ᠣᠶᠢᠷ᠎ᠠ ᠶᠢᠨ ᠡᠳᠦᠷ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠳᠠᠯᠠᠶᠢᠬᠦᠪ ᠪᠠᠯᠭᠠᠰᠤᠨ ᠤ ᠭᠤᠣᠯ ᠵᠠᠮ ᠤᠨ ᠬᠤᠲᠣᠭᠤᠷ ᠭᠥᠳᠥᠭᠦᠷ ᠭᠠᠵᠠᠷ᠂ | ᠬᠠᠭᠤᠴᠢᠷᠠᠵᠤ ᠮᠠᠭᠤᠳᠠᠭᠰᠠᠨ ᠲᠤᠨᠤᠭ ᠲᠥᠭᠦᠭᠡᠷᠤᠮᠵᠢ ᠪᠠ ᠰᠠᠭᠤᠭᠠᠯᠢ ᠠᠷᠠᠳ ᠤᠨ ᠲᠤᠭᠤᠷᠢᠭ ᠤᠨ ᠬᠥᠷᠢᠶᠡᠨ ᠤ | ᠲᠤᠳᠤᠨ᠎ᠠ ᠭᠠᠳᠠᠨᠠᠬᠢ ᠬᠡᠷᠡᠮ ᠵᠢᠴᠢ ᠣᠯᠠᠨ ᠨᠡᠶᠢᠲᠡ ᠶᠢᠨ ᠲᠠᠯᠠᠪᠤᠷ ᠤᠨ ᠬᠠᠳᠠᠷᠠᠭᠤᠯᠤᠯᠳᠠ ᠶᠢᠨ ᠡᠪᠳᠡᠷᠡᠵᠤ | ᠬᠠᠭᠤᠴᠢᠷᠠᠭᠰᠠᠨ ᠬᠡᠰᠡᠭ ᠢ ᠵᠠᠰᠠᠨ ᠰᠡᠯᠪᠢᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠲᠥᠭᠦᠮ ᠥᠵᠡᠭᠦᠯᠵᠤ᠂ | ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠬᠦᠴᠦᠨ ᠨᠡᠮᠡᠷᠢᠯᠡᠪᠡ᠃ | ᠣᠶᠢᠯᠠᠭᠠᠭᠰᠠᠨ ᠢᠶᠠᠷ᠂ ᠣᠳᠣᠬᠠᠨ ᠳᠤ ᠹᠧᠩ ᠵᠢᠩ ᠵᠢᠶᠠ ᠶᠤᠸᠠᠨ᠂ ᠵᠧᠨ ᠹᠠ ᠰᠠᠭᠤᠭᠠᠯᠢ ᠠᠷᠠᠳ ᠤᠨ | ᠲᠣᠭᠤᠷᠢᠭ᠂ ᠸᠧᠨ ᠾᠧ ᠰᠠᠭᠤᠭᠠᠯᠢ ᠠᠷᠠᠳ ᠤᠨ ᠲᠣᠭᠤᠷᠢᠭ ᠵᠡᠷᠭᠡ 7 ᠰᠠᠭᠤᠭᠠᠯᠢ ᠠᠷᠠᠳ ᠤᠨ ᠲᠣᠭᠤᠷᠢᠭ ᠤᠨ | ᠣᠯᠠᠨ ᠨᠡᠶᠢᠲᠡ ᠶᠢᠨ ᠲᠥᠬᠦᠭᠡᠷᠦᠮᠵᠢ ᠶᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠪᠠ ᠣᠷᠣᠨ ᠰᠠᠭᠤᠴᠠ ᠶᠢᠨ | ᠠᠰᠠᠷ ᠤᠨ ᠭᠠᠳᠠᠷ ᠲᠠᠯ᠎ᠠ ᠶᠢ ᠰᠡᠯᠪᠢᠨ ᠵᠠᠰᠠᠬᠤ ᠵᠢᠴᠢ ᠬᠦᠷᠢᠶᠡᠯᠡᠨ ᠬᠤᠷᠢᠶ᠎ᠠ ᠪᠠᠷᠢᠬᠤ ᠢᠨᠵᠧᠨᠧᠷᠢᠩ ᠢ | ᠦᠨᠳᠦᠰᠦᠨ ᠳᠡᠭᠡᠨ ᠳᠠᠭᠤᠰᠬᠠᠪᠠ᠃ ᠣᠲᠣ ᠪᠣᠯᠲᠠᠯ᠎ᠠ᠂ ᠨᠢᠭᠡᠨᠲᠡ 215 ᠵᠦᠢᠯ ᠤᠨ ᠠᠰᠠᠭᠤᠳᠠᠯ ᠢ | ᠰᠡᠶᠢᠳᠪᠥᠷᠢᠯᠡᠵᠤ᠂ ᠪᠠᠯᠭᠠᠰᠤᠨ ᠤ ᠭᠤᠣᠯ ᠳᠡᠳ᠋ ᠵᠠᠮ᠂ ᠵᠡᠭᠡᠯᠢ ᠭᠤᠳᠤᠮᠵᠢ ᠵᠢᠴᠢ ᠬᠡᠰᠡᠭ ᠰᠠᠭᠤᠭᠠᠯᠢ ᠠᠷᠠᠳ ᠤᠨ | ᠲᠣᠭᠤᠷᠢᠭ ᠤᠨ ᠬᠠᠲᠠᠭᠤᠷᠠᠯᠲᠠ ᠶᠢᠨ ᠭᠠᠵᠠᠷ ᠢ ᠰᠡᠯᠪᠡᠨ ᠵᠠᠰᠠᠬᠤ ᠵᠡᠷᠭᠡ 26 ᠠᠰᠠᠭᠤᠳᠠᠯ ᠢ ᠶᠠᠭ ᠡᠮᠬᠢ | ᠵᠢᠷᠤᠮ ᠲᠠᠢ ᠪᠠᠷ ᠵᠠᠰᠠᠨ ᠰᠠᠶᠢᠵᠢᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 89% ᠳᠤ | ᠬᠦᠷᠦᠭᠰᠡᠨ ᠪᠠᠶᠢᠨ᠎ᠠ᠃ | ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠪᠠᠰᠠ ᠵᠠᠷᠢᠮ ᠪᠥᠲᠥᠭᠡᠨ ᠪᠠᠶᠢᠭᠤᠯᠤᠯᠲᠠ ᠶᠢᠨ ᠲᠤᠮᠳᠠ ᠪᠠᠶᠢᠭ᠎ᠠ ᠭᠠᠵᠠᠷ ᠢ ᠬᠦᠷᠢᠶᠡᠯᠡᠨ ᠬᠠᠰᠢᠵᠤ᠂ ᠡᠪᠳᠡᠷᠡᠵᠦ | ᠬᠠᠭᠤᠴᠢᠷᠠᠭᠰᠠᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠰᠢᠨᠡᠳᠬᠡᠨ ᠰᠣᠯᠢᠵᠤ᠂ ᠬᠤᠲᠠ ᠶᠢᠨ ᠳᠦᠷᠢ | ᠲᠥᠷᠬᠦ ᠶᠢ ᠲᠡᠭᠡᠭᠰᠢᠯᠡᠬᠦᠯᠵᠤ᠂ ᠥᠷᠭᠡᠨ ᠣᠯᠠᠨ ᠰᠠᠭᠤᠭᠠᠯᠢ ᠠᠷᠠᠳ ᠲᠤ ᠪᠣᠯᠪᠠᠰᠤᠨ ᠬᠤᠲᠠ ᠶᠢ ᠡᠭᠦᠳᠦᠨ | ᠪᠠᠶᠢᠭᠤᠯᠤᠭᠰᠠᠨ ᠬᠤᠪᠢᠷᠠᠯᠲᠠ ᠪᠠ ᠦᠷ᠎ᠡ ᠪᠦᠲᠦᠭᠡᠯ ᠢ ᠦᠨᠡᠨ ᠬᠦ ᠮᠡᠳᠡᠷᠡᠭᠦᠯᠪᠡ᠃ | |