ᠲᠦᠮᠦᠰᠦ ᠢᠳᠡᠬᠦ ᠶᠢᠨ ᠭᠤᠷᠪᠡᠡ ᠶᠡᠭᠡ ᠠᠴᠢ ᠲᠤᠰᠠ
ᠨᠡᠶᠢᠲᠡᠯᠡᠭᠰᠡᠨ ᠴᠠᠭ᠄
2023/8/15
      1. ᠰᠠ ᠳᠤ ᠲᠠᠭᠠᠷᠢᠭᠳᠠᠬᠤ ᠶᠢ ᠰᠡᠷᠬᠡᠶᠢᠯᠡᠨ᠎ᠡ᠃ ᠲᠦᠮᠦᠰᠦᠨ ᠳᠤ ᠮᠠᠰᠢ ᠡᠯᠪᠡᠭ ᠸᠢᠲ᠋ᠠᠮᠢᠨ B᠎ ᠶᠢᠨ ᠪᠦᠯᠦᠭ ᠪᠤᠯᠤᠨ ᠤᠨᠴᠠ ᠰᠠᠶᠢᠨ ᠰᠢᠷᠬᠡᠭᠯᠢᠭ ᠡᠳ᠋ ᠪᠡᠶ᠎ᠡ  ᠮᠠᠬᠠᠪᠤᠳ ᠤᠨ ᠦᠳᠡᠯᠵᠦ ᠲᠤᠷᠦ᠋ᠢᠳᠠᠬᠤ ᠶᠢ ᠤᠳᠠᠭᠠᠰᠢᠷᠠᠭᠤᠯᠬᠤ ᠳᠤ ᠴᠢᠬᠤᠯᠠ ᠦᠢᠯᠡᠳᠦᠯ ᠦᠵᠡᠬᠦᠯᠳᠡᠭ᠃ ᠲᠦᠮᠦᠰᠦᠨ ᠳᠤ ᠡᠯᠪᠡᠭ ᠪᠠᠶᠢᠳᠠᠭ ᠢᠳᠡᠰᠢ ᠶᠢᠨ  ᠰᠢᠷᠬᠡᠭᠯᠢᠭ ᠪᠤᠯᠤᠨ ᠨᠢᠰᠢᠩᠬᠦ ᠶᠢᠨ ᠰᠢᠬᠢᠷ ᠰᠢᠩᠬᠡᠬᠡᠯᠳᠡ ᠶᠢᠨ ᠵᠠᠮ ᠤᠨ ᠦᠮᠡᠨ ᠢ ᠰᠡᠷᠬᠡᠶᠢᠯᠡᠨ ᠡᠮᠴᠢᠯᠡᠵᠦ᠂ ᠴᠢᠰᠦᠨ ᠳᠠᠬᠢ ᠰᠦᠰᠦᠨ ᠴᠢᠯᠠᠭᠤᠯᠢᠭ ᠠᠯᠺᠤᠤᠯ ᠤᠨ  ᠠᠭᠤᠯᠤᠭᠳᠠᠴᠠ ᠶᠢ ᠡᠷᠬᠡᠰᠢᠶᠡᠬᠦ ᠳᠤ ᠲᠤᠰᠠᠳᠠᠢ᠃ ᠡᠬᠦᠨ ᠤ ᠲᠤᠳᠤᠷᠠᠬᠢ ᠨᠢᠯᠴᠠᠭᠠᠢ ᠤᠭᠤᠷᠠᠭ ᠨᠢ ᠵᠢᠷᠤᠬᠡ ᠴᠢᠰᠦᠨ ᠰᠤᠳᠠᠯ ᠤᠨ ᠡᠪᠡᠳᠴᠢᠨ ᠬᠡᠮ ᠢ ᠤᠷᠢᠳᠴᠢᠯᠠᠨ  ᠰᠡᠷᠬᠡᠶᠢᠯᠡᠳᠡᠭ᠃ ᠲᠦᠮᠦᠰᠦ ᠪᠠᠰᠠ ᠺᠠᠯᠢ ᠶᠢᠨ ᠡᠯᠧᠮᠧᠨ᠋ᠲ ᠡᠯᠪᠡᠭ ᠠᠭᠤᠯᠤᠭᠳᠠᠳᠠᠭ ᠪᠠᠨᠠᠨᠠ᠂ ᠬᠦᠢᠯᠡᠰᠦ᠂ ᠲᠤᠭᠤᠷ ᠲᠠᠢ ᠠᠳᠠᠯᠢᠬᠠᠨ ᠰᠠ ᠡᠪᠡᠳᠴᠢᠨ ᠲᠤᠰᠬᠤ  ᠠᠶᠤᠯ ᠢ ᠪᠠᠭᠠᠰᠬᠠᠬᠤ ᠮᠦᠷᠳᠡᠬᠡᠨ ᠶᠠᠮᠠᠷᠴᠦ ᠭᠠᠵᠢᠭᠤ ᠦᠢᠯᠡᠳᠦᠯ ᠦᠬᠡᠢ᠃ ᠰᠤᠳᠤᠯᠭᠠᠳᠠᠳ᠂ ᠡᠳᠦᠷ ᠪᠤᠯᠭᠠᠨ ᠨᠢᠬᠡ ᠲᠦᠮᠦᠰᠦ ᠢᠳᠡᠪᠡᠯ ᠰᠠ ᠳᠤ ᠲᠠᠭᠠᠷᠢᠭᠳᠠᠬᠤ  ᠲᠤᠬᠢᠶᠠᠯᠳᠤᠮᠵᠢ 40%᠎ ᠪᠠᠷ ᠲᠤᠷᠤᠭᠰᠢᠯᠠᠨ᠎ᠠ ᠬᠡᠵᠦ ᠵᠢᠭᠠᠵᠦ ᠭᠠᠷᠭᠠᠭᠰᠠᠨ ᠪᠠᠶᠢᠨ᠎ᠠ᠃           2. ᠮᠠᠷᠢᠶ᠎ᠠ ᠰᠢᠭᠤᠷᠠᠨ᠎ᠠ᠃ ᠡᠩ ᠲᠡᠷᠢᠬᠦᠨ ᠳᠤ᠂ ᠲᠦᠮᠦᠰᠦ ᠢᠳᠡᠬᠦ ᠳᠤ ᠪᠡᠶ᠎ᠡ ᠮᠠᠬᠠᠪᠤᠳ ᠲᠤ ᠦᠬᠡᠬᠦ ᠬᠤᠷᠠᠮᠳᠤᠬᠤ ᠠᠴᠠ ᠰᠠᠨᠠᠭ᠎ᠠ ᠠᠯᠭᠠᠰᠬᠤ ᠤᠴᠢᠷ  ᠦᠬᠡᠢ᠃ ᠲᠡᠬᠦᠨ ᠳᠤ᠂ ᠵᠦᠪᠬᠡᠨ 0.1%᠎ ᠶᠢᠨ ᠯᠡ ᠦᠬᠡᠬᠦ ᠠᠭᠤᠯᠤᠭᠳᠠᠳᠠᠭ᠃ ᠲᠡᠶᠢᠮᠦ ᠠᠴᠠ᠂ ᠡᠳᠦᠷ ᠪᠤᠯᠭᠠᠨ ᠲᠦᠮᠦᠰᠦ ᠢᠯᠡᠬᠦᠬᠡᠨ ᠢᠳᠡᠪᠡᠯ ᠪᠡᠶ᠎ᠡ  ᠮᠠᠬᠠᠪᠤᠳ ᠲᠤ ᠰᠢᠩᠬᠡᠬᠦ ᠦᠬᠡᠬᠦ ᠬᠠᠰᠤᠭᠳᠠᠵᠦ᠂ ᠢᠯᠡᠬᠦᠴᠡ ᠦᠬᠡᠬᠦ ᠠᠯᠭᠤᠷ ᠰᠤᠯᠢᠯᠴᠠᠭ᠎ᠠ ᠪᠠᠷ ᠭᠠᠳᠠᠭᠰᠢᠯᠠᠬᠤ ᠪᠤᠯᠤᠨ᠎ᠠ᠃ ᠲᠠᠬᠢᠪᠠᠯ ᠲᠦᠮᠦᠰᠦ ᠢᠳᠡᠪᠡᠯ ᠰᠢᠮ᠎ᠡ  ᠲᠡᠵᠢᠬᠡᠯ ᠴᠤᠯᠭᠤᠶᠢᠳᠠᠨ ᠡᠷᠡᠬᠦᠯ ᠮᠡᠨᠳᠦ ᠬᠤᠬᠢᠷᠠᠬᠤ ᠠᠴᠠ ᠰᠠᠨᠠᠭ᠎ᠠ ᠵᠤᠪᠠᠭ᠋ᠤ ᠵᠦᠢᠯ ᠦᠬᠡᠢ᠃ ᠲᠦᠮᠦᠰᠦᠨ ᠳᠤ ᠠᠭᠤᠯᠤᠭᠳᠠᠭ᠎ᠠ ᠰᠢᠯᠢᠳᠡᠭ ᠴᠢᠨᠠᠷ ᠤᠨ  ᠤᠭᠤᠷᠠᠭ ᠤᠨ ᠰᠢᠮ᠎ᠡ ᠲᠡᠵᠢᠬᠡᠯ ᠤᠨ ᠦᠷᠳᠡᠭ ᠴᠦ ᠲᠡᠷᠡ᠂ ᠡᠷᠡᠬᠦᠯᠵᠢᠯ ᠤᠨ ᠦᠢᠯᠡᠳᠦᠯ ᠨᠢ ᠴᠦ ᠪᠤᠯᠤᠭ᠂ ᠪᠦᠷ ᠰᠢᠷ᠎ᠠ ᠪᠤᠷᠴᠠᠭ ᠠᠴᠠ ᠲᠤᠤᠷᠠᠳᠠᠬᠤ ᠦᠬᠡᠢ᠃  ᠪᠡᠶ᠎ᠡ ᠮᠠᠬᠠᠪᠤᠳ ᠲᠤ ᠱᠠᠭᠠᠷᠳᠠᠭᠳᠠᠳᠠᠭ ᠨᠡᠬᠦᠷᠡᠰᠦ ᠤᠰᠤᠨ ᠤ ᠨᠢᠬᠡᠳᠪᠦᠷᠢ᠂ ᠡᠯ᠎ᠡ ᠵᠦᠢᠯ ᠤᠨ ᠸᠢᠲ᠋ᠠᠮᠢᠨ᠂ ᠡᠷᠤᠳᠡᠰᠦ ᠪᠤᠳᠠᠰ ᠵᠡᠷᠭᠡ ᠶᠢᠨ ᠪᠤᠰᠤᠳ ᠰᠢᠮ᠎ᠡ  ᠲᠡᠵᠢᠬᠡᠯᠳᠤ ᠪᠤᠳᠠᠰ ᠨᠢ ᠴᠦ ᠲᠤᠳᠤᠷᠭ᠎ᠠ᠂ ᠭᠤᠯᠢᠷ ᠠᠴᠠ ᠨᠡᠩ ᠪᠦᠷᠢᠨ ᠲᠡᠬᠦᠯᠳᠡᠷ ᠪᠠᠶᠢᠳᠠᠭ᠃ ᠤᠷᠴᠢᠮ ᠤᠨ ᠵᠢᠯ ᠠᠴᠠ ᠢᠲ᠋ᠠᠯᠢ᠂ ᠢᠰᠫᠠᠨᠢ᠂ ᠠᠮᠧᠷᠢᠺᠠ᠂  ᠺᠠᠨᠠᠳᠠ᠂ ᠤᠷᠤᠰ ᠵᠡᠷᠭᠡ ᠤᠯᠤᠰ ᠤᠷᠤᠨ ᠳᠤ ᠤᠷᠢᠳ ᠬᠤᠵᠢᠳ ᠨᠢᠬᠡ ᠪᠦᠯᠦᠭ ᠦᠪᠡᠷᠮᠢᠴᠡ ᠦᠨᠦᠷ ᠠᠮᠳᠠ ᠪᠦᠬᠦᠢ ᠲᠦᠮᠦᠰᠦᠨ ᠵᠠᠰᠠᠯᠭ᠎ᠠ ᠶᠢᠨ ᠬᠤᠭᠤᠯᠠᠨ ᠭᠡᠷ  ᠡᠬᠦᠳᠡ ᠡᠷᠦᠬᠡ ᠪᠠᠨ ᠰᠡᠬᠦᠵᠦ᠂ ᠪᠡᠶ᠎ᠡ ᠴᠢᠬᠢᠷᠠᠭᠵᠢᠭᠤᠯᠤᠨ᠂ ᠮᠠᠷᠢᠶ᠎ᠠ ᠪᠠᠨ ᠰᠢᠭᠤᠷᠠᠭᠤᠯᠵᠦ᠂ ᠭᠤᠸ᠎ᠠ ᠰᠠᠶᠢᠬᠠᠨ ᠢ ᠬᠥᠭᠡᠴᠡᠯᠳᠦᠳᠡᠭ ᠬᠦᠮᠦᠰ ᠤᠨ ᠡᠳᠦᠷ  ᠲᠤᠳᠤᠮ ᠤᠨ ᠬᠦᠰᠡᠯ ᠬᠦᠬᠡᠬᠡᠴᠡᠯᠳᠦᠯ ᠢ ᠬᠠᠨᠭ᠍ᠭᠠᠨ ᠪᠠᠶᠢᠨ᠎ᠠ᠃           3. ᠬᠤᠳᠣᠭᠤᠳᠤ ᠶᠢ ᠰᠤᠪᠢᠯᠠᠨ᠎ᠠ᠃ ᠬᠢᠲᠠᠳ ᠡᠮᠨᠡᠯᠬᠡ ᠲᠥᠮᠥᠰᠥ  ᠬᠤᠳᠣᠭᠤᠳᠤ ᠶᠢ ᠰᠤᠪᠢᠯᠠᠵᠤ᠂ ᠳᠡᠯᠢᠭᠦᠦ ᠶᠢ ᠴᠢᠭᠢᠷᠠᠭᠵᠢᠭᠤᠯᠤᠨ᠂ ᠬᠤᠳᠣᠭᠤᠳᠤᠨ ᠤ ᠰᠢᠷᠬᠠᠯᠠᠭ᠎ᠠ ᠶᠢ  ᠡᠮᠴᠢᠯᠡᠨ᠎ᠡ ᠭᠡᠵᠦ ᠦᠵᠡᠳᠡᠭ᠃ ᠵᠤᠷᠰᠢᠯ ᠤᠨ ᠴᠢᠨᠠᠷᠲᠠᠢ  ᠬᠤᠷᠭᠤᠰᠤᠯᠠᠳᠠᠭ ᠡᠪᠡᠳᠴᠢᠨ ᠬᠡᠮ ᠳᠤ ᠮᠠᠰᠢ ᠲᠤᠰᠠᠲᠠᠢ  ᠮᠥᠷᠲᠡᠭᠡᠨ ᠬᠤᠣᠷ ᠲᠠᠶᠢᠯᠵᠦ᠂ ᠦᠷᠪᠢᠰᠦᠯ ᠢ ᠳᠠᠷᠤᠬᠤ  ᠦᠢᠯᠡᠳᠦᠯ ᠲᠠᠢ᠃    
 
ᠢᠷᠡᠯᠲᠡ᠄ ᠡᠸᠡᠩᠬᠢ ᠥᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号