︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ︾ ᠶᠢ ᠲᠦᠷᠭᠡᠳᠬᠡᠨ ᠠᠬᠢᠭᠤᠯᠵᠤ᠂ | ᠠᠵᠤ ᠠᠬᠤᠶᠢᠯᠠᠯ ᠪᠠ ᠣᠯᠠᠨ ᠲᠦᠮᠡᠨ ᠤ ᠣᠨᠳᠣᠣ ᠭᠠᠵᠠᠷ ᠲᠤ ᠠᠵᠢᠯ ᠶᠠᠪᠤᠳᠠᠯ ᠭᠦᠢᠴᠡᠳᠬᠡᠬᠦ ᠳᠤ ᠬᠦᠴᠢᠷ ᠪᠠᠶᠢᠬᠤ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ 8 ᠳ᠋ᠤᠭᠠᠷ ᠰᠠᠷ᠎ᠠ ᠶᠢᠨ 1 ᠤ ᠡᠳᠦᠷ᠂ ᠡᠵᠡᠨ᠎ᠡ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ 4 ᠮᠤᠵᠢ ᠶᠢᠨ 18 ᠬᠤᠲᠠ ᠰᠢᠶᠠᠨ | ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠬᠤᠲᠠ ᠠᠯᠤᠰᠯᠠᠨ ᠨᠡᠶᠢᠳᠡᠮ | ᠬᠦᠢᠴᠡᠳᠭᠡᠬᠦ︾ ᠶᠠᠪᠤᠳᠠᠯ ᠤᠨ ᠲᠤᠬᠠᠢ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠬᠤ ᠶᠣᠰᠣᠯᠠᠯ ᠳᠤ | ᠣᠷᠣᠯᠴᠠᠪᠠ᠃ | ᠣᠶᠢᠯᠠᠭᠠᠭᠰᠠᠨ ᠢᠶᠠᠷ᠂ ᠲᠣᠰ ᠤᠳᠠᠭ᠎ᠠ ︽ᠣᠷᠣᠨ ᠪᠦᠰᠡ ᠠᠯᠤᠰᠯᠠᠭᠰᠠᠨ ᠨᠡᠶᠢᠳᠡᠮ ᠬᠦᠢᠴᠡᠳᠭᠡᠬᠦ︾ | ᠰᠦᠯᠵᠢᠶᠠᠨ ᠬᠤᠯᠪᠤᠭᠠᠯᠠᠯ ᠳᠤ ᠥᠪᠥᠷ ᠮᠣᠩᠭᠤᠯ᠂ ᠨᠢᠩᠰᠢᠶᠠ᠂ ᠱᠠᠨᠳᠦ᠋ᠩ᠂ ᠬᠤᠪᠧᠢ ᠵᠡᠷᠭᠡ ᠳᠥᠷᠪᠡᠨ ᠮᠤᠵᠢ | ᠣᠷᠣᠨ ᠤ ᠠᠷᠪᠠᠨ ᠨᠠᠢᠮᠠᠨ ᠬᠤᠲᠠ ᠰᠢᠶᠠᠨ ᠬᠤᠰᠢᠭᠤ ᠲᠣᠭᠤᠷᠢᠭ ᠭᠠᠷ ᠤᠨ ᠥᠰᠥᠭ ᠵᠢᠷᠣᠪᠠ᠃ ︽ᠣᠷᠣᠨ ᠪᠦᠰᠡ | ᠠᠯᠤᠰᠯᠠᠨ ᠨᠡᠶᠢᠲᠡᠮ ᠬᠦᠢᠴᠡᠳᠭᠡᠬᠦ ᠴᠣᠩᠬᠤᠪᠴᠢ︾ ᠳᠤ ᠲᠦᠰᠢᠭᠯᠡᠨ ᠬᠤᠯᠪᠤᠭᠠᠯᠠᠯ ᠤᠨ ᠳᠣᠲᠣᠷᠠᠬᠢ ᠱᠠᠨᠰᠢ᠂ | ᠭᠠᠨᠰᠤ᠂ ᠾᠧᠨᠠᠨ ᠵᠡᠷᠭᠡ 20 ᠭᠠᠷᠤᠢ ᠮᠤᠵᠢ ᠬᠤᠲᠠ ᠶᠢᠨ 500 ᠭᠠᠷᠤᠢ ᠬᠤᠰᠢᠭᠤ ᠰᠢᠶᠠᠨ ᠲᠣᠭᠤᠷᠢᠭ ᠯᠤᠭ᠎ᠠ | ᠬᠠᠮᠳᠤᠷᠠᠯᠴᠠᠭ᠎ᠠ ᠰᠤᠯᠢᠯᠴᠠᠭ᠎ᠠ ᠶᠢ ᠪᠠᠶᠢᠭᠤᠯᠵᠤ᠂ ᠣᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ | ᠺᠢᠯᠣᠮᠧᠲᠷ︾ ᠢ ᠨᠠᠪᠲᠠᠷᠡᠭᠦᠯᠵᠦ᠂ ᠣᠷᠣᠨ ᠪᠦᠰᠡ ᠶᠢᠨ ᠬᠠᠷᠰᠢᠯᠠᠯ ᠪᠠ ᠰᠠᠯᠠᠭ᠎ᠠ ᠮᠥᠴᠢᠷ ᠤᠨ ᠪᠠᠬᠢᠯᠡᠯᠲᠡ ᠶᠢ | ᠡᠪᠳᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠣᠷᠣᠨ ᠪᠦᠰᠡ ᠶᠢᠨ | ᠬᠢᠵᠠᠭᠠᠷᠯᠠᠯ ᠳᠤ ᠬᠢᠵᠠᠭᠠᠷᠯᠠᠭᠳᠠᠬᠤ ᠦᠭᠡᠢ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠳᠤ ᠨᠥᠯᠥᠭᠡᠯᠡᠭᠳᠡᠬᠦ | ᠦᠭᠡᠢ ᠪᠣᠯᠭᠠᠭᠰᠠᠨ ᠪᠠᠶᠢᠨ᠎ᠠ᠃ ᠭᠡᠷ᠎ᠡ ᠲᠣᠭᠲᠠᠭᠰᠠᠨ ᠪᠦᠷᠢᠯᠳᠦᠭᠦᠨ ᠨᠦᠭᠦᠳ ᠬᠤᠭᠤᠷᠣᠨᠳᠤ ᠪᠠᠨ ︽ᠰᠦᠯᠵᠢᠶᠡᠨ | ᠳᠡᠭᠡᠷ᠎ᠡ ᠠᠭᠤᠯᠵᠠᠬᠤ᠂ ᠠᠯᠤᠰ ᠠᠴᠠ ᠭᠥᠯᠢᠶᠡᠨ ᠠᠪᠴᠤ ᠰᠢᠢᠳᠪᠦᠷᠢᠯᠡᠬᠦ᠂ ᠣᠨᠳᠣᠣ ᠭᠠᠵᠠᠷ ᠲᠤ ᠭᠦᠢᠴᠡᠳᠬᠡᠬᠦ᠂ | ᠰᠢᠤᠳᠠᠨ ᠢᠶᠠᠷ ᠬᠦᠷᠭᠡᠬᠦ︾ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ | ᠦᠢᠯᠡᠴᠢᠯᠡᠬᠦ ᠪᠠᠷ ᠲᠠᠮᠵᠢᠨ᠂ ᠬᠤᠯᠪᠤᠭᠠᠯᠠᠯ ᠤᠨ ᠪᠦᠷᠢᠯᠳᠦᠭᠦᠨ ᠨᠦᠭᠦᠳ ᠤᠨ ᠬᠤᠭᠤᠷᠣᠨᠳᠣᠬᠢ ᠣᠷᠣᠨ ᠪᠦᠰᠡ | ᠠᠯᠤᠰᠯᠠᠭᠰᠠᠨ ᠲᠤᠬᠠᠶᠢᠯᠠᠭᠰᠠᠨ ᠠᠵᠢᠯ ᠤᠨ ᠭᠦᠢᠴᠡᠳᠬᠡᠯ ᠢ ᠵᠣᠯᠭᠠᠯᠴᠠᠭᠤᠯᠬᠤ ᠶᠢ ᠪᠡᠶᠡᠯᠡᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠢ ᠳᠠᠬᠢᠨ ᠰᠢᠯᠢᠳᠡᠭᠵᠢᠭᠦᠯᠵᠦ ᠳᠠᠬᠢᠨ ᠳᠡᠭᠡᠭᠰᠢᠯᠡᠭᠦᠯᠬᠦ ᠶᠢ ᠬᠦᠴᠦᠲᠡᠢ | ᠠᠬᠢᠭᠤᠯᠤᠭᠰᠠᠨ ᠪᠠᠶᠢᠨ᠎ᠠ᠃ | | | |