︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠣᠨᠳᠣᠣ ᠭᠠᠵᠠᠷ ᠲᠤ ᠡᠮᠴᠢᠯᠡᠭᠦᠯᠦᠭᠰᠡᠨ  ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠬᠡᠷᠡᠭᠵᠢᠭᠦᠯᠬᠦ ᠨᠠᠷᠢᠨ ᠳᠦᠷᠢᠮ︾ ᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2023/8/29
      ᠨᠢᠭᠡ᠂ ᠠᠬᠤᠢ ᠪᠠᠶᠢᠳᠠᠯ ᠵᠢᠴᠢ ᠦᠨᠳᠦᠰᠦᠯᠡᠯ       ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ ᠪᠣᠳᠣᠬᠤ ᠳᠦᠷᠢᠮ ᠪᠠ ᠭᠠᠷᠲᠠᠨ ᠭᠦᠢᠴᠡᠳᠬᠡᠬᠦ  ᠬᠠᠮᠢᠶᠠᠷᠤᠯᠲᠠ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠣᠨᠳᠣᠣ ᠭᠠᠵᠠᠷ ᠲᠤ  ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ ᠪᠣᠳᠣᠬᠤ ᠬᠦᠷᠢᠶᠡᠨ ᠤ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠲᠤᠰᠠᠳᠠ᠂ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠮᠤᠵᠢ ᠠᠯᠤᠰᠯᠠᠨ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠠᠵᠢᠯ ᠢ  ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠡᠳ᠋ ᠤᠨ ᠵᠠᠰᠠᠭ ᠤᠨ ᠶᠠᠮᠤᠨ ᠤ       ᠮᠡᠳᠡᠭᠳᠡᠯ︾ ︵ᠡᠮ  ᠳᠠᠭᠠᠳᠬᠠᠯ ᠲᠠᠷᠬᠠᠭᠠᠭᠰᠠᠨ ﹇2022﹈ 22 ᠳ᠋ᠤᠭᠠᠷ ᠲᠣᠭᠠᠲᠤ︶᠎ ᠢ ᠦᠨᠳᠦᠰᠦᠯᠡᠨ᠂ ᠮᠠᠨ ᠤ ᠲᠣᠪᠴᠢᠶ᠎ᠠ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ  ᠰᠢᠭᠤᠳ ᠳ᠋ᠦᠩᠨᠡᠨ ᠪᠤᠳᠤᠬᠤ ᠶᠢ ᠬᠡᠷᠡᠭᠵᠢᠭᠦᠯᠬᠦ ᠨᠠᠷᠢᠨ ᠳᠦᠷᠢᠮ︾ ︵ᠳᠣᠷᠣᠭᠰᠢ ︽ᠬᠡᠷᠡᠭᠵᠢᠭᠦᠯᠬᠦ ᠨᠠᠷᠢᠨ       ᠳᠦᠷᠢᠮ︾ ᠭᠡᠵᠦ ᠲᠣᠪᠴᠢᠯᠠᠨ᠎ᠠ︶᠎ ᠢ ᠲᠣᠭᠲᠠᠭᠠᠪᠠ᠃  ︽ᠬᠡᠷᠡᠭᠵᠢᠭᠦᠯᠬᠦ ᠨᠠᠷᠢᠨ ᠳᠦᠷᠢᠮ︾᠎ ᠨᠢ ᠥᠪᠡᠷᠲᠡᠭᠡᠨ ᠵᠠᠰᠠᠬᠤ ᠣᠷᠣᠨ ᠤ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠳᠡᠩᠰᠡᠯᠡᠨ ᠬᠠᠮᠢᠶᠠᠷᠬᠤ᠂ ᠰᠢᠭᠤᠳ  ᠳ᠋ᠦᠩᠨᠡᠨ ᠪᠤᠳᠤᠬᠤ ᠬᠦᠷᠢᠶ᠎ᠡ ᠬᠡᠪᠴᠢᠶ᠎ᠡ᠂ ᠪᠡᠯᠡ ᠮᠥᠩᠭᠦ ᠶᠢᠨ ᠬᠠᠮᠢᠶᠠᠷᠤᠯᠲᠠ᠂ ᠲᠤᠬᠠᠶᠢᠯᠠᠭᠰᠠᠨ ᠠᠵᠢᠯ ᠤᠨ ᠬᠢᠨᠠᠯᠲᠠ ᠬᠠᠮᠢᠶᠠᠷᠤᠯᠲᠠ᠂ ᠬᠠᠮᠵᠢᠯᠴᠠᠨ ᠬᠠᠮᠢᠶᠠᠷᠬᠤ ᠵᠢᠴᠢ ᠮᠡᠳᠡᠭᠡ ᠵᠠᠩᠭᠢᠵᠢᠭᠤᠯᠤᠨ ᠪᠠᠷᠢᠮᠵᠢᠶᠠᠵᠢᠭᠤᠯᠤᠨ ᠲᠤᠯᠭᠠᠭᠤᠷᠢᠯᠠᠬᠤ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠥᠬᠦ ᠣᠷᠣᠨ ᠤ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠤᠭᠤᠳᠬᠠᠨ ᠵᠢᠷᠤᠮᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ  ᠶᠤᠮ᠃       ᠬᠤᠶᠠᠷ᠂ ︽ᠬᠡᠷᠡᠭᠵᠢᠭᠦᠯᠬᠦ ᠨᠠᠷᠢᠨ ᠳᠦᠷᠢᠮ︾᠎ ᠤᠨ ᠭᠤᠣᠯ ᠠᠭᠤᠯᠭ᠎ᠠ       ︵ᠨᠢᠭᠡ︶ ᠲᠣᠬᠢᠷᠠᠬᠤ ᠬᠥᠮᠥᠰ᠃ ᠥᠪᠡᠷᠲᠡᠭᠡᠨ ᠵᠠᠰᠠᠬᠤ ᠣᠷᠣᠨ ᠤ ᠡᠯ᠎ᠡ ᠨᠢᠭᠡᠳᠦᠯᠲᠡᠢ ᠲᠥᠯᠥᠪᠯᠡᠬᠦ ᠣᠷᠣᠨ ᠳᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ  ᠣᠷᠣᠯᠴᠠᠭᠰᠠᠳ᠃       ︵ᠬᠤᠶᠠᠷ︶ ᠳᠠᠩᠰᠠᠯᠠᠭᠤᠯᠬᠤ ᠴᠢᠬᠤᠯᠠᠲᠠᠢ ᠪᠠᠶᠢᠳᠠᠯ᠃ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠣᠨᠳᠣᠣ ᠭᠠᠵᠠᠷ ᠲᠤ ᠡᠮᠴᠢᠯᠡᠭᠦᠯᠬᠦ᠂ ᠮᠤᠵᠢ  ᠠᠯᠤᠰᠯᠠᠭᠰᠠᠨ ᠡᠭᠦᠳᠡᠨ ᠡᠮᠨᠡᠯᠭᠡ ᠳᠤ ᠡᠮᠴᠢᠯᠡᠭᠦᠯᠬᠦ᠂ ᠮᠤᠵᠢ ᠠᠯᠤᠰᠯᠠᠨ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠬᠤ ᠵᠡᠷᠭᠡ ᠶᠢ ᠰᠢᠭᠤᠳ ᠳ᠋ᠦᠩᠨᠡᠨ  ᠪᠤᠳᠤᠬᠤ ᠳᠤ᠂ ᠳᠠᠭᠠᠳᠬᠠᠯ ᠳᠤ ᠣᠷᠣᠯᠴᠠᠭᠰᠠᠳ ᠣᠨᠳᠣᠣ ᠭᠠᠵᠠᠷ ᠲᠤ ᠡᠮᠴᠢᠯᠡᠭᠦᠯᠬᠦ ᠳᠠᠩᠰᠠᠯᠠᠯᠲᠠ ᠬᠢᠬᠦ ᠴᠢᠬᠤᠯᠠ ᠦᠭᠡᠢ᠃ ᠮᠤᠵᠢ ᠠᠯᠤᠰᠯᠠᠨ ᠣᠨᠳᠣᠣ ᠭᠠᠵᠠᠷ ᠲᠤ  ᠡᠮᠨᠡᠯᠭᠡ ᠳᠤ ᠰᠠᠭᠤᠵᠤ ᠡᠮᠴᠢᠯᠡᠭᠦᠯᠬᠦ ᠳᠤ ᠣᠨᠳᠣᠣ ᠭᠠᠵᠠᠷ ᠲᠤ ᠡᠮᠴᠢᠯᠡᠭᠦᠯᠬᠦ ᠶᠢ ᠳᠠᠩᠰᠠᠯᠠᠭᠤᠯᠬᠤ ᠬᠡᠷᠡᠭᠲᠡᠢ᠃       ︵ᠭᠤᠷᠪᠠ︶ ᠳᠠᠩᠰᠠᠯᠠᠭᠤᠯᠬᠤ ᠲᠥᠷᠥᠯ ᠬᠡᠯᠪᠡᠷᠢ᠃ ᠬᠤᠶᠠᠷ ᠶᠡᠭᠡ ᠲᠥᠷᠥᠯ ᠳᠤ ᠬᠤᠪᠢᠶᠠᠨ᠎ᠠ᠄ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠣᠷᠣᠰᠢᠨ ᠰᠠᠭᠤᠭᠰᠠᠳ᠂ ᠡᠭᠦᠨ ᠳᠤ ᠣᠨᠳᠣᠣ ᠭᠠᠵᠠᠷ ᠲᠤ ᠲᠥᠪᠬᠢᠨᠡᠭᠦᠯᠦᠭᠰᠡᠨ ᠠᠵᠢᠯ ᠠᠴᠠ ᠪᠠᠨ ᠪᠠᠭᠤᠵᠤ ᠠᠮᠠᠷᠠᠭᠰᠠᠳ᠂ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠣᠷᠣᠰᠢᠨ ᠰᠠᠭᠤᠭᠰᠠᠳ᠂ ᠣᠨᠳᠣᠣ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ ᠵᠡᠷᠭᠡ ᠳᠠᠭᠠᠳᠬᠠᠯ ᠳᠤ ᠣᠷᠣᠯᠴᠠᠭᠰᠠᠨ ᠮᠤᠵᠢ ᠠᠴᠠ ᠪᠠᠨ ᠭᠠᠳᠠᠨ᠎ᠠ ᠣᠷᠳᠣ  ᠬᠤᠭᠤᠴᠠᠭ᠎ᠠ ᠪᠠᠷ ᠠᠵᠢᠯᠯᠠᠵᠤ᠂ ᠣᠷᠣᠰᠢᠨ ᠰᠠᠭᠤᠵᠤ᠂ ᠠᠮᠢᠳᠤᠷᠠᠵᠤ ᠪᠠᠶᠢᠭ᠎ᠠ ᠳᠠᠭᠠᠳᠬᠠᠯ ᠳᠤ ᠣᠷᠣᠯᠴᠠᠭᠰᠠᠳ ᠪᠠᠭᠲᠠᠨ᠎ᠠ︔ ᠲᠦᠷ ᠴᠠᠭ ᠭᠠᠳᠠᠭᠰᠢ ᠭᠠᠷᠴᠤ ᠡᠮᠴᠢᠯᠡᠭᠦᠯᠬᠦ ᠬᠥᠮᠥᠰ᠂ ᠡᠭᠦᠨ ᠳᠤ ᠣᠨᠳᠣᠣ ᠭᠠᠵᠠᠷ ᠲᠤ ᠰᠢᠯᠵᠢᠭᠦᠯᠦᠨ ᠡᠮᠴᠢᠯᠡᠭᠦᠯᠬᠦ ᠬᠥᠮᠥᠰ᠂ ᠠᠵᠢᠯ᠂ ᠵᠢᠭᠤᠯᠴᠢᠯᠠᠯ ᠵᠡᠷᠭᠡ ᠰᠢᠯᠲᠠᠭᠠᠨ ᠠᠴᠠ ᠪᠣᠯᠵᠤ ᠣᠨᠳᠣᠣ  ᠭᠠᠵᠠᠷ ᠲᠤ ᠲᠦᠷᠭᠡᠨ ᠡᠮᠨᠡᠭᠦᠯᠵᠦ ᠲᠦᠷᠭᠡᠨ ᠠᠪᠤᠷᠠᠭᠤᠯᠬᠤ ᠬᠥᠮᠥᠰ ᠵᠢᠴᠢ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠴᠢᠯᠡᠭᠦᠯᠦᠭᠰᠡᠨ ᠪᠤᠰᠤᠳ ᠬᠥᠮᠥᠰ  ᠪᠠᠭᠲᠠᠨ᠎ᠠ᠃       ︵ᠳᠥᠷᠪᠡ︶ ᠳᠠᠩᠰᠠᠯᠠᠭᠤᠯᠤᠨ ᠮᠡᠳᠡᠭᠦᠯᠬᠦ ᠠᠷᠭ᠎ᠠ ᠵᠠᠮ᠃ ᠳᠠᠭᠠᠳᠬᠠᠯ ᠳᠤ ᠣᠷᠣᠯᠴᠠᠭᠰᠠᠨ ᠬᠦᠴᠦᠨ ᠪᠦᠬᠦᠢ ᠭᠡᠷᠡᠴᠢ ᠪᠠᠷᠢᠮᠲᠠ ᠪᠠᠨ ᠠᠪᠴᠤ ᠳᠠᠭᠠᠳᠬᠠᠯ ᠳᠤ  ᠣᠷᠣᠯᠴᠠᠭᠰᠠᠨ ᠭᠠᠵᠠᠷ ᠤᠨ ᠢᠶᠠᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠲᠢᠩᠬᠢᠮ ᠤᠨ ᠴᠣᠩᠬᠤᠪᠴᠢ ᠳᠤ ᠬᠦᠷᠴᠦ ᠭᠠᠷᠳᠠᠮ ᠭᠦᠢᠴᠡᠳᠬᠡᠪᠡᠯ᠂ ᠲᠤᠬᠠᠢ ᠶᠢᠨ  ᠲᠠᠯᠠᠪᠤᠷ ᠲᠤ ᠨᠢ ᠭᠥᠯᠢᠶᠡᠨ ᠠᠪᠴᠤ᠂ ᠲᠡᠷᠡ ᠳᠠᠷᠤᠢ ᠳᠤ ᠨᠢ ᠭᠦᠢᠴᠡᠳᠬᠡᠵᠦ ᠥᠭᠭᠦᠨ᠎ᠡ᠃ ᠪᠠᠰᠠ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ APP᠂ ᠤᠯᠤᠰ ᠤᠨ ᠣᠨᠳᠣᠣ ᠭᠠᠵᠠᠷ ᠲᠤ ᠡᠮᠴᠢᠯᠡᠭᠦᠯᠬᠦ ᠶᠢ ᠳᠠᠩᠰᠠᠯᠠᠬᠤ ᠵᠢᠵᠢᠭ ᠫᠷᠣᠭ᠍ᠷᠠᠮ᠂ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ  ᠦᠵᠦᠭᠦᠷ ᠵᠢᠵᠢᠭ ᠫᠷᠣᠭ᠍ᠷᠠᠮ᠂ ︽ᠮᠥᠩᠬᠡ ᠰᠤᠪᠠᠭ︾ APP᠂ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ APP᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠶᠡᠭᠡ ᠲᠢᠩᠬᠢᠮ ᠵᠡᠷᠭᠡ ᠰᠦᠯᠵᠢᠶᠡᠨ ᠳᠡᠭᠡᠷᠡᠬᠢ ᠠᠷᠭ᠎ᠠ ᠵᠠᠮ ᠢᠶᠠᠷ ᠳᠡᠮᠵᠢᠨ᠂ ᠠᠮᠠᠯᠠᠯᠲᠠ ᠶᠢᠨ ᠳᠦᠷᠢᠮ ᠢᠶᠠᠷ ᠥᠪᠡᠰᠦᠪᠡᠨ ᠳᠠᠩᠰᠠᠯᠠᠬᠤ ᠦᠢᠯᠡᠴᠢᠯᠡᠭᠡ ᠶᠢ ᠭᠦᠢᠴᠡᠳᠬᠡᠪᠡᠯ᠂ ᠲᠡᠷᠡ ᠳᠠᠷᠤᠢ ᠳᠤ ᠎ ᠨᠢ ᠭᠦᠢᠴᠡᠳᠬᠡᠨ ᠥᠭᠴᠦ᠂ ᠲᠡᠷᠡ  ᠳᠠᠷᠤᠢ ᠳᠤ ᠪᠠᠨ ᠬᠦᠴᠦᠨ ᠲᠠᠢ ᠪᠣᠯᠣᠨ᠎ᠠ᠃       ︵ᠲᠠᠪᠤ︶ ᠳᠠᠩᠰᠠᠯᠠᠭᠤᠯᠬᠤ ᠬᠦᠴᠦᠨ ᠲᠠᠢ ᠬᠤᠭᠤᠴᠠᠭ᠎ᠠ᠃ ᠮᠤᠵᠢ ᠠᠯᠤᠰᠯᠠᠨ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠣᠷᠣᠰᠢᠨ ᠰᠠᠭᠤᠭᠰᠠᠳ ᠳᠠᠩᠰᠠᠯᠠᠭᠤᠯᠬᠤ ᠬᠦᠴᠦᠨ ᠲᠠᠢ ᠬᠤᠭᠤᠴᠠᠭ᠎ᠠ ᠶᠢ ᠥᠪᠡᠰᠦᠪᠡᠨ ᠲᠣᠭᠲᠠᠭᠠᠵᠤ ᠪᠣᠯᠣᠨ᠎ᠠ᠂ ᠳᠠᠩᠰᠠᠯᠠᠭᠤᠯᠬᠤ ᠬᠦᠴᠦᠨ ᠲᠠᠢ ᠬᠤᠭᠤᠴᠠᠭ᠎ᠠ ᠨᠢ 3 ᠰᠠᠷ᠎ᠠ ᠠᠴᠠ ᠣᠬᠤᠷ ᠪᠠᠶᠢᠵᠤ ᠪᠣᠯᠬᠤ ᠦᠭᠡᠢ᠂ ᠳᠡᠩᠰᠡᠯᠡᠵᠦ ᠳᠠᠭᠤᠰᠬᠤ ᠬᠤᠭᠤᠴᠠᠭ᠎ᠠ ᠶᠢ ᠲᠣᠭᠲᠠᠭᠠᠭᠰᠠᠨ ᠦᠭᠡᠢ ᠪᠣᠯ ᠳᠠᠩᠰᠠᠯᠠᠭᠤᠯᠬᠤ ᠬᠦᠴᠦᠨ ᠲᠠᠢ ᠬᠤᠭᠤᠴᠠᠭ᠎ᠠ ᠶᠢ ᠣᠷᠳᠣ  ᠬᠤᠭᠤᠴᠠᠭ᠎ᠠ ᠪᠠᠷ ᠬᠦᠴᠦᠨ ᠲᠠᠢ ᠪᠠᠶᠢᠯᠭᠠᠨ᠎ᠠ᠃ ᠠᠮᠠᠯᠠᠯᠲᠠ ᠶᠢᠨ ᠳᠦᠷᠢᠮ ᠢᠶᠠᠷ ᠬᠦᠴᠦᠨ ᠲᠠᠢ ᠪᠣᠯᠤᠭᠰᠠᠨ ᠳᠠᠩᠰᠠᠯᠠᠯᠲᠠ ᠶᠢ 3 ᠰᠠᠷ᠎ᠠ ᠠᠴᠠ ᠬᠡᠲᠦᠷᠡᠭᠰᠡᠨ ᠤ ᠳᠠᠷᠠᠭ᠎ᠠ  ᠬᠤᠪᠢᠷᠠᠭᠤᠯᠵᠤ ᠪᠣᠯᠣᠨ᠎ᠠ᠂ 3 ᠰᠠᠷ᠎ᠠ ᠪᠣᠯᠣᠭᠠᠳᠤᠢ ᠪᠣᠯ ᠡᠷᠬᠡᠪᠰᠢ ᠬᠠᠮᠢᠶ᠎ᠠ ᠪᠦᠬᠦᠢ ᠮᠠᠲ᠋ᠧᠷᠢᠶᠠᠯ ᠢ ᠨᠥᠬᠦᠪᠦᠷᠢᠯᠡᠭᠰᠡᠨ ᠤ ᠳᠠᠷᠠᠭ᠎ᠠ ᠰᠠᠶ᠋ᠢ ᠳᠠᠩᠰᠠᠯᠠᠯᠲᠠ ᠶᠢ ᠬᠤᠪᠢᠷᠠᠭᠤᠯᠵᠤ ᠪᠣᠯᠣᠨ᠎ᠠ᠂ ᠳᠠᠭᠢᠵᠤ ᠳᠠᠩᠰᠠᠯᠠᠭᠤᠯᠬᠤ ᠳᠤ ᠴᠠᠭ ᠤᠨ ᠵᠠᠢ ᠭᠠᠷᠭᠠᠬᠤ ᠦᠭᠡᠢ᠃ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠴᠢᠯᠡᠭᠦᠯᠦᠭᠰᠡᠨ ᠬᠥᠮᠥᠰ 6 ᠰᠠᠷ᠎ᠠ ᠠᠴᠠ ᠳᠤᠲᠠᠭᠤ ᠦᠭᠡᠢ ᠳᠠᠩᠰᠠᠯᠠᠭᠤᠯᠬᠤ ᠬᠦᠴᠦᠨ ᠲᠠᠢ ᠬᠤᠭᠤᠴᠠᠭ᠎ᠠ ᠶᠢ ᠥᠪᠡᠰᠦᠪᠡᠨ ᠲᠣᠭᠲᠠᠭᠠᠵᠤ ᠪᠣᠯᠣᠨ᠎ᠠ᠂ ᠬᠡᠵᠢᠶ᠎ᠡ ᠴᠦ ᠭᠡᠰᠡᠨ ᠬᠦᠴᠦᠨ ᠦᠭᠡᠢ ᠪᠣᠯᠭᠠᠵᠤ ᠪᠣᠯᠣᠨ᠎ᠠ᠃ ᠳᠠᠩᠰᠠᠯᠠᠭᠤᠯᠬᠤ ᠬᠦᠴᠦᠨ ᠲᠠᠢ ᠬᠤᠭᠤᠴᠠᠭᠠᠨ ᠳᠤ ᠤᠯᠡᠠ ᠤᠳᠠᠭ᠎ᠠ ᠡᠮᠴᠢᠯᠡᠭᠦᠯᠵᠦ ᠪᠣᠯᠣᠨ᠎ᠠ᠃       ︵ᠵᠢᠷᠭᠤᠭ᠎ᠠ︶ ᠬᠠᠷᠠᠭᠠᠯᠵᠠᠯ ᠤᠨ ᠬᠠᠮᠢᠶᠠᠷᠤᠯᠲᠠ᠃ ᠮᠤᠵᠢ ᠠᠯᠤᠰᠯᠠᠭᠰᠠᠨ ᠪᠠ ᠣᠷᠣᠨ ᠤ ᠳᠣᠲᠣᠷ᠎ᠠ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ  ᠰᠢᠭᠤᠳ ᠳ᠋ᠦᠩᠨᠡᠨ ᠪᠤᠳᠤᠬᠤ ᠳᠤ ᠴᠥᠮ ︽ᠡᠮᠴᠢᠯᠡᠭᠦᠯᠦᠭᠰᠡᠨ ᠭᠠᠵᠠᠷ ᠤᠨ ᠭᠠᠷᠴᠠᠭ᠂ ᠳᠠᠭᠠᠳᠬᠠᠯ ᠳᠤ ᠣᠷᠣᠯᠴᠠᠭᠰᠠᠨ ᠭᠠᠵᠠᠷ ᠤᠨ ᠲᠥᠷᠥ ᠶᠢᠨ ᠪᠣᠳᠣᠯᠭ᠎ᠠ᠂ ᠡᠮᠴᠢᠯᠡᠭᠦᠯᠦᠭᠰᠡᠨ ᠭᠠᠵᠠᠷ ᠤᠨ ᠬᠠᠮᠢᠶᠠᠷᠤᠯᠲᠠ︾᠎ ᠶᠢᠨ ᠲᠣᠭᠲᠠᠭᠠᠯ ᠢ ᠬᠡᠷᠡᠭᠵᠢᠭᠦᠯᠦᠨ᠎ᠡ︔ ᠮᠤᠵᠢ ᠠᠯᠤᠰᠯᠠᠭᠰᠠᠨ ᠪᠠ ᠣᠷᠣᠨ ᠤ ᠳᠣᠲᠣᠷ᠎ᠠ ᠣᠨᠳᠣᠣ ᠭᠠᠵᠠᠷ ᠲᠤ  ᠡᠮᠴᠢᠯᠡᠭᠦᠯᠦᠭᠰᠡᠨ ᠵᠠᠷᠤᠳᠠᠯ ᠢ ᠬᠡᠰᠡᠭ ᠪᠤᠰᠠᠭ ᠢᠶᠠᠷ ᠳ᠋ᠦᠩᠨᠡᠨ ᠪᠤᠳᠤᠬᠤ ᠳᠤ ᠴᠥᠮ ︽ᠳᠠᠭᠠᠳᠬᠠᠯ ᠳᠤ ᠣᠷᠣᠯᠴᠠᠭᠰᠠᠨ ᠭᠠᠵᠠᠷ ᠤᠨ ᠭᠠᠷᠴᠠᠭ᠂ ᠳᠠᠭᠠᠳᠬᠠᠯ ᠳᠤ ᠣᠷᠣᠯᠴᠠᠭᠰᠠᠨ ᠭᠠᠵᠠᠷ ᠤᠨ ᠲᠥᠷᠥ ᠶᠢᠨ ᠪᠣᠳᠣᠯᠭ᠎ᠠ᠂ ᠡᠮᠴᠢᠯᠡᠭᠦᠯᠦᠭᠰᠡᠨ ᠭᠠᠵᠠᠷ ᠤᠨ ᠬᠠᠮᠢᠶᠠᠷᠤᠯᠲᠠ︾᠎ ᠶᠢᠨ ᠲᠣᠭᠲᠠᠭᠠᠯ ᠢ ᠬᠡᠷᠡᠭᠵᠢᠭᠦᠯᠦᠨ᠎ᠡ᠃       ︵  ᠳᠣᠯᠤᠭ᠎ᠠ︶ ᠬᠤᠶᠠᠷ ᠲᠠᠯ᠎ᠠ ᠪᠠᠷ ᠢᠶᠠᠨ ᠬᠠᠷᠠᠭᠠᠯᠵᠠᠯ ᠭᠥᠷᠳᠡᠬᠦ ᠶᠢ ᠳᠡᠮᠵᠢᠬᠦ᠃ ᠮᠤᠵᠢ ᠠᠯᠤᠰᠯᠠᠨ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠣᠷᠣᠰᠢᠨ  ᠰᠠᠭᠤᠭᠰᠠᠳ ᠳᠠᠩᠰᠠᠯᠠᠭᠤᠯᠬᠤ ᠬᠦᠴᠦᠨ ᠲᠠᠢ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠨ ᠭᠠᠵᠠᠷ ᠲᠤ ᠪᠠᠨ ᠪᠤᠴᠠᠵᠤ ᠡᠮᠴᠢᠯᠡᠭᠦᠯᠬᠦ ᠴᠢᠬᠤᠯᠠᠲᠠᠢ ᠪᠠᠶᠢᠪᠠᠯ᠂  ᠣᠲᠣ ᠶᠢᠨ ᠪᠠᠶᠢᠭ᠎ᠠ ᠳᠠᠩᠰᠠᠯᠠᠯᠲᠠ ᠪᠠᠨ ᠬᠦᠴᠦᠨ ᠦᠭᠡᠢ ᠪᠣᠯᠭᠠᠬᠤ ᠦᠭᠡᠢ ᠪᠠᠷ ᠳᠠᠭᠠᠳᠬᠠᠯ ᠳᠤ ᠣᠷᠣᠯᠴᠠᠭᠰᠠᠨ ᠭᠠᠵᠠᠷ ᠲᠤ ᠪᠠᠨ ᠡᠮᠴᠢᠯᠡᠭᠦᠯᠵᠦ ᠪᠣᠯᠣᠨ᠎ᠠ᠂ ᠳᠠᠭᠠᠳᠬᠠᠯ ᠳᠤ ᠣᠷᠣᠯᠴᠠᠭᠰᠠᠨ ᠭᠠᠵᠠᠷ ᠤᠨ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠴᠢᠯᠡᠭᠦᠯᠦᠭᠰᠡᠨ ᠬᠥᠮᠥᠰ ᠤᠨ ᠬᠠᠷᠠᠭᠠᠯᠵᠠᠯ ᠤᠨ ᠲᠥᠷᠥ ᠶᠢᠨ  ᠪᠣᠳᠣᠯᠭ᠎ᠠ ᠶᠢ ᠬᠡᠷᠡᠭᠵᠢᠭᠦᠯᠦᠨ᠎ᠡ᠃ ᠮᠤᠵᠢ ᠠᠯᠤᠰᠯᠠᠨ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠣᠷᠣᠰᠢᠨ ᠰᠠᠭᠤᠭᠰᠠᠳ ᠨᠢ ᠭᠠᠳᠠᠭᠰᠢ ᠰᠢᠯᠵᠢᠵᠦ  ᠡᠮᠴᠢᠯᠡᠭᠦᠯᠬᠦ ᠲᠣᠭᠲᠠᠭᠠᠯ ᠳᠤ ᠨᠡᠶᠢᠴᠡᠪᠡᠯ᠂ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠴᠢᠯᠡᠭᠦᠯᠬᠦ ᠬᠥᠮᠥᠰ ᠢᠶᠠᠷ ᠳᠠᠩᠰᠠᠯᠠᠭᠤᠯᠬᠤ ᠪᠠᠷ ᠭᠤᠶᠤᠴᠢᠯᠠᠵᠤ  ᠪᠣᠯᠣᠨ᠎ᠠ᠂ ᠳᠠᠭᠠᠳᠬᠠᠯ ᠳᠤ ᠣᠷᠣᠯᠴᠠᠭᠰᠠᠨ ᠭᠠᠵᠠᠷ ᠤᠨ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠴᠢᠯᠡᠭᠦᠯᠬᠦ ᠬᠥᠮᠥᠰ ᠤᠨ ᠬᠠᠷᠠᠭᠠᠯᠵᠠᠯ ᠤᠨ ᠲᠥᠷᠥ ᠶᠢᠨ  ᠪᠣᠳᠣᠯᠭ᠎ᠠ ᠶᠢ ᠬᠡᠷᠡᠭᠵᠢᠭᠦᠯᠦᠨ᠎ᠡ᠃       ︵ᠨᠠᠢᠮᠠ︶ ᠤᠷᠢᠳᠴᠢᠯᠠᠨ ᠥᠭᠬᠦ ᠮᠥᠩᠭᠦ ᠶᠢᠨ ᠳᠦᠷᠢᠮ ᠢ ᠪᠠᠶᠢᠭᠤᠯᠬᠤ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠣᠨᠳᠣᠣ ᠭᠠᠵᠠᠷ ᠲᠤ ᠡᠮᠴᠢᠯᠡᠭᠦᠯᠬᠦ ᠳᠤ ᠰᠢᠭᠤᠳ ᠳ᠋ᠦᠩᠨᠡᠨ ᠪᠤᠳᠤᠬᠤ ᠠᠶᠢᠮᠠᠭ ᠬᠤᠲᠠ ᠶᠢᠨ ᠱᠠᠲᠤᠨ ᠤ ᠤᠷᠢᠳᠴᠢᠯᠠᠨ ᠥᠭᠬᠦ ᠮᠥᠩᠭᠦ ᠶᠢ ᠪᠠᠶᠢᠭᠤᠯᠵᠤ᠂ ᠠᠶᠢᠮᠠᠭ  ᠬᠤᠲᠠ ᠶᠢᠨ ᠱᠠᠲᠤᠨ ᠤ ᠤᠷᠢᠳᠴᠢᠯᠠᠨ ᠥᠭᠬᠦ ᠮᠥᠩᠭᠦ ᠶᠢ ᠡᠯ᠎ᠡ ᠨᠢᠭᠡᠳᠦᠯᠲᠡᠢ ᠲᠥᠯᠥᠪᠯᠡᠬᠦ ᠣᠷᠣᠨ ᠤ ᠤᠷᠢᠳᠴᠢᠯᠠᠨ ᠳᠡᠭᠡᠭᠰᠢ ᠲᠤᠰᠢᠶᠠᠭᠰᠠᠨ ᠡᠮ ᠡᠮᠨᠡᠯᠭᠡ ᠶᠢᠨ  ᠳᠠᠭᠠᠳᠬᠠᠯ ᠤᠨ ᠰᠠᠭᠤᠷᠢ ᠮᠥᠩᠭᠦ ᠠᠴᠠ ᠢᠷᠡᠯᠲᠡ ᠲᠠᠢ ᠪᠣᠯᠭᠠᠵᠤ᠂ ᠤᠯᠤᠰ ᠠᠴᠠ ᠬᠢᠨᠠᠨ ᠲᠣᠭᠲᠠᠭᠠᠭᠰᠠᠨ ᠮᠤᠵᠢ ᠠᠯᠤᠰᠯᠠᠭᠰᠠᠨ ᠤᠷᠢᠳᠴᠢᠯᠠᠨ ᠥᠭᠬᠦ ᠮᠥᠩᠭᠦ ᠵᠢᠴᠢ  ᠡᠯ᠎ᠡ ᠨᠢᠭᠡᠳᠦᠯᠲᠡᠢ ᠲᠥᠯᠥᠪᠯᠡᠬᠦ ᠣᠷᠣᠨ ᠤ ᠰᠠᠷ᠎ᠠ ᠶᠢᠨ ᠢᠯᠭᠠᠷᠠᠭᠤᠯᠤᠨ ᠬᠤᠪᠢᠶᠠᠬᠤ ᠪᠡᠯᠡ ᠮᠥᠩᠭᠦ ᠶᠢ ᠥᠭᠬᠦ ᠳᠤ ᠬᠡᠷᠡᠭᠯᠡᠨ᠎ᠡ᠃       ︵ᠶᠢᠰᠦ︶ ᠰᠢᠭᠤᠳ ᠳ᠋ᠦᠩᠨᠡᠨ ᠪᠤᠳᠤᠬᠤ ᠠᠵᠢᠯᠯᠠᠭ᠎ᠠ ᠶᠢ ᠵᠢᠷᠤᠮᠵᠢᠭᠤᠯᠬᠤ᠃ ᠣᠨᠳᠣᠣ ᠭᠠᠵᠠᠷ ᠲᠤ ᠡᠮᠴᠢᠯᠡᠭᠦᠯᠦᠭᠰᠡᠨ ᠡᠮᠴᠢᠯᠡᠭᠡᠨ ᠤ ᠵᠠᠷᠤᠳᠠᠯ ᠢ ᠳᠡᠭᠡᠭᠰᠢ ᠳᠠᠮᠵᠢᠭᠤᠯᠬᠤ᠂ ᠳ᠋ᠦᠩᠨᠡᠨ ᠪᠤᠳᠤᠬᠤ᠂ ᠲᠠᠩᠰᠠ ᠬᠠᠷᠭᠤᠭᠤᠯᠬᠤ᠂ ᠪᠦᠷᠢᠨ ᠲᠣᠭᠠᠴᠠᠭᠠᠯᠠᠬᠤ᠂ ᠪᠡᠯᠡ ᠮᠥᠩᠭᠦ ᠰᠢᠯᠵᠢᠭᠦᠯᠦᠨ ᠥᠭᠬᠦ ᠵᠡᠷᠭᠡ ᠴᠤᠪᠤᠷᠠᠯ ᠪᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠲᠣᠳᠣᠷᠬᠠᠢ ᠲᠣᠭᠲᠠᠭᠠᠪᠠ᠃       ︵ᠠᠷᠪᠠ︶ ᠭᠤᠷᠪᠠᠳᠠᠭᠢ ᠡᠲᠡᠭᠡᠳ ᠤᠨ ᠬᠠᠷᠢᠭᠤᠴᠠᠯᠭ᠎ᠠ ᠦᠭᠡᠢ ᠭᠠᠳᠠᠷ ᠰᠢᠷᠬ᠎ᠠ ᠲᠠᠢ ᠬᠥᠮᠥᠰ ᠤᠨ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ  ᠰᠢᠭᠤᠳ ᠳ᠋ᠦᠩᠨᠡᠨ ᠪᠤᠳᠤᠬᠤ ᠶᠢ ᠳᠡᠮᠵᠢᠬᠦ᠃ ᠡᠮᠴᠢᠯᠡᠭᠦᠯᠬᠦ ᠭᠠᠵᠠᠷ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠥᠯᠥᠬᠦ ᠬᠡᠪᠴᠢᠶ᠎ᠡ ᠳᠤ ᠨᠡᠶᠢᠴᠡᠵᠦ᠂ ᠳᠠᠭᠠᠳᠬᠠᠯ ᠳᠤ ᠣᠷᠣᠭᠰᠠᠳ ᠭᠤᠷᠪᠠᠳᠠᠭᠢ ᠡᠲᠡᠭᠡᠳ ᠤᠨ ᠬᠠᠷᠢᠭᠤᠴᠠᠯᠭ᠎ᠠ ᠦᠭᠡᠢ ᠭᠡᠵᠦ ᠮᠡᠳᠡᠭᠦᠯᠦᠭᠰᠡᠨ ᠮᠥᠷᠲᠡᠭᠡᠨ ᠲᠣᠭᠲᠠᠭᠠᠯ ᠶᠣᠰᠣᠭᠠᠷ ︽ᠭᠠᠳᠠᠷ ᠰᠢᠷᠬ᠎ᠠ ᠳᠤ ᠭᠤᠷᠪᠠᠳᠠᠭᠢ ᠡᠲᠡᠭᠡᠳ ᠤᠨ ᠬᠠᠷᠢᠭᠤᠴᠠᠯᠭ᠎ᠠ ᠪᠠᠶᠢᠬᠤ ᠦᠭᠡᠢ ᠠᠮᠠᠯᠠᠯᠲᠠ ᠶᠢᠨ ᠪᠢᠴᠢᠭ︾᠎ ᠢ ᠲᠠᠭᠯᠠᠭᠰᠠᠨ ᠡᠮᠴᠢᠯᠡᠭᠡᠨ ᠤ ᠵᠠᠷᠤᠳᠠᠯ ᠪᠣᠯ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠭᠥᠯᠢᠶᠡᠨ ᠠᠪᠴᠤ ᠡᠮᠴᠢᠯᠡᠬᠦ ᠵᠢᠴᠢ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠤ ᠪᠠᠶᠢᠳᠠᠯ ᠵᠡᠷᠭᠡ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠠᠭᠠᠳᠬᠠᠯ ᠳᠤ ᠣᠷᠣᠯᠴᠠᠭᠰᠠᠳ ᠲᠤ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠭᠦᠢᠴᠡᠳᠬᠡᠵᠦ  ᠥᠭᠭᠦᠨ᠎ᠡ᠃       ︵ᠠᠷᠪᠠᠨ ᠨᠢᠭᠡ︶ ᠬᠢᠨᠠᠯᠲᠠ ᠪᠠᠶᠢᠴᠠᠭᠠᠯᠲᠠ᠃ ᠣᠨᠳᠣᠣ ᠭᠠᠵᠠᠷ ᠲᠤ ᠡᠮᠴᠢᠯᠡᠭᠦᠯᠬᠦ ᠡᠮᠴᠢᠯᠡᠭᠡᠨ ᠤ ᠦᠢᠯᠡᠴᠢᠯᠡᠭᠡ ᠳᠤ ᠡᠮᠴᠢᠯᠡᠭᠦᠯᠦᠭᠰᠡᠨ ᠭᠠᠵᠠᠷ ᠤᠨ  ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠮᠴᠢᠯᠡᠭᠦᠯᠦᠭᠰᠡᠨ ᠭᠠᠵᠠᠷ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠡᠮ ᠡᠮᠨᠡᠯᠭᠡ ᠶᠢᠨ ᠳᠠᠭᠠᠳᠬᠠᠯ ᠤᠨ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠠᠵᠢᠯ ᠢ ᠲᠣᠰ ᠭᠠᠵᠠᠷ ᠤᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ  ᠵᠥᠪᠳᠡᠯᠴᠡᠨ ᠬᠠᠮᠢᠶᠠᠷᠬᠤ ᠬᠡᠪᠴᠢᠶᠡᠨ ᠳᠤ ᠣᠷᠣᠭᠤᠯᠵᠤ᠂ ᠵᠥᠪᠳᠡᠯᠴᠡᠭᠡᠷ ᠤᠨ ᠵᠦᠢᠯ ᠵᠤᠷᠪᠤᠰ ᠢ ᠨᠠᠷᠢᠯᠢᠭᠵᠢᠭᠤᠯᠤᠨ ᠪᠦᠷᠢᠨᠰᠢᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠡᠷᠬᠡ ᠠᠰᠢᠭ ᠢ ᠪᠠᠲᠤᠯᠠᠬᠤ ᠬᠡᠷᠡᠭᠲᠡᠢ᠃       ︵ᠠᠷᠪᠠᠨ ᠬᠤᠶᠠᠷ︶ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ᠃ ᠡᠳᠦᠷ ᠲᠤᠲᠤᠮ ᠤᠨ ᠠᠵᠢᠯ ᠤᠨ ᠬᠠᠮᠵᠢᠯᠴᠠᠭ᠎ᠠ᠂ ᠲᠣᠭᠲᠠᠭᠠᠯ ᠠᠴᠠ ᠵᠥᠷᠢᠴᠡᠭᠰᠡᠨ ᠰᠡᠵᠢᠭᠯᠡᠯᠲᠡᠢ ᠵᠠᠷᠤᠳᠠᠯ ᠤᠨ ᠬᠠᠮᠵᠢᠯᠴᠠᠭᠰᠠᠨ ᠪᠠᠶᠢᠴᠠᠭᠠᠯᠲᠠ᠂ ᠲᠠᠪᠴᠠᠩ ᠤᠨ ᠰᠠᠭᠠᠳ ᠲᠣᠳᠬᠠᠷ ᠤᠨ ᠲᠥᠷᠥᠯ ᠤᠨ ᠠᠰᠠᠭᠤᠳᠠᠯ ᠤᠨ ᠬᠠᠮᠵᠢᠯᠴᠠᠭ᠎ᠠ ᠵᠡᠷᠭᠡ ᠭᠤᠷᠪᠠᠨ ᠲᠥᠷᠥᠯ ᠤᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢᠨ ᠠᠵᠢᠯ ᠳᠤ ᠲᠣᠰ ᠲᠣᠰ ᠠᠵᠢᠯ ᠤᠨ ᠶᠠᠪᠤᠴᠠ ᠪᠠ ᠴᠠᠭ ᠤᠨ ᠬᠢᠵᠠᠭᠠᠷ ᠢ ᠲᠣᠳᠣᠷᠬᠠᠶᠢᠯᠠᠪᠠ᠃       ︵ᠠᠷᠪᠠᠨ ᠭᠤᠷᠪᠠ︶ ᠬᠡᠷᠡᠭᠵᠢᠭᠦᠯᠬᠦ ᠴᠠᠭ ᠬᠤᠭᠤᠴᠠᠭ᠎ᠠ᠃ ︽ᠬᠡᠷᠡᠭᠵᠢᠭᠦᠯᠬᠦ ᠨᠠᠷᠢᠨ ᠳᠦᠷᠢᠮ︾᠎ ᠢ 2023 ᠣᠨ ᠤ 1 ᠳ᠋ᠦ᠋ᠭᠡᠷ ᠰᠠᠷ᠎ᠠ ᠶᠢᠨ 1᠎ ᠤ  ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠲᠣᠰ ᠨᠠᠷᠢᠨ ᠳᠦᠷᠢᠮ ᠲᠠᠢ ᠨᠡᠶᠢᠴᠡᠬᠦ ᠦᠭᠡᠢ ᠪᠦᠬᠦᠨ ᠢ ᠲᠣᠰ ᠨᠠᠷᠢᠨ ᠳᠦᠷᠢᠮ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠠᠴᠠ ᠠᠰᠲᠠᠭᠠᠨ ᠰᠢᠨ᠎ᠡ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号