ᠶᠢ ᠴᠢᠩᠭᠠᠷᠠᠭᠤᠯᠤᠨ᠂ ᠴᠠᠭ ᠲᠤᠨᠢ ᠳᠣᠭᠢᠷᠠᠭᠤᠯᠤᠨ ᠦᠨᠡᠯᠡᠨ ᠵᠢᠱᠢᠬᠦ ᠶᠢ ᠥᠷᠨᠢᠭᠦᠯᠵᠦ᠂ ᠡᠯ᠎ᠡ | ᠵᠦᠢᠯ ᠤᠨ ᠡᠭᠦᠷᠭᠡ ᠶᠢ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠶ᠃ | ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠡᠯ᠎ᠡ ᠰᠤᠮᠤ ᠪᠠᠯᠭᠠᠰᠤ︶ | |