ᠮᠠᠯ ᠤᠨ ᠬᠢᠵᠢᠭ ᠬᠡᠮ ᠢ ᠰᠡᠷᠭᠡᠶᠢᠯᠡᠬᠦ ᠪᠣᠯ ᠮᠠᠯᠵᠢᠬᠤ ᠦᠢᠯᠡᠳᠪᠦᠷᠢᠯᠡᠯ ᠤᠨ ᠪᠠᠰᠠ ᠨᠢᠭᠡᠨ ᠵᠠᠩᠭᠢᠯᠠᠭ᠎ᠠ ᠪᠣᠯᠣᠨ᠎ᠠ
ᠨᠡᠶᠢᠲᠡᠯᠡᠭᠰᠡᠨ ᠴᠠᠭ᠄
2023/8/15
      ᠮᠠᠯ ᠤᠨ ᠬᠢᠵᠢᠭ ᠬᠡᠮ ᠢ ᠰᠡᠷᠭᠡᠶᠢᠯᠡᠬᠦ ᠪᠣᠯ ᠮᠠᠯᠵᠢᠯ ᠤᠬᠠᠭᠠᠨ ᠤ ᠨᠢᠭᠡ ᠠᠭᠤᠯᠭ᠎ᠠ᠂ ᠮᠠᠯᠵᠢᠬᠤ ᠦᠢᠯᠡᠳᠪᠦᠷᠢᠯᠡᠯ ᠤᠨ ᠨᠢᠭᠡ ᠵᠠᠩᠭᠢᠯᠠᠭ᠎ᠠ᠂ ᠮᠠᠯᠴᠢᠨ ᠬᠥᠮᠥᠨ ᠳᠤ  ᠪᠠᠶᠢᠪᠠᠰᠤ ᠵᠣᠬᠢᠬᠤ ᠨᠢᠭᠡ ᠦᠨᠳᠦᠰᠦᠨ ᠮᠡᠳᠡᠯᠭᠡ᠂ ᠮᠠᠯᠴᠢᠨ ᠲᠦᠮᠡᠨ ᠤ ᠦᠨᠳᠦᠰᠦᠨ ᠠᠰᠢᠭ ᠲᠤᠰᠠ ᠳᠤ ᠬᠤᠯᠪᠣᠭᠳᠠᠬᠤ ᠨᠢᠭᠡ ᠶᠡᠭᠡ ᠶᠠᠪᠤᠳᠠᠯ ᠶᠤᠮ᠃  ᠡᠶᠢᠮᠦ ᠠᠴᠠ ᠡᠨᠡ ᠬᠦ ᠠᠵᠢᠯ ᠢ ᠲᠤᠰᠬᠠᠢ ᠮᠡᠷᠭᠡᠵᠢᠯ ᠤᠨ ᠬᠥᠮᠥᠰ ᠴᠢᠬᠤᠯᠠᠴᠢᠯᠠᠬᠤ ᠳᠤ ᠲᠤᠷᠰᠢᠯᠭ᠎ᠠ ᠲᠠᠢ ᠮᠠᠯᠴᠢᠨ ᠴᠦ ᠠᠨᠳᠠᠬᠤ ᠦᠭᠡᠢ ᠮᠡᠳᠡᠨ᠎ᠡ᠂ ᠬᠠᠮᠢᠶ᠎ᠠ ᠪᠦᠬᠦᠢ  ᠰᠠᠯᠠᠭ᠎ᠠ ᠮᠥᠴᠢᠷ ᠠᠴᠠ ᠢᠮᠠᠭᠲᠠ ᠱᠠᠭᠠᠷᠳᠠᠬᠤ ᠳᠤ ᠨᠡᠶᠢᠭᠡᠮ ᠨᠡᠶᠢᠳᠡ ᠪᠠᠷ ᠢᠶᠠᠨ ᠴᠦ ᠠᠩᠬᠠᠷᠴᠤ ᠬᠦᠨᠳᠦᠳᠬᠡᠳᠡᠭ ᠶᠤᠮ᠃ ᠤᠴᠢᠷ ᠨᠢ ᠮᠠᠯ ᠤᠨ ᠬᠢᠵᠢᠭ ᠬᠡᠮ ᠢ  ᠰᠡᠷᠭᠡᠶᠢᠯᠡᠨ᠂ ᠮᠠᠯ ᠰᠦᠷᠦᠭ ᠬᠡᠮ ᠬᠢᠵᠢᠭ ᠦᠭᠡᠢ ᠪᠠᠶᠢᠪᠠᠯ ᠰᠠᠶ᠋ᠢ ᠲᠠᠷᠭᠤ ᠬᠦᠴᠦ ᠰᠠᠶᠢᠲᠠᠢ᠂ ᠥᠨᠢᠷ ᠥᠰᠦᠯᠲᠡ ᠲᠠᠢ᠂ ᠥᠨᠳᠥᠷ ᠦᠷ᠎ᠡ ᠠᠰᠢᠭ ᠲᠠᠢ ᠪᠠᠶᠢᠬᠤ ᠶᠢ  ᠪᠡᠶᠡᠯᠡᠭᠦᠯᠵᠦ ᠴᠢᠳᠠᠬᠤ ᠶᠤᠮ᠃ ᠬᠡᠷᠪᠡ ᠮᠠᠯ ᠰᠦᠷᠦᠭ ᠨᠢ ᠶᠠᠮᠠᠷᠪᠠ ᠨᠢᠭᠡᠨ ᠬᠡᠮ ᠬᠢᠵᠢᠭ ᠲᠠᠢ ᠪᠤᠯᠬᠤ ᠳᠤ ᠬᠦᠷᠪᠡᠯ ᠲᠠᠷᠭᠤ ᠬᠦᠴᠦ ᠨᠢ ᠮᠠᠭᠤᠳᠠᠵᠤ ᠮᠡᠳᠡᠨ᠎ᠡ︔  ᠬᠡᠬᠡᠯ ᠰᠠᠭᠤᠬᠤ ᠨᠣᠷᠮ᠎ᠠ ᠨᠢ ᠪᠠᠭᠤᠷᠠᠵᠤ ᠬᠡᠬᠡᠯ ᠬᠠᠶᠠᠬᠤ ᠨᠢ ᠠᠷᠪᠢᠳᠬᠤ ᠪᠤᠶᠤ ᠨᠢᠯᠬ᠎ᠠ ᠲᠥᠯ ᠤᠨ ᠪᠤᠶᠢᠵᠢᠯᠳᠡ ᠴᠦ ᠨᠥᠯᠥᠭᠡᠯᠡᠭᠳᠡᠵᠦ ᠮᠡᠳᠡᠨ᠎ᠡ︔ ᠡᠪᠦᠯ  ᠬᠠᠪᠤᠷ ᠤᠨ ᠭᠠᠮᠰᠢᠭ ᠲᠤ ᠦᠬᠦᠯ ᠬᠤᠬᠢᠷᠠᠯ ᠨᠢ ᠨᠡᠮᠡᠭᠳᠡᠵᠦ ᠮᠡᠳᠡᠨ᠎ᠡ︔ ᠨᠡᠩ ᠴᠦ ᠡᠪᠡᠳᠴᠢᠨ ᠲᠠᠢ ᠮᠠᠯ ᠤᠨ ᠠᠷᠠᠴᠢᠯᠠᠭ᠎ᠠ ᠳᠣᠳᠤᠮᠳᠠᠯᠭ᠎ᠠ ᠶᠢᠨ ᠠᠵᠢᠯ ᠠᠷᠪᠢᠳᠤᠨ᠂  ᠡᠮ ᠡᠮᠨᠡᠯᠭᠡ ᠶᠢᠨ ᠵᠠᠷᠤᠴᠠᠭᠤᠯᠤᠯᠲᠠ ᠶᠡᠭᠡ ᠪᠤᠯᠳᠠᠭ ᠠᠴᠠ ᠮᠠᠯᠵᠢᠬᠤ ᠦᠢᠯᠡᠳᠪᠦᠷᠢᠯᠡᠯ ᠤᠨ ᠥᠪᠡᠷ ᠤᠨ ᠦᠷᠳᠡᠭ ᠨᠡᠮᠡᠭᠳᠡᠨ᠂ ᠣᠷᠣᠯᠭ᠎ᠠ ᠨᠢ ᠵᠠᠷᠤᠯᠭ᠎ᠠ ᠳᠠᠭᠠᠨ  ᠬᠦᠷᠬᠦ ᠦᠭᠡᠢ ᠪᠤᠯᠬᠤ ᠳᠤ ᠬᠦᠷᠴᠦ ᠮᠡᠳᠡᠨ᠎ᠡ᠃ ᠨᠡᠩ ᠴᠢᠨᠠᠭᠰᠢᠯᠠᠭᠠᠳ ᠬᠦᠨᠳᠦ ᠬᠡᠴᠡᠭᠦᠦ ᠬᠠᠯᠳᠠᠪᠦᠷᠢᠳᠦ ᠡᠪᠡᠳᠴᠢᠨ ᠳᠡᠯᠭᠡᠷᠡᠬᠦ ᠳᠤ ᠬᠦᠷᠪᠡᠯ ᠦᠢᠯᠡ ᠪᠠᠨ ᠪᠠᠷᠠᠵᠤ ᠂ ᠡᠳ᠋ ᠮᠥᠩᠭᠦ ᠪᠠᠨ ᠦᠷᠡᠵᠦ᠂ ᠮᠠᠯ ᠤᠨᠤᠭ᠎ᠠ ᠪᠠᠨ ᠬᠤᠬᠢᠷᠠᠭᠤᠯᠬᠤ ᠮᠥᠷᠲᠡᠭᠡᠨ ᠬᠢᠵᠢᠭᠳᠦ ᠣᠷᠣᠨ ᠤ ᠮᠠᠯ ᠤᠨ ᠭᠠᠷᠤᠯᠲᠠ ᠶᠢᠨ ᠭᠠᠳᠠᠭᠰᠢ ᠪᠣᠷᠣᠯᠠᠭᠤᠯᠤᠯᠲᠠ ᠶᠢᠨ  ᠵᠠᠮ ᠬᠠᠰᠢᠭᠳᠠᠨ ᠮᠠᠯ ᠪᠣᠯᠣᠨ ᠮᠠᠯ ᠤᠨ ᠭᠠᠷᠤᠯᠲᠠ ᠶᠢᠨ ᠦᠨ᠎ᠡ ᠥᠷᠳᠡᠭ ᠨᠢ ᠪᠠᠭᠤᠷᠠᠬᠤ ᠪᠤᠶᠤ ᠨᠡᠩ ᠴᠢᠨᠠᠭᠰᠢᠯᠠᠪᠠᠯ ᠪᠦᠷ ᠬᠤᠳᠠᠯᠳᠤᠵᠤ ᠭᠠᠷᠬᠤ ᠦᠭᠡᠢ ᠪᠤᠯᠬᠤ  ᠠᠶᠤᠯᠲᠠᠢ ᠶᠤᠮ᠃ᠰᠢᠯᠢ ᠨᠤᠲᠤᠭ ᠤᠨ ᠮᠠᠨᠢ ᠪᠠᠶᠢᠭᠠᠯᠢᠯᠢᠭ ᠪᠡᠯᠴᠢᠭᠡᠷ ᠲᠤ ᠮᠠᠯᠵᠢᠭᠰᠠᠨ ᠮᠠᠯ ᠤᠨ ᠮᠢᠬ᠎ᠠ ᠰᠦ ᠪᠣᠯᠣᠨ ᠠᠷᠠᠰᠤ ᠨᠣᠣᠰᠣ ᠵᠡᠷᠭᠡ ᠨᠢ ᠵᠠᠬ᠎ᠠ  ᠳᠡᠯᠭᠡᠭᠦᠷ ᠲᠤ ᠥᠨᠳᠥᠷ ᠦᠨᠡᠯᠡᠯᠲᠡ ᠲᠠᠢ ᠪᠠᠶᠢᠳᠠᠭ ᠨᠢ ᠭᠤᠣᠯ ᠨᠢ ᠲᠡᠭᠦᠨ ᠤ ᠪᠠᠶᠢᠭᠠᠯᠢᠯᠢᠭ ᠴᠡᠪᠡᠷ ᠴᠢᠨᠠᠷ ᠲᠠᠢ ᠪᠠᠶᠢᠳᠠᠭ ᠲᠤ ᠶᠤᠮ᠃ ᠬᠡᠷᠪᠡ ᠡᠪᠡᠳᠴᠢᠨ  ᠬᠢᠵᠢᠭ ᠤᠨ ᠤᠷᠰᠢᠭ ᠢᠶᠠᠷ ᠡᠨᠡ ᠬᠦ ᠴᠡᠪᠡᠷ ᠠᠷᠢᠭᠤᠨ ᠴᠢᠨᠠᠷ ᠨᠢ ᠪᠣᠬᠢᠷᠲᠤᠬᠤ ᠲᠡᠷᠡᠴᠢᠯᠡᠨ ᠬᠤᠣᠷᠳᠠᠭᠳᠠᠬᠤ ᠳᠤ ᠬᠦᠷᠪᠡᠯ ᠲᠡᠭᠦᠨ ᠠᠴᠠ ᠪᠤᠯᠬᠤ ᠬᠤᠬᠢᠷᠠᠯ  ᠰᠦᠢᠳᠦᠯ ᠢ ᠶᠣᠰᠣᠲᠠᠢ ᠬᠡᠯᠡᠬᠦ ᠶᠢᠨ ᠠᠷᠭ᠎ᠠ ᠦᠭᠡᠢ ᠪᠣᠯᠣᠨ᠎ᠠ᠃ ᠡᠶᠢᠮᠦ ᠠᠴᠠ ᠮᠠᠨ ᠤ ᠮᠠᠯᠴᠢᠨ ᠬᠥᠮᠥᠰ ᠮᠠᠯ ᠤᠨ ᠬᠢᠵᠢᠭ ᠡᠪᠡᠳᠴᠢᠨ ᠢ ᠰᠡᠷᠭᠡᠶᠢᠯᠡᠬᠦ ᠶᠠᠪᠤᠳᠠᠯ ᠢ  ᠬᠦᠨᠳᠦᠳᠬᠡᠨ ᠦᠵᠡᠵᠦ᠂ ᠴᠠᠭ ᠤᠨ ᠠᠵᠢᠯ ᠢᠶᠠᠨ ᠴᠠᠭ ᠲᠤᠨᠢ ᠠᠮᠵᠢᠭᠤᠯᠵᠤ᠂ ᠮᠠᠯ ᠰᠦᠷᠦᠭ ᠤᠨ ᠢᠶᠠᠨ ᠬᠢᠵᠢᠭ ᠢ ᠰᠡᠷᠭᠡᠶᠢᠯᠡᠵᠦ ᠡᠯ᠎ᠡ ᠵᠦᠢᠯ ᠤᠨ ᠤᠬᠢᠶᠠᠯᠲᠠ  ᠴᠢᠳᠬᠤᠯᠲᠠ ᠪᠣᠯᠣᠨ ᠵᠡᠭᠦᠦ ᠲᠠᠷᠢᠯᠭ᠎ᠠ ᠵᠡᠷᠭᠡ ᠶᠢ ᠪᠦᠷᠢᠨ ᠭᠦᠢᠴᠡᠳ ᠰᠠᠶᠢᠲᠤᠷ ᠬᠢᠬᠦ ᠶᠢ ᠶᠠᠭᠠᠬᠢᠭᠰᠠᠨ ᠴᠦ ᠣᠮᠲᠣᠭᠠᠶᠢᠯᠠᠵᠤ ᠪᠤᠯᠬᠤ ᠦᠭᠡᠢ ᠶᠤᠮ᠃ ᠬᠠᠷᠢᠨ  ᠠᠵᠢᠯ ᠨᠢ ᠬᠦᠨᠳᠦ ᠶᠠᠷᠰᠢᠭ ᠨᠢ ᠶᠡᠭᠡ ᠭᠡᠳ ᠠᠯᠵᠠᠭᠤᠷᠠᠵᠤ ᠪᠤᠤ ᠬᠤᠶᠢᠰᠢᠯᠠᠭᠤᠯ᠂ ᠵᠠᠷᠤᠳᠠᠯ ᠮᠥᠩᠭᠦ ᠢᠯᠡᠭᠦᠦ ᠣᠷᠣᠨ᠎ᠠ ᠭᠡᠳ ᠪᠤᠦ ᠠᠷᠪᠢᠯᠠ᠃ ᠡᠨᠡ ᠡᠳᠦᠷ ᠤᠨ  ᠵᠦᠳᠡᠷᠡᠯ ᠤᠨ ᠬᠠᠷᠢᠭᠤ ᠪᠠᠨ ᠢᠷᠡᠬᠦ ᠮᠠᠷᠭᠠᠰᠢ ᠳᠠᠭᠠᠨ ᠣᠯᠣᠨ᠎ᠠ᠂ ᠡᠳᠦᠭᠡ ᠵᠠᠷᠤᠭᠰᠠᠨ ᠵᠠᠷᠤᠳᠠᠯ ᠤᠨ ᠠᠴᠢ ᠲᠤᠰᠠ ᠶᠢ ᠬᠤᠵᠢᠮ ᠬᠦᠷᠳᠡᠨ᠎ᠡ ᠬᠡᠳᠡᠭ ᠢ ᠲᠠᠨᠢᠵᠤ᠂  ᠠᠵᠢᠯ ᠢᠶᠠᠨ ᠰᠢᠮᠳᠠᠨ ᠬᠢᠵᠦ ᠨᠠᠷᠢᠨ ᠨᠢᠮᠪᠠᠢ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ ᠬᠢᠵᠢᠭ ᠡᠪᠡᠳᠴᠢᠨ ᠤ ᠢᠯᠡᠷᠡᠯ ᠭᠠᠷᠪᠠᠯ ᠳᠠᠷᠦ᠋ᠢᠬᠠᠨ ᠬᠠᠮᠢᠶ᠎ᠠ  ᠪᠦᠬᠦᠢ ᠲᠣᠭᠲᠠᠭᠠᠯ ᠶᠣᠰᠣᠭᠠᠷ ᠳᠡᠭᠡᠭᠰᠢ ᠮᠡᠳᠡᠭᠦᠯᠦᠨ ᠡᠮᠴᠢᠯᠡᠨ ᠵᠠᠰᠠᠬᠤ ᠪᠠ ᠬᠠᠯᠳᠠᠪᠤᠷᠢᠯᠠᠨ ᠳᠡᠯᠭᠡᠷᠡᠬᠦ ᠶᠢ ᠬᠤᠷᠢᠭᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ  ᠠᠪᠴᠤ ᠬᠢᠵᠢᠭ ᠡᠪᠡᠳᠴᠢᠨ ᠢ ᠪᠠᠭ᠎ᠠ ᠳᠡᠭᠡᠷ᠎ᠡ ᠨᠢ ᠳᠠᠷᠤᠵᠤ ᠬᠤᠬᠢᠷᠠᠯ ᠰᠦᠢᠳᠦᠯ ᠢ ᠠᠯᠢ ᠴᠢᠳᠠᠬᠤ ᠪᠠᠷ ᠪᠠᠭᠠᠰᠬᠠᠬᠤ ᠪᠠᠷ ᠴᠢᠷᠮᠠᠶᠢᠬᠤ ᠬᠡᠷᠡᠭᠲᠡᠢ ᠶᠤᠮ᠃     ᠬᠡᠯᠡᠯᠭᠡᠨ ᠦᠭᠡᠢ ᠦᠨᠳᠦᠰᠦᠨ ᠱᠠᠲᠤᠨ ᠤ ᠤᠳᠤᠷᠢᠳᠤᠯᠭ᠎ᠠ ᠪᠣᠯᠣᠨ ᠮᠠᠯ ᠡᠮᠨᠡᠯᠬᠡ ᠶᠢᠨ ᠰᠠᠯᠠᠭ᠎ᠠ ᠮᠥᠴᠢᠷ ᠤᠨ ᠬᠢᠨ ᠮᠠᠯᠵᠢᠬᠤ ᠣᠷᠣᠨ ᠤ ᠮᠠᠯ ᠤᠨ ᠬᠢᠵᠢᠭ  ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠴᠢᠬᠤᠯᠠ ᠪᠦᠬᠦᠢ ᠵᠢᠯᠣᠭᠤᠳᠤᠯᠭ᠎ᠠ ᠪᠣᠯᠣᠨ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠡᠨᠡ ᠬᠦ ᠠᠵᠢᠯ ᠢ ᠰᠠᠶᠢᠲᠤᠷ  ᠬᠢᠬᠦ ᠳᠤ ᠬᠠᠷᠢᠭᠤᠴᠠᠯᠭ᠎ᠠ ᠡᠭᠦᠷᠭᠡᠯᠡᠬᠦ ᠤᠴᠢᠷᠲᠠᠢ᠃  
 
ᠢᠷᠡᠯᠲᠡ᠄ ᠡᠸᠡᠩᠬᠢ ᠥᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号