8 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠬᠠᠮᠲᠤᠷᠠᠨ | ᠡᠷᠭᠢᠯᠡᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠳᠠᠭᠠᠭᠠᠨ ᠡᠷᠭᠢᠯᠡᠭᠰᠡᠨ ︽ᠴᠡᠷᠢᠭ ᠢ | ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠰᠤᠷᠤᠯᠴᠠᠵᠤ ᠭᠠᠪᠢᠶ᠎ᠠ ᠪᠠᠶᠢᠭᠤᠯᠤᠨ ᠴᠡᠷᠢᠭ ᠤᠨ ᠶᠠᠪᠤᠳᠠᠯ ᠤᠨ ᠦᠢᠯᠡᠰ ᠢ | ᠬᠦᠴᠦᠷᠬᠡᠭᠵᠢᠭᠦᠯᠬᠦ︾ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠤᠳᠤᠯᠤᠨ | ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ ᠡᠵᠡᠨ᠎ᠡ ᠬᠤᠰᠢᠭᠤᠨ ᠳᠤ ᠲᠡᠭᠦᠰ ᠠᠮᠵᠢᠯᠲᠠ ᠲᠠᠢ ᠲᠡᠭᠦᠰᠪᠡ᠃ | ᠲᠤᠰ ᠤᠳᠠᠭᠠᠨ ᠤ ᠠᠵᠢᠯᠯᠠᠭ᠎ᠠ ᠨᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢᠶᠠᠷ ᠭᠤᠣᠯ | ᠰᠡᠳᠦᠪ ᠪᠣᠯᠭᠠᠵᠤ᠂ ᠪᠦᠬᠦ ᠣᠷᠣᠨ ᠤ ︽ᠴᠡᠷᠢᠭ ᠠᠷᠠᠳ ᠬᠠᠮᠲᠤ ᠪᠠᠷ ᠪᠠᠶᠢᠭᠤᠯᠤᠭᠰᠠᠨ ᠦᠨᠳᠦᠰᠦᠲᠡᠨ ᠤ | ᠪᠦᠯᠬᠦᠮᠳᠡᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ︽ᠪᠦᠬᠦ ᠤᠯᠤᠰ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠵᠢᠴᠢ ︽ᠪᠠᠭᠠᠴᠤᠳ ᠤᠨ | ᠴᠡᠷᠢᠭ ᠤᠨ ᠰᠤᠷᠭᠠᠭᠤᠯᠢ︾ ᠶᠢᠨ ᠠᠩᠬ᠎ᠠ ᠳᠤᠮᠳᠠᠳᠤ᠂ ᠥᠨᠳᠥᠷ ᠳᠤᠮᠳᠠᠳᠤ ᠶᠢᠨ ᠰᠤᠷᠭᠠᠭᠤᠯᠢ ᠶᠢᠨ ᠳᠣᠲᠣᠷ᠎ᠠ ᠠᠴᠠ | ᠨᠢᠭᠡ ᠪᠦᠯᠦᠭ ᠮᠣᠷᠠᠯ ᠰᠤᠷᠤᠯᠭ᠎ᠠ ᠬᠤᠣᠰᠯᠠᠭᠰᠠᠨ᠂ ᠪᠡᠶ᠎ᠡ ᠮᠠᠬᠠᠪᠤᠳ ᠡᠷᠡᠭᠦᠯ ᠴᠢᠭᠢᠷᠠᠭ ᠰᠤᠷᠤᠭᠴᠢᠳ ᠤᠨ | ᠲᠥᠯᠥᠭᠡᠯᠡᠭᠴᠢ ᠶᠢ ᠰᠢᠯᠢᠨ ᠰᠣᠩᠭᠤᠵᠤ᠂ 7 ᠰᠠᠷ᠎ᠠ ᠶᠢᠨ 25 ᠤ ᠡᠳᠦᠷ ᠠᠴᠠ 8 ᠰᠠᠷ᠎ᠠ ᠶᠢᠨ 10 ᠤ ᠡᠳᠦᠷ | ᠪᠣᠯᠲᠠᠯᠠᠬᠢ ᠬᠤᠭᠤᠴᠠᠭᠠᠨ ᠳᠤ᠂ ᠪᠠᠶᠢᠩᠭᠤᠵᠢᠭᠤᠯᠤᠨ ᠥᠷᠨᠢᠭᠦᠯᠬᠦ᠂ ᠬᠡᠰᠡᠭ ᠲᠣᠭᠤᠷᠢᠭ ᠬᠤᠪᠢᠶᠠᠨ ᠵᠣᠬᠢᠶᠠᠨ | ᠪᠠᠶᠢᠭᠤᠯᠬᠤ᠂ ᠪᠦᠯᠦᠭ ᠤᠳᠠᠭ᠎ᠠ ᠬᠤᠪᠢᠶᠠᠨ ᠬᠡᠷᠡᠭᠵᠢᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ 110 ᠪᠠᠭᠰᠢ | ᠰᠤᠷᠤᠭᠴᠢᠳ ᠲᠤ ᠪᠦᠯᠦᠭ ᠤᠳᠠᠭ᠎ᠠ ᠬᠤᠪᠢᠶᠠᠨ ᠬᠤᠶᠠᠷ ᠬᠤᠭᠤᠴᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ | ᠥᠷᠨᠢᠭᠦᠯᠵᠦ᠂ ᠠᠷᠠᠳ ᠤᠨ ᠴᠡᠷᠢᠭ ᠠᠩᠭᠢ ᠶᠢ ᠬᠠᠶᠢᠷᠠᠯᠠᠬᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠬᠤ | ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠤᠬᠠᠮᠰᠠᠷ ᠢ ᠤᠯᠠᠮ ᠨᠢᠭᠡ ᠠᠯᠬᠤᠮ | ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ | ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ | |