ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠨᠢ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ | ᠤᠳᠠᠭᠠᠨ ᠠᠴᠢ ᠲᠤᠰᠠ ᠲᠠᠢ ᠶᠤᠮ ᠃ ᠤᠢᠢᠷ᠎ᠠ ᠶᠢᠨ ᠵᠢᠯ ᠠᠴᠠ᠂ ᠡᠵᠡᠨ᠎ᠡ ᠬᠤᠰᠢᠭᠤᠨ ᠤ ᠪᠠᠶᠠᠨᠲᠣᠬᠤᠢ ᠰᠤᠮᠤ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠮᠢ | ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠠᠮᠢ ᠠᠬᠤᠢ ᠶᠢ ᠬᠠᠮᠠᠭᠠᠯᠠᠬᠤ ᠪᠠ | ᠵᠠᠰᠠᠨ ᠰᠡᠷᠭᠦᠭᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠬᠢᠷᠲᠤᠯ ᠦᠭᠡᠢ ᠠᠵᠤ ᠦᠢᠯᠡᠰ ᠤᠨ | ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠦᠢᠯᠡᠰ ᠪᠤᠰᠬᠠᠬᠤ ᠳᠤ | ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠳᠤ ᠬᠦᠴᠦ ᠪᠠᠨ | ᠲᠥᠪᠯᠡᠷᠡᠭᠦᠯᠵᠦ᠂ ᠪᠣᠬᠢᠷᠲᠤᠯ ᠦᠭᠡᠢ ᠠᠮᠢ ᠠᠬᠤᠢ ᠶᠢᠨ ᠵᠢᠷᠤᠭ ᠢ ᠵᠢᠷᠤᠭᠯᠠᠪᠠ ᠃ | ᠨᠠᠮ ᠤᠨ ᠪᠠᠶᠢᠭᠤᠯᠤᠯᠲᠠ ᠪᠠᠷ ᠲᠣᠭᠲᠠᠴᠠ ᠶᠢ ︽ᠠᠮᠢᠳᠤᠯᠢᠭ ︾ ᠪᠣᠯᠭᠠᠵᠤ᠂ ᠪᠣᠬᠢᠷᠲᠤᠯ ᠦᠭᠡᠢ | ᠣᠶᠢᠯᠠᠭᠠᠭᠳᠠᠬᠤᠨ ᠢ ᠭᠦᠨ ᠬᠠᠳᠠᠩᠰᠢᠭᠤᠯᠤᠨ᠎ᠠ | ᠪᠠᠶᠠᠨᠲᠣᠬᠤᠢ ᠰᠤᠮᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠮ ᠤᠨ | ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠬᠠᠮᠲᠤ ᠶᠢᠨ | ᠰᠤᠷᠤᠯᠴᠠᠯᠭ᠎ᠠ᠂ ᠭᠤᠣᠯ ᠰᠡᠳᠦᠪᠲᠦ ᠨᠠᠮ ᠤᠨ ᠡᠳᠦᠷ ᠵᠡᠷᠭᠡ ᠳᠤ ᠣᠷᠣᠭᠤᠯᠵᠤ ᠨᠠᠮ ᠤᠨ ᠭᠡᠰᠢᠭᠦᠨ ᠺᠠᠳ᠋ᠷᠴᠤᠳ ᠢ | ᠰᠢᠰᠲ᠋ᠧᠮ ᠲᠠᠢ ᠭᠦᠨᠵᠡᠭᠡᠢ ᠰᠤᠷᠤᠯᠴᠠᠭᠤᠯᠵᠤ᠂ ᠲᠠᠬᠢᠨ ᠳᠠᠪᠲᠠᠨ ᠰᠤᠷᠤᠯᠴᠠᠨ ᠣᠶᠢᠯᠠᠭᠠᠯᠲᠠ ᠪᠠᠨ ᠴᠢᠩᠭᠠᠳᠬᠠᠵᠤ᠂ | ᠲᠠᠨᠢᠯᠲᠠ ᠪᠠᠨ ᠭᠦᠨᠵᠡᠭᠡᠶᠢᠷᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠬᠦᠴᠦᠲᠡᠢ ᠬᠠᠮᠠᠭᠠᠯᠠᠬᠤ | ᠪᠣᠯᠭᠠᠪᠠ᠃ ᠨᠠᠮ ᠤᠨ ᠤᠳᠤᠷᠢᠳᠤᠯᠭ᠎ᠠ ᠶᠢ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠡᠶᠢᠳᠡᠪᠤᠷᠢᠵᠢᠭᠤᠯᠤᠨ᠂ ᠪᠠᠶᠠᠨᠲᠣᠬᠤᠢ ᠰᠤᠮᠤᠨ ᠤ ᠡᠯ᠎ᠡ | ᠲᠦᠷᠦᠯ ᠤᠨ ᠠᠵᠢᠯ ᠤᠨ ᠲᠥᠰᠦᠯ ᠢ ᠲᠣᠭᠲᠠᠭᠠᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ | ᠲᠣᠳᠣᠷᠬᠠᠶᠢᠯᠠᠵᠤ᠂ ᠡᠭᠦᠷᠭᠡ ᠪᠠᠨ ᠵᠠᠳᠠᠯᠤᠨ ᠨᠠᠷᠢᠯᠢᠭᠵᠢᠭᠤᠯᠵᠤ᠂ ᠡᠯ᠎ᠡ ᠵᠦᠢᠯ ᠤᠨ ᠠᠵᠢᠯ ᠢ ᠬᠦᠴᠦᠲᠡᠢ ᠪᠥᠭᠡᠳ | ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠪᠠ᠃ | ︽ᠬᠠᠮᠲᠤ ᠪᠠᠷ ᠪᠠᠶᠢᠭᠤᠯᠬᠤ᠂ ᠬᠠᠮᠲᠤ ᠪᠠᠷ ᠵᠠᠰᠠᠬᠤ᠂ ᠬᠠᠮᠲᠤ ᠪᠠᠷ ᠡᠳ᠋ᠯᠡᠬᠦ ︾ ᠶᠢ ᠪᠠᠷᠢᠮᠲᠠᠯᠠᠵᠤ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠ ᠶᠢᠨ ᠤᠳᠤᠷᠢᠳᠤᠮᠵᠢ ᠶᠢᠨ ᠲᠣᠭᠤᠷᠢᠨ ᠳᠤ᠂ ᠬᠠᠷᠢᠶ᠎ᠠ | ᠣᠷᠣᠨ ᠤ ᠤᠯᠠᠨ ᠲᠦᠮᠡᠨ ᠢ ᠥᠷᠭᠡᠨ ᠢᠶᠠᠷ ᠳᠠᠶᠢᠴᠢᠯᠠᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ | ᠣᠷᠣᠯᠴᠠᠭᠤᠯᠵᠤ᠂ ᠡᠳᠦᠷ ᠳᠤᠳᠤᠮ ᠤᠨ ᠲᠣᠭᠤᠷᠢᠨ ᠬᠠᠮᠠᠭᠠᠯᠠᠬᠤ ᠵᠢᠴᠢ ︽ᠳᠡᠯᠡᠬᠡᠢ ᠶᠢᠨ ᠪᠥᠮᠪᠥᠷᠴᠡᠭ ᠤᠨ | ᠡᠳᠦᠷ︾᠂ ︽ᠪᠦᠬᠦ ᠤᠯᠤᠰ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ︾ ᠵᠡᠷᠭᠡ ᠴᠢᠬᠤᠯᠠ | ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ᠂ ᠤᠯᠠᠨ ᠠᠷᠭ᠎ᠠ ᠬᠡᠮᠵᠢᠶ᠎ᠡ ᠪᠠᠷ ᠠᠮᠢ ᠠᠬᠤᠢ ᠶᠢᠨ ᠪᠣᠯᠪᠠᠰᠤᠨ ᠤ | ᠤᠬᠠᠭᠤᠯᠭ᠎ᠠ ᠬᠥᠮᠦᠵᠢᠯ ᠢ ᠥᠷᠨᠢᠭᠦᠯᠵᠦ᠂ ᠲᠣᠰᠬᠤᠨ ᠤ ᠳᠦᠷᠢᠮ ᠠᠷᠠᠳ ᠤᠨ ᠭᠡᠷ᠎ᠡ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠭᠦᠨᠵᠡᠭᠡᠢ ᠠᠭᠤᠳᠠᠯᠤᠨ᠂ ︽ᠬᠠᠮᠤᠭ ᠤᠨ ᠭᠤᠶᠤ ᠭᠡᠷ | ᠪᠦᠯᠢ ︾᠂ ︽ᠠᠷᠪᠠᠨ ᠤᠳᠤᠨ ᠳᠡᠰ ᠤᠨ ᠪᠣᠯᠪᠠᠰᠤᠨ ᠡᠷᠦᠬᠡ ︾ ᠵᠡᠷᠭᠡ 7 ᠲᠡᠷᠢᠭᠦᠨ ᠤ ᠨᠡᠶᠢᠲᠡᠯᠢᠭ ᠵᠢᠱᠢᠶ᠎ᠡ | ᠶᠢ ᠰᠣᠩᠭᠤᠨ ᠭᠠᠷᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠠᠶᠢᠨ ᠰᠠᠶᠢᠬᠠᠨ ᠠᠭᠤᠷ | ᠠᠮᠢᠰᠬᠤᠯ ᠢ ᠴᠢᠷᠮᠠᠶᠢᠨ ᠪᠤᠢ ᠪᠣᠯᠭᠠᠵᠤ᠂ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠬᠥᠮᠥᠰ ᠤᠨ | ᠰᠡᠳᠬᠢᠯ ᠳᠤ ᠨᠡᠩ ᠭᠦᠨ ᠰᠠᠭᠤᠭᠳᠠᠭᠤᠯᠪᠠ᠃ | ᠦᠩᠬᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢᠨ ︽ᠪᠠᠷᠢᠮᠵᠢᠶ᠎ᠠ︾ ᠶᠢ ᠪᠠᠷᠢᠮᠲᠠᠯᠠᠵᠤ᠂ | ᠨᠣᠭᠤᠭᠠᠷᠠᠭᠤᠯᠤᠯᠲᠠ ᠶᠢ ᠠᠬᠢᠭᠤᠯᠵᠤ ᠡᠯᠡᠰᠦ ᠶᠢ ᠤᠬᠤᠷᠢᠭᠤᠯᠬᠤ ᠶᠢ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ | ᠳᠡᠯᠭᠡᠷ ᠵᠤᠨ ᠤ ᠤᠯᠠᠷᠢᠯ ᠳᠤ᠂ ᠪᠠᠶᠠᠨᠲᠣᠬᠤᠢ ᠰᠤᠮᠤᠨ ᠤ ᠤᠢ ᠮᠣᠳᠣ ᠬᠥᠬᠡᠷᠡᠨ ᠨᠣᠭᠤᠭᠠᠷᠠᠵᠤ᠂ ᠵᠠᠭ ᠤᠢ | ᠰᠠᠯᠬᠢᠨ ᠤ ᠠᠶ᠎ᠠ ᠪᠠᠷ ᠨᠠᠶᠢᠭᠤᠵᠤ᠂ ᠴᠠᠷᠭᠠᠰᠤ ᠡᠪᠡᠰᠦ ᠨᠣᠭᠤᠭᠠᠷᠠᠨ᠎ᠠ ᠃ ᠪᠠᠶᠠᠨᠲᠣᠬᠤᠢ ᠰᠤᠮᠤ ︽ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ | ᠢᠮᠠᠭᠲᠠ ᠪᠠᠷᠢᠮᠲᠠᠯᠠᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ ᠭᠤᠶᠢᠪᠢᠰᠢ ᠥᠬᠡᠶ | ᠠᠬᠢᠭᠤᠯᠵᠤ᠂ ᠤᠷᠢᠳ ᠬᠤᠵᠢᠳ 24000 ᠮᠥ ᠵᠠᠭ ᠮᠣᠳᠣ ᠳᠠᠷᠢᠵᠤ᠂ 140 ᠮᠥ ᠴᠢᠪᠠᠭ᠎ᠠ ᠶᠢᠨ ᠮᠤᠳᠤ᠂ | 40000 ᠰᠠᠭᠤᠷᠢ ᠲᠣᠤᠷᠠᠶ ᠤᠯᠢᠶᠠᠰᠤ᠂ 13000 ᠰᠠᠭᠤᠷᠢ ᠴᠠᠭᠠᠨ ᠤᠯᠢᠶᠠᠰᠤ ᠪᠠ ᠤᠳᠠ ᠮᠣᠳᠣ᠂ 40000 | ᠭᠠᠷᠤᠶ ᠰᠠᠭᠤᠷᠢ ᠴᠡᠴᠡᠭ ᠳᠠᠷᠢᠪᠠ ᠃ ᠴᠢᠬᠢ ᠮᠣᠳᠣ ᠶᠢ ᠨᠥᠬᠦᠵᠦ ᠵᠠᠶᠢᠯᠠᠬᠤ ᠠᠵᠢᠯ ᠢ ᠦᠷᠭᠦᠯᠵᠢᠯᠡᠭᠦᠶᠢᠴᠡ | ᠥᠷᠨᠢᠭᠦᠯᠵᠦ᠂ 2023 ᠣᠨ ᠳᠤ ᠳᠤᠭᠤᠶ ᠬᠠᠶᠢᠯᠠᠰᠤ 700 ᠭᠠᠷᠤᠶ ᠰᠠᠭᠤᠷᠢ ᠳᠠᠷᠢᠵᠤ᠂ 9500 ᠮᠥ ᠵᠠᠭ | ᠮᠣᠳᠣᠨ ᠤ ᠳᠤᠰᠤᠯᠭᠠᠨ ᠤᠰᠤᠯᠠᠬᠤ ᠲᠥᠷᠥᠯ ᠵᠦᠶᠯ ᠢ ᠬᠡᠷᠡᠭᠵᠢᠭᠦᠯᠵᠦ᠂ ᠭᠠᠵᠠᠷ ᠳᠣᠤᠷᠠᠬᠢ ᠬᠤᠭᠤᠯᠠᠶ ᠶᠢᠨ ᠲᠣᠤᠷ | ᠵᠢᠴᠢ ᠳᠤᠰᠤᠯᠭᠠᠨ ᠤᠰᠤᠯᠠᠬᠤ ᠪᠦᠰᠡ ᠶᠢ ᠳᠡᠪᠢᠰᠴᠦ᠂ ᠵᠠᠭ ᠮᠣᠳᠣᠨ ᠤ ᠤᠷᠭᠤᠯᠲᠠ ᠶᠢᠨ ᠣᠷᠴᠢᠨ ᠲᠣᠭᠤᠷᠢᠨ ᠢ | ᠰᠠᠶᠢᠵᠢᠷᠠᠭᠤᠯᠪᠠ ᠃ | ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠪᠠᠶᠢᠭᠤᠯᠬᠤ ᠪᠠ ᠬᠠᠮᠢᠶᠠᠷᠬᠤ ᠶᠢ | ᠤᠶᠠᠯᠳᠤᠭᠤᠯᠬᠤ᠂ ᠤᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ᠂ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠲᠦᠷᠢᠮ ᠤᠨ ᠪᠦᠬᠦ ᠲᠠᠯ᠎ᠠ ᠪᠠᠷ ᠦᠷ᠎ᠡ ᠪᠦᠲᠦᠮᠵᠢ ᠤᠯᠬᠤ ᠶᠢ ᠠᠬᠢᠭᠤᠯᠪᠠ᠃ ᠣᠶ | ᠮᠣᠳᠣ ᠶᠢ ᠬᠠᠮᠢᠶᠠᠷᠴᠤ ᠬᠠᠮᠠᠭᠠᠯᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠣᠭᠲᠠᠭᠠᠨ᠂ 5 | ᠣᠶ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠣᠭᠤᠷᠢᠭ ᠬᠤᠪᠢᠶᠠᠵᠤ᠂ ᠬᠠᠪᠤᠷ ᠤᠨ ᠤᠯᠠᠷᠢᠯ ᠤᠨ ᠣᠶ ᠶᠢᠨ | ᠪᠦᠰᠡ ᠶᠢ ᠵᠠᠰᠠᠵᠤ ᠬᠠᠶᠢᠴᠢᠯᠠᠬᠤ ᠡᠪᠡᠰᠦ ᠠᠷᠢᠯᠭᠠᠬᠤ ᠠᠵᠢᠯᠯᠠᠭ᠎ᠠ ᠥᠷᠨᠢᠭᠦᠯᠦᠨ᠂ ᠡᠭᠡᠯᠵᠢ ᠬᠤᠪᠢᠶᠠᠨ ᠬᠥᠮᠦᠨ | ᠲᠣᠭᠲᠠᠭᠠᠵᠤ ᠪᠠᠶᠢᠭᠠᠳ ᠨᠣᠭᠤᠭᠠᠷᠠᠭᠤᠯᠤᠨ ᠤᠰᠤᠯᠠᠵᠤ᠂ ᠣᠨ ᠤ ᠤᠰᠤᠯᠠᠯᠲᠠ ᠶᠢᠨ ᠴᠠᠭ ᠬᠤᠭᠤᠴᠠᠭ᠎ᠠ ᠶᠢ 240 | ᠡᠳᠦᠷ ᠠᠴᠠ ᠳᠡᠭᠡᠭᠰᠢ ᠪᠠᠶᠢᠯᠭᠠᠵᠤ᠂ ᠭᠤᠣᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠬᠠᠷᠢᠶ᠎ᠠ ᠣᠷᠣᠨ ᠤ ᠭᠤᠣᠯ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ | ᠰᠠᠶᠢᠲᠤᠷ ᠬᠢᠵᠤ ᠂ ︽ᠮᠠ ᠯᠢᠶᠠᠨ ᠵᠢᠩ ᠳᠠᠬᠢ ᠲᠣᠭᠤᠷᠢᠨ ᠬᠠᠮᠠᠭᠠᠯᠠᠭᠴᠢ ᠶᠢᠨ ᠬᠠᠮᠢᠶᠠᠷᠤᠯᠲᠠ ᠶᠢᠨ ᠠᠷᠭ᠎ᠠ︾ ᠶᠢ | ᠴᠢᠩᠭ᠎ᠠ ᠬᠡᠷᠡᠭᠵᠢᠭᠦᠯᠵᠦ᠂ 31 ᠲᠣᠭᠤᠷᠢᠨ ᠬᠠᠮᠠᠭᠠᠯᠠᠭᠴᠢ ᠶᠢ ᠤᠷᠢᠨ ᠬᠡᠷᠡᠭᠯᠡᠵᠦ᠂ ᠠᠵᠢᠯ ᠤᠨ ᠬᠢᠨᠠᠨ ᠰᠢᠯᠭᠠᠯᠲᠠ | ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳᠦᠷ ᠲᠤᠲᠤᠮ ᠤᠨ ᠬᠢᠯᠢ ᠲᠣᠭᠤᠷᠢᠨ ᠬᠠᠮᠠᠭᠠᠯᠠᠬᠤ ᠪᠠ ᠠᠯᠤᠰ | ᠡᠵᠡᠮᠰᠢᠯ ᠢᠶᠠᠷ ᠬᠠᠮᠢᠶᠠᠷᠤᠨ ᠡᠵᠡᠮᠳᠡᠬᠦ ᠶᠢ ᠥᠷᠨᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠬᠠᠮ ᠠᠷᠭ᠎ᠠ | ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠬᠠᠤᠯᠢ ᠪᠤᠰᠤ ᠪᠠᠷ ᠬᠠᠭᠠᠯᠪᠤᠷᠢᠯᠠᠬᠤ᠂ ᠬᠤᠯᠠᠭᠠᠶᠢᠯᠠᠨ ᠮᠠᠯᠲᠠᠬᠤ᠂ ᠬᠠᠷ᠎ᠠ | ᠭᠤᠤᠯ ᠤᠨ ᠤᠰᠤ ᠶᠢ ᠲᠠᠲᠠᠬᠤ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠦᠶᠯᠡ ᠠᠵᠢᠯᠯᠠᠭ᠎ᠠ ᠶᠢ | ᠡᠷᠡᠰ ᠬᠤᠷᠢᠭᠯᠠᠨ᠎ᠠ᠃ ᠣᠶᠢᠷ᠎ᠠ ᠶᠢᠨ ᠵᠢᠯ ᠳᠤ᠂ ᠬᠠᠷᠢᠶᠠᠲᠤ ᠣᠷᠣᠨ ᠤ ᠭᠠᠵᠠᠷ ᠳᠣᠤᠷᠠᠬᠢ ᠤᠰᠤᠨ ᠤ ᠲᠦᠪᠰᠢᠨ ᠤ | ᠪᠠᠭᠤᠷᠠᠯᠲᠠ ᠶᠢᠨ ᠬᠡᠮᠵᠢᠶ᠎ᠡ ᠤᠳᠠᠭᠠᠰᠢᠷᠠᠵᠤ᠂ ᠤᠷᠭᠤᠮᠠᠯ ᠤᠨ ᠬᠤᠴᠢᠯᠭ᠎ᠠ ᠰᠢᠨᠡᠳᠦᠨ ᠰᠣᠯᠢᠭᠳᠠᠬᠤ ᠪᠠᠶᠢᠳᠠᠯ | ᠢᠯᠡᠷᠡᠵᠦ᠂ ᠤᠷᠭᠤᠮᠠᠯ ᠤᠨ ᠰᠠᠭᠤᠷᠢ ᠶᠢᠨ ᠥᠨᠳᠥᠷ ᠤᠨ ᠬᠡᠮᠵᠢᠶ᠎ᠡ ᠨᠡᠮᠡᠭᠳᠡᠵᠦ᠂ ᠵᠡᠭᠡᠷᠭᠡᠨ᠎ᠡ᠂ ᠰᠢᠬᠢᠷ ᠡᠪᠡᠰᠦ᠂ | ᠲᠡᠮᠡᠭᠡᠨ ᠥᠷᠭᠡᠰᠦ ᠵᠡᠷᠭᠡ ᠬᠡᠭᠡᠷ᠎ᠡ ᠶᠢᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠨᠣᠷᠮ᠎ᠠ ᠪᠠ ᠡᠳᠡᠭᠡᠷᠡᠯᠲᠡ | ᠶᠢᠨ ᠨᠣᠷᠮ᠎ᠠ ᠢᠯᠡᠳᠲᠡ ᠳᠡᠭᠡᠭᠰᠢᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠢᠳᠡᠭ ᠢᠳᠡᠭ ᠢᠶᠠᠷ | ᠰᠠᠶᠢᠵᠢᠷᠠᠵᠤ᠂ ᠭᠤᠪᠢ ᠨᠤᠲᠤᠭ ᠲᠤ ᠦᠩᠭᠡ ᠶᠢᠨ ᠬᠤᠪᠢᠷᠠᠯᠲᠠ ᠭᠠᠷᠴᠤ ᠪᠠᠶᠢᠪᠠ ᠃ | ᠠᠮᠢ ᠠᠬᠤᠢ ᠠᠵᠦ ᠦᠢᠯᠡᠳᠪᠦᠷᠢᠯᠡᠯ ᠬᠠᠮᠲᠤ ᠪᠠᠷ ᠬᠥᠭᠵᠢᠨ ᠪᠠᠳᠠᠷᠠᠵᠤ᠂ ᠪᠣᠬᠢᠷᠲᠤᠯ ᠦᠭᠡᠢ | ᠬᠥᠭᠵᠢᠯᠲᠡ ᠶᠢᠨ ᠬᠤᠷᠳᠤᠴᠠ ᠶᠢ ᠲᠦᠷᠭᠡᠳᠬᠡᠬᠦ ᠶᠢ ᠠᠬᠢᠭᠤᠯᠤᠨ᠎ᠠ᠃ | ᠪᠣᠬᠢᠷᠲᠤᠯ ᠥᠬᠡᠶ ᠬᠥᠭᠵᠢᠯᠲᠡ ᠪᠣᠯ ᠣᠷᠳᠣ ᠬᠤᠭᠤᠴᠠᠭᠠᠨ ᠤ ᠠᠷᠭ᠎ᠠ ᠪᠣᠳᠣᠯᠭ᠎ᠠ ᠮᠥᠨ᠂ ᠠᠵᠤ ᠦᠶᠯᠡᠰ ᠢ | ᠬᠥᠭᠵᠢᠭᠦᠯᠬᠦ ᠪᠣᠯ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠰᠠᠭᠤᠳᠠᠯ ᠢ ᠰᠢᠶᠳᠪᠦᠷᠢᠯᠡᠬᠦ ᠶᠢᠨ ᠤᠷᠢᠲᠠᠯ | ᠮᠥᠨ ᠃ ᠪᠠᠶᠠᠨᠲᠣᠬᠤᠢ ᠰᠤᠮᠤ ᠠᠮᠢ ᠠᠬᠤᠶ ᠶᠢᠨ ᠠᠵᠤ ᠦᠶᠯᠡᠰ ᠢ ᠬᠥᠭᠵᠢᠭᠦᠯᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠦᠨᠳᠦᠰᠦᠨ ᠪᠣᠳᠣᠯᠭ᠎ᠠ ᠪᠣᠯᠭᠠᠵᠤ᠂ ᠭᠠᠵᠠᠷ ᠣᠷᠣᠨ ᠤ ᠣᠷᠴᠢᠨ ᠲᠣᠭᠤᠷᠢᠨ ᠤ | ᠣᠨᠴᠠᠯᠢᠭ ᠲᠤ ᠰᠠᠭᠤᠷᠢᠯᠠᠨ᠂ ᠬᠥᠷᠥᠰᠥ ᠰᠢᠷᠣᠶ ᠶᠢ ᠰᠠᠶᠢᠵᠢᠷᠠᠭᠤᠯᠬᠤ᠂ ᠤᠰᠤᠨ ᠠᠰᠢᠭᠯᠠᠯᠲᠠ ᠶᠢᠨ | ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠬᠤ ᠪᠠᠷ ᠳᠡᠮᠵᠢᠨ ᠴᠢᠨᠠᠷ ᠰᠠᠶᠢᠲᠠᠶ ᠡᠪᠡᠰᠦ ᠪᠡᠯᠴᠢᠭᠡᠷ ᠤᠨ ᠲᠠᠷᠢᠮᠠᠯ | ᠤᠨ ᠠᠵᠤ ᠦᠶᠯᠡᠰ ᠢ ᠢᠳᠡᠪᠬᠢᠲᠡᠶ ᠬᠥᠭᠵᠢᠭᠦᠯᠵᠦ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠦᠨ ᠪᠠᠶᠠᠵᠢᠭᠤᠯᠤᠭᠰᠠᠨ ᠪᠠᠶᠢᠨ᠎ᠠ ᠃ 2020 ᠣᠨ ᠳᠤ 500 ᠮᠥ ᠴᠠᠷᠭᠠᠰᠤ ᠶᠢᠨ ᠵᠢᠱᠢᠶ᠎ᠡ ᠦᠵᠡᠭᠦᠯᠬᠦ | ᠲᠥᠷᠥᠯ ᠵᠦᠶᠯ ᠢ ᠪᠥᠲᠥᠭᠡᠨ ᠪᠠᠶᠢᠭᠤᠯᠵᠤ᠂ 2021 ᠣᠨ ᠳᠤ ᠡᠪᠡᠰᠦ ᠬᠠᠳᠠᠭᠠᠯᠠᠬᠤ ᠰᠠᠷᠠᠪᠴᠢ ᠶᠢ ᠢᠵᠢ | ᠪᠦᠷᠢᠳᠦᠭᠦᠯᠦᠨ᠂ ᠡᠪᠡᠰᠦ ᠬᠠᠳᠠᠭᠠᠯᠠᠬᠤ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠵᠦ᠂ ᠴᠠᠷᠭᠠᠰᠤ ᠶᠢᠨ ᠠᠵᠤ | ᠦᠶᠯᠡᠰ ᠤᠨ ᠬᠥᠭᠵᠢᠯᠲᠡ ᠶᠢᠨ ᠳᠠᠪᠠᠭᠤᠯᠢᠭ ᠢ ᠲᠠᠰᠤᠷᠠᠯᠲᠠ ᠥᠬᠡᠶ ᠪᠠᠬᠢᠵᠢᠭᠦᠯᠵᠦ᠂ ᠣᠲᠣ ᠨᠢᠭᠡᠨᠲᠡ 1410 ᠮᠥ | ᠲᠠᠷᠢᠮᠠᠯ ᠤᠨ ᠬᠡᠪᠴᠢᠶ᠎ᠡ ᠶᠢ ᠥᠷᠭᠡᠳᠬᠡᠵᠦ᠂ ᠵᠢᠯ ᠪᠦᠷᠢ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 9 ᠲᠦᠮᠡ | ᠭᠠᠷᠤᠶ ᠲᠥᠭᠦᠷᠢᠭ ᠨᠡᠮᠡᠭᠳᠡᠭᠦᠯᠵᠦ᠂ ︽ᠵᠢᠵᠢᠭ︾ ᠴᠠᠷᠭᠠᠰᠤ ᠠᠭᠠᠵᠢᠮ ᠢᠶᠠᠷ ᠪᠠᠶᠠᠵᠢᠯ ᠤᠨ ︽ᠲᠣᠮᠣ ︾ ᠠᠵᠤ | ᠦᠶᠯᠡᠰ ᠪᠣᠯᠪᠠ ᠃ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ ᠠᠮᠢ ᠠᠬᠤᠶ ᠪᠠ ᠦᠷ᠎ᠡ ᠠᠰᠢᠭ ᠢ ᠵᠡᠷᠭᠡ | ᠳᠤᠨᠢ ᠬᠠᠷᠠᠭᠠᠯᠵᠠᠭᠰᠠᠨ ᠡᠯᠡᠰᠦᠨ ᠤ ᠠᠵᠤ ᠦᠶᠯᠡᠰ ᠢ ᠬᠥᠭᠵᠢᠭᠦᠯᠵᠦ᠂ ᠣᠲᠣ ᠶᠢᠨ ᠪᠠᠶᠢᠭ᠎ᠠ ᠵᠠᠭ ᠮᠣᠳᠣᠨ ᠳᠤ | ᠲᠦᠰᠢᠭᠯᠡᠨ ᠤᠷᠢᠳ ᠬᠤᠵᠢᠳ ᠴᠠᠭᠠᠨ ᠭᠤᠶᠣᠣ 3000 ᠮᠥ ᠵᠠᠯᠭᠠᠨ ᠳᠠᠷᠢᠵᠤ᠂ ᠴᠠᠭᠠᠨ ᠭᠤᠶᠣᠣ 2 ᠲᠣᠨ᠂ | 15 ᠺᠢᠯᠣᠭ᠍ᠷᠠᠮ ᠴᠠᠭᠠᠨ ᠭᠤᠶᠣᠣ ᠶᠢᠨ ᠦᠷ᠎ᠡ ᠬᠤᠷᠢᠶᠠᠪᠠ ᠃ 2020 ᠣᠨ ᠳᠤ 40 ᠮᠥ ᠲᠣᠮᠣ ᠵᠢᠮᠢᠰᠲᠦ | ᠴᠢᠪᠠᠭᠠᠨ ᠮᠤᠳᠤ ᠲᠤᠷᠰᠢᠨ ᠳᠠᠷᠢᠵᠤ᠂ ᠣᠳᠣᠬᠠᠨ ᠳᠤ ᠳᠠᠷᠢᠬᠤ ᠬᠡᠪᠴᠢᠶ᠎ᠡ ᠶᠢ 140 ᠮᠥ ᠪᠣᠯᠭᠠᠨ ᠥᠷᠭᠡᠳᠬᠡᠪᠡ ᠃ | ᠡᠯᠡᠰᠦᠨ ᠤ ᠠᠵᠤ ᠦᠶᠯᠡᠰ ᠤᠨ ᠬᠥᠭᠵᠢᠯᠲᠡ ᠨᠢ ᠣᠯᠠᠨ ᠲᠦᠮᠡᠨ ᠤ ᠵᠣᠭᠤᠰ ᠢ ᠨᠡᠮᠡᠭᠳᠡᠭᠦᠯᠬᠦ ᠶᠢᠨ ᠬᠠᠮᠲᠤ | ᠡᠯᠡᠰᠦᠷᠬᠡᠭ ᠭᠠᠵᠠᠷ ᠢ ᠨᠣᠭᠤᠭᠠᠷᠠᠭᠤᠯᠵᠤ᠂ ᠠᠮᠢ ᠠᠬᠤᠶ ᠶᠢ ᠵᠠᠰᠠᠬᠤ ᠪᠠ ᠣᠷᠣᠯᠭ᠎ᠠ ᠶᠢ ᠪᠣᠬᠢᠷᠲᠤᠯ ᠥᠬᠡᠶ | ᠨᠡᠮᠡᠭᠳᠡᠭᠦᠯᠬᠦ ᠬᠤᠤᠰ ᠠᠮᠵᠢᠯᠲᠠ ᠶᠢ ᠪᠡᠶᠡᠯᠡᠭᠦᠯᠪᠡ᠃ ᠠᠯᠠᠱᠠ ᠠᠶᠢᠮᠠᠭ ᠤᠨ ᠣᠶ ᠰᠢᠭᠤᠶ ᠵᠢᠴᠢ ᠴᠠᠭ ᠠᠭᠤᠷ ᠤᠨ | ᠬᠦᠷᠢᠶᠡᠨ ᠤ 9 ᠲᠤᠰᠬᠠᠶ ᠮᠡᠷᠭᠡᠵᠢᠯᠲᠡᠨ ᠢ ᠤᠷᠢᠵᠤ ᠣᠶ ᠮᠣᠳᠣᠨ ᠤ ᠲᠠᠷᠢᠮᠠᠯ ᠤᠨ ᠬᠠᠮᠢᠶᠠᠷᠤᠯᠲᠠ ᠬᠠᠮᠠᠭᠠᠯᠠᠯᠲᠠ᠂ | ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠬᠤᠵᠢᠷᠯᠢᠭ ᠭᠠᠵᠠᠷ ᠢ ᠰᠠᠶᠢᠵᠢᠷᠠᠭᠤᠯᠬᠤ᠂ | ᠭᠠᠰᠢᠭᠤᠨ ᠪᠤᠷᠴᠠᠭ ᠳᠠᠷᠢᠬᠤ᠂ ᠴᠠᠭᠠᠨ ᠭᠤᠶᠣᠣ ᠪᠣᠶᠢᠵᠢᠭᠤᠯᠬᠤ ᠵᠡᠷᠭᠡ ᠠᠵᠤ ᠦᠶᠯᠡᠰ ᠤᠨ ᠬᠥᠭᠵᠢᠯᠲᠡ ᠶᠢᠨ | ᠮᠡᠳᠡᠯᠭᠡ ᠶᠢ ᠲᠤᠬᠠᠶ ᠶᠢᠨ ᠭᠠᠵᠠᠷ ᠲᠤᠨᠢ ᠵᠢᠯᠣᠭᠤᠳᠣᠭᠤᠯᠵᠤ᠂ ᠭᠠᠴᠠᠭᠠᠨ ᠤ ᠠᠵᠤ ᠦᠶᠯᠡᠰ ᠤᠨ ᠬᠥᠭᠵᠢᠯᠲᠡ ᠳᠤ | ᠰᠤᠳᠠᠯ ᠪᠠᠷᠢᠵᠤ ᠡᠪᠡᠳᠴᠢᠨ ᠦᠵᠡᠵᠦ᠂ ᠬᠦᠴᠢᠷ ᠠᠰᠠᠭᠤᠳᠠᠯ ᠢ ᠰᠢᠶᠳᠪᠦᠷᠢᠯᠡᠵᠦ ᠥᠭᠪᠡ ᠃ | ᠵᠠᠰᠠᠯᠲᠠ ᠶᠢᠨ ᠠᠷᠭ᠎ᠠ ᠬᠡᠮᠵᠢᠶ᠎ᠡ ᠶᠢᠨ ︽ᠪᠣᠳᠠᠲᠠᠶ︾ ᠪᠠᠶᠢᠬᠤ ᠶᠢ ᠭᠦᠨᠵᠡᠭᠡᠶᠢᠷᠡᠭᠦᠯᠵᠦ᠂ ᠪᠣᠬᠢᠷᠲᠤᠯ ᠥᠬᠡᠶ | ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠨ ᠠᠯᠤᠰ ᠢ ᠵᠣᠷᠢᠨ ᠯᠠᠪᠳᠠᠭᠤᠨ ᠢᠶᠠᠷ ᠤᠷᠤᠭᠰᠢᠯᠠᠨ᠎ᠠ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠢᠮᠠᠭᠲᠠ ᠪᠠᠷᠢᠮᠲᠠᠯᠠᠨ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠯᠠᠪᠳᠠᠭᠤᠨ ᠢᠶᠠᠷ ᠠᠯᠤᠰ ᠢ | ᠵᠣᠷᠢᠬᠤ ︽ᠰᠠᠭᠤᠷᠢ ᠴᠢᠯᠠᠭᠤ ︾ ᠪᠠ ︽ᠬᠥᠳᠡᠯᠭᠡᠭᠦᠷ ︾ ᠪᠣᠯᠭᠠᠵᠤ᠂ ︽ᠲᠠᠩ ᠴᠡᠭ ᠢᠶᠠᠷ ᠬᠦᠴᠦᠯᠡᠬᠦ᠂ | ᠪᠥᠬᠦ ᠱᠤᠭᠤᠮ ᠢᠶᠠᠷ ᠠᠬᠢᠭᠤᠯᠬᠤ᠂ ᠪᠦᠬᠦᠯᠢ ᠴᠣᠭᠴᠠ ᠪᠠᠷ ᠳᠡᠭᠡᠭᠰᠢᠯᠡᠭᠦᠯᠬᠦ ︾ ᠪᠠᠷ ᠭᠠᠷᠳᠠᠴᠠ ᠪᠣᠯᠭᠠᠵᠤ᠂ ᠲᠠᠩ | ᠴᠡᠭ ᠢᠶᠠᠷ ᠬᠦᠴᠦᠯᠡᠵᠦ ᠪᠠᠶᠢᠭᠠᠳ ᠰᠤᠮᠤᠨ ᠤ ᠪᠥᠬᠦ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠵᠤ ᠲᠣᠭᠲᠠᠮᠠᠯ | ᠬᠤᠭᠤᠴᠠᠭ᠎ᠠ ᠲᠠᠢ ᠪᠠᠷ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢ ᠥᠷᠨᠢᠭᠦᠯᠵᠦ᠂ ︽ᠨᠠᠮ ᠤᠨ ᠭᠡᠰᠢᠭᠦᠨ | ᠺᠠᠳ᠋ᠷ + ᠭᠠᠴᠠᠭᠠᠨ ᠤ ︿ᠬᠤᠶᠠᠷ ᠵᠥᠪᠯᠡᠯ ﹀ + ᠮᠠᠯᠴᠢᠨ ᠲᠠᠷᠢᠶᠠᠴᠢᠨ︾ ᠤ ᠣᠯᠠᠨ ᠲᠠᠰ ᠳᠠᠪᠬᠤᠷᠭ᠎ᠠ ᠶᠢᠨ | ᠵᠠᠰᠠᠯᠲᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ ᠃ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ | ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ | ᠵᠠᠰᠠᠬᠤ ᠵᠡᠷᠭᠡ ᠶᠢ ᠪᠥᠬᠦ ᠲᠠᠯ᠎ᠠ ᠪᠠᠷ ᠠᠬᠢᠭᠤᠯᠵᠤ᠂ ᠡᠯ᠎ᠡ ᠲᠥᠷᠥᠯ ᠤᠨ ᠠᠵᠢᠯᠯᠠᠭ᠎ᠠ ᠶᠢ ᠨᠡᠶᠢᠲᠡ ᠵᠠᠭᠤ ᠭᠠᠷᠤᠶ | ᠤᠳᠠᠭ᠎ᠠ ᠥᠷᠨᠢᠭᠦᠯᠪᠡ ᠃ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠨᠡᠨᠬᠦ | ᠳᠡᠭᠡᠭᠰᠢᠯᠡᠭᠦᠯᠵᠦ᠂ ᠪᠣᠶᠢᠳᠠ ᠪᠥᠭᠯᠡᠭᠦᠦ ᠮᠠᠯᠴᠢᠨ ᠲᠠᠷᠢᠶᠠᠴᠢᠨ ᠤ ᠠᠮᠤᠭᠤᠯᠠᠩ ᠣᠷᠣᠨ ᠰᠠᠭᠤᠴᠠ ᠶᠢ ᠰᠢᠨ᠎ᠡ ᠪᠠᠷ | 10 ᠪᠠᠶᠢᠭᠤᠯᠵᠤ᠂ ᠰᠢᠶᠠᠩ ᠳᠤ ᠨᠡᠪᠲᠡᠷᠡᠬᠦ ᠵᠠᠰᠠᠮᠠᠯ ᠵᠠᠮ ᠢ10 ᠺᠢᠯᠥᠮᠧᠲᠷ ᠳᠡᠪᠢᠰᠴᠦ᠂ 48 ᠢᠵᠢ ᠵᠠᠮ ᠤᠨ | ᠳ᠋ᠧᠩ ᠢ ᠭᠡᠷᠡᠯᠲᠦᠭᠦᠯᠦᠨ ᠤᠭᠰᠠᠷᠠᠵᠤ᠂ 378 ᠲᠡᠭᠰᠢ ᠳᠥᠷᠪᠡᠯᠵᠢᠨ ᠮᠧᠲᠷ ᠤᠨ ᠲᠡᠷᠭᠡᠨ ᠬᠥᠮᠥᠷᠭᠡ ᠲᠡᠷᠭᠡᠨ ᠤ | ᠫᠧᠩ ᠢ ᠵᠠᠰᠠᠨ ᠪᠠᠶᠢᠭᠤᠯᠵᠤ᠂ ᠤᠤᠭᠤᠬᠤ ᠤᠰᠤᠨ ᠤ ᠠᠮᠤᠷ ᠲᠦᠪᠰᠢᠨ ᠢ ᠪᠠᠷᠢᠮᠵᠢᠶ᠎ᠠ ᠳᠤ ᠬᠦᠷᠭᠡᠬᠦ᠂ ᠲᠣᠭᠲᠠᠭᠤᠨ | ᠢᠶᠠᠷ ᠴᠠᠬᠢᠯᠭᠠᠨ ᠬᠠᠩᠭᠠᠬᠤ ᠵᠡᠷᠭᠡ ᠶᠢ ᠪᠦᠷᠢᠨ ᠪᠦᠷᠬᠦᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ 5 G ᠶᠢᠨ | ᠲᠣᠤᠷ ᠰᠦᠯᠵᠢᠶ᠎ᠡ ᠶᠢ ᠪᠦᠷᠬᠦᠭᠦᠯᠵᠦ᠂ ᠤᠰᠤ ᠴᠠᠬᠢᠯᠭᠠᠨ᠂ ᠴᠢᠮᠡᠭᠡ ᠬᠤᠯᠪᠣᠭ᠎ᠠ᠂ ᠵᠠᠮ ᠵᠡᠷᠭᠡ ᠰᠠᠭᠤᠷᠢ ᠪᠡᠯᠡᠳᠬᠡᠮᠵᠢ | ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠤᠨ ᠨᠥᠬᠦᠴᠡᠯ ᠢ | ᠡᠳᠦᠷ ᠢᠷᠡᠬᠦᠶ᠎ᠡ ᠰᠠᠶᠢᠵᠢᠷᠠᠭᠤᠯᠵᠤ᠂ ᠰᠤᠮᠤᠨ ᠤ ᠥᠩᠭᠡ ᠵᠢᠰᠦ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠪᠡ᠃ | ᠣᠶᠢᠯᠠᠭᠠᠭᠳᠠᠬᠤᠨ ᠠᠴᠠ ᠦᠢᠯᠡᠳᠦᠯᠭᠡ ᠳᠤ ᠬᠦᠷᠲᠡᠯ᠎ᠡ᠂ ᠬᠥᠭᠵᠢᠯᠲᠡ ᠠᠴᠠ ᠵᠠᠰᠠᠯᠲᠠ ᠬᠦᠷᠲᠡᠯ᠎ᠡ᠂ | ᠪᠠᠶᠠᠨᠲᠣᠬᠤᠢ ᠰᠤᠮᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ | ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ | ᠬᠤᠶᠠᠷ ᠶᠡᠭᠡ ᠶᠠᠪᠤᠳᠠᠯ ᠢ ᠢᠮᠠᠭᠲᠠ ᠲᠤᠭᠲᠠᠭᠠᠵᠤ᠂ ᠣᠷᠴᠢᠨ ᠲᠣᠭᠤᠷᠢᠨ ᠢᠶᠠᠨ ᠬᠠᠮᠠᠭᠠᠯᠠᠬᠤ᠂ ᠭᠡᠷ ᠣᠷᠣᠨ ᠢᠶᠠᠨ | ᠰᠠᠬᠢᠨ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠢᠶᠠᠨ ᠴᠢᠩᠭᠠᠳᠬᠠᠵᠤ᠂ ᠡᠯᠡᠰᠦᠨ ᠤ | ᠠᠵᠤ ᠦᠢᠯᠡᠰ᠂ ᠣᠢ ᠰᠢᠭᠤᠶ ᠵᠢᠮᠢᠰ ᠤᠨ ᠠᠵᠤ ᠦᠶᠯᠡᠰ ᠵᠡᠷᠭᠡ ᠪᠣᠬᠢᠷᠲᠤᠯ ᠦᠭᠡᠢ ᠠᠵᠤ ᠠᠬᠤᠶ ᠶᠢᠨ ᠨᠢᠭᠤᠴᠠ | ᠨᠣᠮᠧᠷ ᠢ ᠰᠦᠪᠡᠭᠴᠢᠯᠡᠨ ᠭᠦᠭᠵᠢᠭᠦᠯᠵᠦ᠂ ᠦᠨᠳᠦᠰᠦᠨ ᠱᠠᠲᠤᠨ ᠤ ᠠᠮᠢ ᠠᠬᠤᠢ ᠶᠢᠨ ᠵᠠᠰᠠᠯᠲᠠ ᠶᠢᠨ ᠦᠷ᠎ᠡ | ᠪᠦᠲᠦᠮᠵᠢ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠯᠲᠠ ᠬᠢᠭᠡᠳ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢ ᠬᠤᠶᠠᠷ ᠲᠠᠯ᠎ᠠ ᠪᠠᠷ ᠠᠳᠬᠤᠵᠤ ᠬᠤᠶᠠᠷ ᠢ ᠠᠬᠢᠭᠤᠯᠤᠨ᠂ ᠰᠤᠮᠤᠨ ᠤ ︽ | ᠪᠠᠭ᠎ᠠ ᠣᠷᠴᠢᠨ ᠲᠣᠭᠤᠷᠢᠨ︾ ᠢ ᠰᠠᠶᠢᠵᠢᠷᠠᠭᠤᠯᠵᠤ᠂ ᠠᠮᠢ ᠠᠬᠤᠶ ᠶᠢᠨ ︽ᠶᠡᠭᠡ ᠵᠣᠬᠢᠶᠠᠯ︾ ᠪᠢᠴᠢᠵᠤ᠂ | ᠰᠦᠷᠯᠢᠭ ᠰᠠᠢᠬᠠᠨ ᠠᠮᠢ ᠠᠬᠤᠶ ᠶᠢᠨ ᠵᠢᠷᠤᠭ ᠢ ᠵᠢᠷᠤᠭᠯᠠᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ | ᠰᠠᠶᠢᠬᠠᠨ ᠦᠵᠡᠮᠵᠢ ᠶᠢᠨ ᠣᠷᠣᠨ ᠳᠤ ᠭᠡᠷᠡᠯ ᠭᠢᠯᠪᠠᠭ᠎ᠠ ᠨᠡᠮᠡᠷᠢᠯᠡᠨ᠎ᠡ᠃ | |