1. ᠵᠢᠭᠠᠰᠤᠨ ᠤ ᠴᠤᠤᠬ᠎ᠠ | ᠣᠯᠠᠩᠬᠢ ᠦᠶ᠎ᠡ ᠳᠤ᠂ ᠪᠢᠳᠡ ᠵᠢᠭᠠᠰᠤ ᠬᠤᠳᠠᠯᠳᠤᠨ ᠠᠪᠬᠤ ᠳᠤ ᠵᠢᠭᠠᠰᠤ ᠶᠢ ᠠᠷᠢᠯᠭᠠᠴᠢᠬᠰᠠᠨ ᠮᠦᠷᠳᠡᠭᠡᠨ | ᠴᠤᠤᠬ᠎ᠠ ᠶᠢ ᠨᠢ ᠠᠪᠴᠤ ᠬᠠᠶᠠᠬᠰᠠᠨ ᠪᠠᠶᠢᠳᠠᠭ᠂ ᠭᠡᠳᠡᠯ᠎ᠡ ᠤᠭᠤᠷᠠᠭ ᠤᠨ ᠠᠭᠤᠯᠤᠭᠳᠠᠴᠠ ᠠᠴᠠ ᠠᠪᠴᠤ ᠬᠡᠯᠡᠪᠡᠯ᠂ | ᠵᠢᠭᠠᠰᠤᠨ ᠤ ᠴᠤᠤᠬ᠎ᠠ ᠶᠢᠨ ᠳᠣᠲᠣᠷᠠᠬᠢ ᠤᠭᠤᠷᠠᠭ ᠤᠨ ᠠᠭᠤᠯᠤᠭᠳᠠᠴᠠ ᠨᠢ ᠨᠡᠯᠢᠶᠡᠳ ᠥᠨᠳᠥᠷ᠂ 76% — | 79 % ᠶᠢᠨ ᠬᠤᠭᠤᠷᠣᠨᠳᠣ ᠪᠠᠶᠢᠳᠠᠭ᠂ ᠬᠡᠪᠡᠴᠦ ᠥᠭᠡᠬᠦᠨ ᠤ ᠠᠭᠤᠯᠤᠭᠳᠠᠴᠠ ᠨᠢ ᠨᠡᠯᠢᠶᠡᠳ ᠳᠤᠤᠷ᠎ᠠ᠂ | ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ ᠨᠢ ᠴᠦ ᠥᠨᠳᠥᠷ ᠪᠢᠰᠢ ᠪᠠᠶᠢᠳᠠᠭ ᠪᠦᠭᠡᠳ ᠮᠢᠬᠠᠨ ᠤ | ᠴᠢᠨᠠᠷ ᠨᠢ ᠨᠡᠯᠢᠶᠡᠳ ᠵᠦᠭᠡᠷ ᠬᠡᠰᠡᠭ ᠪᠣᠯᠤᠨ᠎ᠠ᠃ | 2. ᠵᠢᠭᠠᠰᠤᠨ ᠤ ᠲᠣᠯᠣᠭᠠᠢ | ᠵᠢᠭᠠᠰᠤᠨ ᠤ ᠲᠣᠯᠣᠭᠠᠶ ᠶᠢᠨ ᠰᠢᠮ᠎ᠡ ᠲᠡᠵᠢᠭᠡᠯ ᠨᠢ ᠨᠡᠯᠢᠶᠡᠳ ᠥᠨᠳᠥᠷ᠂ ᠤᠭᠤᠷᠠᠭ᠂ ᠺᠠᠯᠼ᠂ ᠹᠣᠰᠹᠣᠷ᠂ | ᠲᠡᠮᠦᠷ᠂ ᠸᠢᠲ᠋ᠠᠮᠢᠨ B1 ᠵᠡᠷᠭᠡ ᠣᠯᠠᠨ ᠵᠦᠢᠯ ᠤᠨ ᠰᠢᠮ᠎ᠡ ᠲᠡᠵᠢᠭᠡᠯ ᠤᠨ ᠡᠯᠧᠮᠧᠨ᠋ᠲ ᠠᠭᠤᠯᠵᠤ ᠪᠠᠶᠢᠳᠠᠭ᠃ | ᠪᠢᠳᠡᠨ ᠤ ᠦᠷᠭᠦᠯᠵᠢ ᠢᠳᠡᠳᠡᠭ ᠶᠠᠷᠮ᠎ᠠ ᠵᠢᠭᠠᠰᠤᠨ ᠤ ᠲᠣᠯᠣᠭᠠᠶ ︵ᠲᠠᠷᠭᠤᠨ ᠲᠣᠯᠣᠭᠠᠶᠢᠲᠤ ᠵᠢᠭᠠᠰᠤ︶ ᠪᠠᠷ | ᠵᠢᠱᠢᠶᠡᠯᠡᠬᠦ ᠳᠤ᠂ ᠲᠡᠭᠦᠨ ᠤ ᠲᠣᠯᠣᠭᠠᠶ ᠶᠢᠨ ᠤᠭᠤᠷᠠᠭ ᠤᠨ ᠠᠭᠤᠯᠤᠭᠳᠠᠴᠠ ᠨᠢ 18.32 % ᠲᠤ ᠬᠦᠷᠴᠦ | ᠪᠠᠶᠢᠬᠤ ᠪᠦᠭᠡᠳ ᠡᠭᠦᠨ ᠠᠴᠠ ᠭᠠᠳᠠᠨ᠎ᠠ ᠲᠣᠯᠣᠭᠠᠶ ᠳᠤᠨᠢ ᠪᠠᠰᠠ ᠬᠠᠨᠤᠮᠠᠯ ᠪᠤᠰᠤ ᠥᠭᠡᠬᠦᠨ ᠬᠦᠴᠢᠯ᠂ ᠹᠣᠰᠹᠣᠷᠲᠤ | ᠥᠭᠡᠬᠦᠨ ᠤ ᠲᠥᠷᠥᠯ ᠤᠨ ᠪᠣᠳᠠᠰ ᠡᠯᠪᠡᠭ ᠠᠭᠤᠯᠵᠤ ᠪᠠᠶᠢᠳᠠᠭ᠂ ᠡᠨᠡ ᠨᠢ ᠨᠢᠯᠬ᠎ᠠ ᠬᠡᠦᠬᠡᠳ ᠤᠨ ᠶᠡᠭᠡ ᠲᠠᠷᠢᠬᠢᠨ ᠤ | ᠪᠤᠶᠢᠵᠢᠯᠲᠠ ᠳᠤ ᠠᠰᠢᠭᠲᠠᠶ ᠪᠦᠭᠡᠳ ᠠᠯᠽᠧᠶᠢᠮᠧᠷ ᠡᠪᠡᠳᠴᠢᠨ ᠢ ᠰᠠᠶᠢᠵᠢᠷᠠᠭᠤᠯᠬᠤ ᠳᠤ ᠲᠤᠰᠠᠯᠠᠳᠠᠭ᠃ | ᠠᠩᠬᠠᠷᠤᠭᠤᠰᠢᠳᠠᠢ ᠨᠢ᠄ ᠵᠢᠭᠠᠰᠤᠨ ᠤ ᠲᠣᠯᠣᠭᠠᠶ ᠶᠢᠨ ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ | ᠨᠡᠯᠢᠶᠡᠳ ᠥᠨᠳᠥᠷ ᠪᠣᠯᠬᠤᠷ ᠢᠳᠡᠬᠦ ᠬᠡᠮᠵᠢᠶ᠎ᠡ ᠪᠠᠨ ᠬᠢᠵᠠᠭᠠᠷᠯᠠᠬᠤ ᠬᠡᠷᠡᠭᠲᠡᠶ᠃ | 3. ᠵᠢᠭᠠᠰᠤᠨ ᠤ ᠠᠷᠠᠰᠤ | ᠤᠭᠤᠷᠠᠭ ᠤᠨ ᠠᠭᠤᠯᠤᠭᠳᠠᠴᠠ ᠨᠢ ᠨᠡᠯᠢᠶᠡᠳ ᠡᠯᠪᠡᠭ ᠪᠠᠶᠢᠵᠤ᠂ 30% ᠣᠷᠴᠢᠮ ᠬᠦᠷᠴᠦ ᠪᠠᠶᠢᠬᠤ | ᠪᠦᠭᠡᠳ ᠪᠠᠰᠠ ᠴᠠᠪᠠᠤᠯᠢᠭ ᠤᠭᠤᠷᠠᠭ ᠡᠯᠪᠡᠭ ᠠᠭᠤᠯᠵᠤ ᠪᠠᠶᠢᠳᠠᠭ᠂ ᠤᠯᠠᠭᠠᠨ ᠲᠤᠯᠪᠠᠭ᠎ᠠ ᠵᠢᠭᠠᠰᠤ ᠪᠠᠷ | ᠵᠢᠱᠢᠶᠡᠯᠡᠬᠦ ᠳᠤ᠂ ᠲᠡᠭᠦᠨ ᠤ ᠬᠠᠯᠢᠰᠤᠨ ᠳᠣᠲᠣᠷᠠᠬᠢ ᠴᠠᠪᠠᠤᠯᠢᠭ ᠤᠭᠤᠷᠠᠭ ᠤᠨᠠᠭᠤᠯᠤᠭᠳᠠᠴᠠ ᠨᠢ 80% ᠠᠴᠠ | ᠳᠡᠭᠡᠭᠰᠢ ᠪᠠᠶᠢᠳᠠᠭ᠃ | ᠠᠩᠬᠠᠷᠤᠭᠤᠰᠢᠳᠠᠢ ᠨᠢ᠄ ᠵᠢᠭᠠᠰᠤᠨ ᠤ ᠰᠥᠰᠥ ᠶᠢ ᠶᠠᠭᠠᠬᠢᠭᠰᠠᠨ ᠴᠤ ᠢᠳᠡᠵᠦ ᠪᠤᠯᠬᠤ ᠦᠭᠡᠢ︕ | ᠵᠢᠭᠠᠰᠤᠨ ᠤ ᠰᠥᠰᠥᠨ ᠳᠤ ᠶᠡᠭᠡ ᠬᠡᠮᠵᠢᠶᠡᠨ ᠤ ᠰᠥᠰᠥᠨ ᠳᠠᠪᠤᠰᠤ᠂ ᠬᠤᠣᠷᠲᠤ ᠡᠳ᠋ ᠪᠠ ᠨᠡᠬᠡᠳᠡᠰᠦ ᠶᠢᠨ ᠠᠮᠢᠨ | ᠠᠭᠤᠯᠤᠭᠳᠠᠵᠤ ᠪᠠᠶᠢᠳᠠᠭ ᠪᠤᠯᠬᠤᠷ ᠠᠳᠡᠭᠦᠷᠡᠨ ᠢᠳᠡᠪᠡᠯ ᠪᠥᠭᠡᠷ᠎ᠡ ᠶᠢ ᠮᠠᠭᠤᠳᠠᠭᠤᠯᠬᠤ ᠪᠤᠶᠤ ᠡᠯᠢᠭᠡᠨ ᠡᠪᠡᠳᠴᠢᠨ | ᠡᠭᠦᠰᠭᠡᠵᠦ ᠮᠡᠳᠡᠨ᠎ᠡ᠂ ᠴᠢᠨᠠᠬᠰᠢᠯᠠᠪᠠᠯ ᠠᠮᠢ ᠨᠠᠰᠤᠨ ᠤ ᠠᠶᠤᠯ ᠲᠠᠢ ᠶᠤᠮ᠂ ᠡᠶᠢᠮᠦ ᠠᠴᠠ ᠶᠠᠭᠠᠬᠢᠭᠰᠠᠨ ᠴᠤ ᠢᠳᠡᠵᠦ | ᠪᠣᠯᠬᠤ ᠦᠭᠡᠶ︕ | ᠭᠠᠷᠠᠭ ᠲᠤ ᠬᠡᠳᠦᠢ ᠵᠢᠭᠠᠰᠤ ᠢᠳᠡᠪᠡᠯ ᠵᠣᠬᠢᠯᠳᠠᠢ ᠪᠤᠢ︖ | ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠵᠦᠭᠯᠡᠭᠦᠷ ︵2022︶︾ ᠢ | ᠦᠨᠳᠦᠰᠦᠯᠡᠪᠡᠯ᠂ ᠭᠠᠷᠠᠭ ᠲᠤ 2 ᠤᠳᠠᠭ᠎ᠠ ᠵᠢᠭᠠᠰᠤ ᠢᠳᠡᠬᠦ ᠪᠤᠶᠤ 300 ~ 500 ᠭᠷᠠᠮ ᠵᠢᠭᠠᠰᠤ ᠢᠳᠡᠪᠡᠯ | ᠬᠠᠮᠤᠭ ᠰᠠᠶᠢᠨ ᠭᠡᠵᠡᠢ᠃ ᠵᠢᠭᠠᠰᠤᠨ ᠤ ᠮᠢᠬ᠎ᠠ ᠢᠳᠡᠬᠦ ᠪᠠᠨ ᠵᠣᠬᠢᠬᠤ ᠬᠡᠮᠵᠢᠶ᠎ᠡ ᠪᠠᠷ ᠨᠡᠮᠡᠭᠳᠡᠭᠦᠯᠪᠡᠯ ᠪᠠᠰᠠ | ᠨᠠᠰᠤᠨ ᠳᠤ ᠬᠦᠷᠦᠭᠰᠡᠳ ᠤᠨ ᠲᠠᠷᠢᠬᠢᠨ ᠰᠠ ᠳᠤ ᠳᠠᠭᠠᠷᠢᠬᠳᠠᠬᠤ ᠲᠦᠭᠰᠢᠭᠦᠷᠢ ᠶᠢ ᠪᠠᠭᠠᠰᠬᠠᠵᠤ ᠴᠢᠳᠠᠨ᠎ᠠ᠃ | ᠵᠢᠭᠠᠰᠤᠨ ᠤ ᠮᠢᠬ᠎ᠠ ᠶᠢ ᠢᠯᠡᠭᠦᠬᠡᠨ ᠰᠢᠭ ᠢᠳᠡᠪᠡᠯ ᠢᠳᠡᠷ ᠥᠲᠡᠯᠦᠭᠡ ᠨᠠᠰᠤᠨ ᠤ ᠬᠦᠮᠦᠰ ᠤᠨ ᠠᠯᠽᠧᠶᠢᠮᠧᠷ | ᠡᠪᠡᠳᠴᠢᠨ ᠵᠢᠴᠢ ᠲᠠᠨᠢᠨ ᠮᠡᠳᠡᠬᠦᠶ ᠶᠢᠨ ᠴᠢᠳᠠᠮᠵᠢ ᠶᠢᠨ ᠰᠠᠭᠠᠲᠠᠯ ᠤᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ | ᠪᠠᠭᠤᠷᠠᠭᠤᠯᠵᠤ ᠴᠢᠳᠠᠨ᠎ᠠ᠃ | ᠡᠨᠡ 3 ᠵᠦᠢᠯ ᠤᠨ ᠵᠢᠭᠠᠰᠤ ᠶᠢ ᠢᠳᠡᠬᠦ ᠦᠭᠡᠶ ᠪᠣᠯ ᠰᠠᠶᠢᠨ | 1. ᠴᠢᠨᠠᠵᠤ ᠪᠤᠯᠭᠤᠬᠰᠠᠨ ᠥᠬᠡᠶ ᠵᠢᠭᠠᠰᠤ | 2. ᠲᠣᠰᠣᠨ ᠳᠤ ᠭᠡᠳᠦ ᠪᠤᠴᠠᠯᠭᠠᠭᠰᠠᠨ ᠵᠢᠭᠠᠰᠤ | 3. ᠳᠠᠪᠤᠰᠤᠯᠠᠭᠰᠠᠨ ᠵᠢᠭᠠᠰᠤ |