8 ᠰᠠᠷ᠎ᠠ ᠶᠢᠨ 2 ᠤ ᠡᠳᠦᠷ᠂ ᠬᠤᠰᠢᠭᠤᠨ ᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ | ᠠᠮᠢᠳᠤᠷᠠᠯ ᠤᠨ ᠪᠠᠳᠤᠯᠭᠠᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠤᠳᠤᠷᠢᠳᠬᠤ ᠳᠤᠭᠤᠶᠢᠯᠠᠩ ᠠᠴᠠ | ᠭᠤᠣᠯᠯᠠᠨ ᠡᠷᠭᠢᠯᠡᠵᠦ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠲᠠᠯᠠᠶᠢᠬᠦ᠋ᠪ ᠪᠠᠯᠭᠠᠰᠤᠨ ᠤ | ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠠᠴᠠ ᠳᠠᠭᠠᠭᠠᠴᠢᠯᠠᠨ ᠡᠷᠭᠢᠯᠡᠭᠰᠡᠨ ᠡᠵᠡᠨ᠎ᠡ ᠬᠤᠰᠢᠭᠤᠨ ᠤ | ᠨᠡᠶᠢᠭᠡᠮ ᠤᠨ ᠠᠪᠤᠷᠠᠨ ᠲᠤᠰᠠᠯᠠᠬᠤ ᠬᠦᠷᠢᠶᠡᠨ ᠤ ︽ᠴᠢᠳᠠᠪᠤᠷᠢᠲᠠᠨ ᠢ ᠳᠡᠭᠡᠭᠰᠢᠯᠡᠭᠦᠯᠦᠨ᠂ ᠰᠢᠯᠢᠳᠡᠭ ᠪᠣᠯᠬᠤ ᠪᠠᠷ | ᠴᠢᠷᠮᠠᠶᠢᠵᠤ᠂ ᠦᠨᠡᠨ ᠪᠣᠳᠠᠲᠠᠢ ᠪᠠᠷ ᠠᠵᠢᠯᠯᠠᠵᠤ᠂ ᠠᠷᠠᠳ ᠲᠤ ᠠᠰᠢᠭ ᠬᠦᠷᠲᠡᠭᠡᠬᠦ︾ ᠠᠵᠢᠯᠯᠠᠭ᠎ᠠ ᠵᠢᠴᠢ ︽ᠪᠢ | ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ | ᠴᠡᠷᠢᠭ ᠢᠶᠠᠨ ᠬᠦᠷᠢᠶᠡᠯᠡᠬᠦ ᠲᠠᠯᠠᠪᠠᠶ ᠳᠤ ᠶᠠᠪᠤᠭᠳᠠᠵᠤ᠂ ᠬᠤᠰᠢᠭᠤᠨ ᠤ ᠳᠡᠳ᠋ ᠳᠠᠷᠤᠭ᠎ᠠ ᠮᠦᠷᠡᠨ ᠠᠵᠢᠯᠯᠠᠭ᠎ᠠ ᠳᠤ | ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ | ᠠᠵᠢᠯᠯᠠᠭ᠎ᠠ ᠨᠢ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ | ᠳᠠᠮᠵᠢᠭᠤᠯᠤᠨ᠂ ᠦᠷᠭᠡᠨ ᠤᠯᠠᠨ ᠰᠠᠭᠤᠭᠠᠯᠢ ᠠᠷᠠᠳ ᠤᠳ ᠲᠤ ᠨᠡᠶᠢᠭᠡᠮ ᠤᠨ ᠠᠪᠤᠷᠠᠨ ᠲᠤᠰᠠᠯᠠᠬᠤ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ︽ᠲᠦᠸᠧ ᠰᠢᠶᠠᠩ ᠠᠪᠤᠷᠠᠨ ᠲᠤᠰᠠᠯᠠᠬᠤ︾ | ᠲᠠᠪᠴᠠᠩ ᠢ ᠢᠳᠡᠪᠬᠢᠲᠡᠢ ᠳᠡᠯᠭᠡᠷᠡᠭᠦᠯᠦᠨ ᠬᠡᠷᠡᠭᠯᠡᠬᠦ ᠶᠢ ᠤᠬᠠᠭᠤᠯᠤᠨ᠂ ᠰᠠᠭᠤᠭᠠᠯᠢ ᠠᠷᠠᠳ ᠲᠤ ᠡᠯ᠎ᠡ ᠵᠦᠢᠯ ᠤᠨ | ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠨᠡᠶᠢᠭᠡᠮ ᠤᠨ ᠠᠪᠤᠷᠠᠨ | ᠲᠤᠰᠠᠯᠠᠯᠲᠠ ᠶᠢᠨ ᠠᠷᠠᠳ ᠲᠤ ᠲᠥᠬᠦᠮ ᠦᠵᠡᠭᠦᠯᠬᠦ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠲᠡᠭᠡᠭᠰᠢᠯᠡᠬᠦᠯᠪᠡ᠃ | ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠭᠠᠷ ᠳᠡᠪᠲᠡᠷ ᠢ ᠨᠡᠶᠢᠲᠡ 300 ᠭᠠᠷᠤᠢ | ᠬᠤᠪᠢ ᠲᠠᠷᠬᠠᠭᠠᠵᠤ᠂ 200 ᠬᠥᠮᠥᠨ ᠤᠳᠠᠭ᠎ᠠ ᠶᠢᠨ ᠠᠰᠠᠭᠤᠨ ᠯᠠᠪᠯᠠᠯᠲᠠ ᠶᠢ ᠭᠥᠯᠢᠶᠡᠨ ᠠᠪᠤᠭᠰᠠᠨ ᠪᠥᠭᠡᠳ 95 | ᠲᠤᠤᠷ᠎ᠠ ᠪᠠᠳᠤᠯᠭᠠᠳᠤ ᠡᠷᠦᠬᠡ᠂ ᠲᠤᠤᠷ᠎ᠠ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠡᠷᠦᠬᠡ᠂ ᠣᠨᠴᠠ ᠬᠦᠴᠢᠷᠳᠡᠯᠲᠡᠢ | ᠠᠰᠠᠷᠠᠨ ᠳᠡᠳᠬᠦᠬᠦ ᠬᠥᠮᠥᠰ ᠲᠤ ᠦᠢᠯᠡᠴᠢᠯᠡᠭᠡᠨ ᠤ ᠲᠥᠷᠥᠯ ᠤᠨ ᠠᠪᠤᠷᠠᠨ ᠲᠤᠰᠠᠯᠠᠬᠤ ᠡᠳ᠋ ᠪᠣᠳᠠᠰ ᠢ ᠲᠦᠭᠡᠭᠡᠭᠰᠡᠨ | ᠪᠠᠶᠢᠨ᠎ᠠ᠃ | |