︽ᠣᠷᠣᠨ ᠨᠤᠲᠤᠭ ᠤᠨ ᠰᠤᠷᠤᠯᠭ᠎ᠠ ᠶᠢᠨ ᠳᠡᠳᠭᠦᠮᠵᠢ ᠶᠢᠨ ᠢᠳᠡᠭᠡᠮᠵᠢᠳᠤ ᠵᠢᠭᠡᠯᠡᠯᠭᠡ︾᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/1
ᠨᠢᠭᠡ᠂ ᠶᠠᠭᠤ ᠶᠢ ᠣᠷᠣᠨ ᠨᠤᠲᠤᠭ ᠤᠨ ᠰᠤᠷᠤᠯᠭ᠎ᠠ ᠶᠢᠨ ᠳᠡᠳᠭᠦᠮᠵᠢ ᠶᠢᠨ ᠢᠳᠡᠭᠡᠮᠵᠢᠳᠤ ᠵᠢᠭᠡᠯᠡᠯᠭᠡ ᠭᠡᠬᠦ ᠪᠣᠢ︖      ᠣᠷᠣᠨ ᠨᠤᠲᠤᠭ ᠤᠨ ᠰᠤᠷᠤᠯᠭ᠎ᠠ ᠶᠢᠨ ᠳᠡᠳᠭᠦᠮᠵᠢ ᠶᠢᠨ ᠢᠳᠡᠭᠡᠮᠵᠢᠳᠤ ᠵᠢᠭᠡᠯᠡᠯᠭᠡ ᠪᠣᠯ ᠤᠯᠤᠰ ᠤᠨ ᠨᠡᠭᠡᠭᠡᠨ ᠬᠦᠭᠵᠢᠬᠦᠯᠦᠯᠲᠡ ᠶᠢᠨ ᠪᠠᠩᠬᠢ ᠵᠡᠷᠭᠡ ᠮᠥᠩᠬᠦᠨ ᠭᠦᠢᠯᠭᠡᠭᠡᠨ ᠤ ᠪᠠᠶᠢᠭᠤᠯᠤᠮᠵᠢ ᠠᠴᠠ ᠨᠥᠬᠦᠴᠡᠯ ᠳᠤ ᠨᠡᠶᠢᠴᠡᠭᠰᠡᠨ ᠭᠡᠷ ᠤᠨ ᠠᠮᠢᠳᠤᠷᠠᠯ ᠨᠢ ᠬᠦᠴᠢᠷᠳᠡᠯᠳᠡᠢ ᠰᠤᠷᠤᠭᠴᠢᠳ ︵ᠪᠡᠯᠡᠳᠭᠡᠯ ᠠᠩᠭᠢ ᠶᠢᠨ ᠰᠤᠷᠤᠭᠴᠢ ᠪᠠᠭᠲᠠᠨ᠎ᠠ︶᠎ ᠲᠤ ᠵᠢᠭᠡᠯᠡᠬᠦᠯᠬᠦ ᠢᠲᠡᠭᠡᠮᠵᠢ ᠶᠢᠨ ᠵᠢᠭᠡᠯᠡᠯᠭᠡ ᠪᠠᠶᠢᠵᠤ᠂ ᠰᠤᠷᠤᠭᠴᠢ ᠶᠢᠨ ᠰᠤᠷᠭᠠᠭᠤᠯᠢ ᠳᠤ ᠣᠷᠣᠬᠤ ᠠᠴᠠ ᠡᠮᠦᠨᠡᠬᠢ ᠡᠷᠦᠬᠡ ᠠᠮᠠ ᠶᠢᠨ ᠳᠠᠩᠰᠠ ᠪᠠᠶᠢᠭ᠎ᠠ ᠰᠢᠶᠡᠨ ︵ᠬᠤᠲᠠ᠂ ᠲᠤᠭᠤᠷᠢᠭ︶᠎ ᠳᠤ ᠬᠦᠢᠴᠡᠳᠭᠡᠭᠰᠡᠨ ᠰᠤᠷᠤᠯᠭ᠎ᠠ ᠶᠢᠨ ᠳᠡᠳᠭᠦᠮᠵᠢ ᠶᠢᠨ ᠵᠢᠭᠡᠯᠡᠯᠭᠡ ᠶᠢ ᠵᠢᠭᠠᠵᠤ ᠪᠠᠶᠢᠨ᠎ᠠ᠃ ᠣᠷᠣᠨ ᠨᠤᠲᠤᠭ ᠤᠨ ᠰᠤᠷᠤᠯᠭ᠎ᠠ ᠶᠢᠨ ᠳᠡᠳᠭᠦᠮᠵᠢ ᠶᠢᠨ ᠵᠢᠭᠡᠯᠡᠯᠭᠡ ᠪᠣᠯ ᠢᠳᠡᠭᠡᠮᠵᠢᠳᠤ ᠵᠢᠭᠡᠯᠡᠯᠭᠡ ᠪᠣᠯᠣᠨ᠎ᠠ᠂ ᠰᠤᠷᠤᠭᠴᠢ ᠪᠣᠯᠣᠨ ᠰᠤᠷᠤᠭᠴᠢᠳ ᠤᠨ ᠭᠡᠷ ᠤᠨ ᠠᠬᠠᠮᠠᠳ       ︵ᠡᠰᠡᠭᠦᠯ᠎ᠡ ᠪᠤᠰᠤᠳ ᠬᠠᠤᠯᠢ ᠳᠤ ᠲᠤᠭᠳᠠᠭᠠᠭᠰᠠᠨ ᠬᠠᠷᠠᠭᠠᠯᠵᠠᠨ ᠬᠠᠮᠠᠭᠠᠯᠠᠭᠴᠢ︶ ᠬᠠᠮᠲᠤ ᠪᠠᠷ ᠵᠤᠭᠤᠰ ᠵᠢᠭᠡᠯᠡᠬᠦ ᠡᠳᠡᠭᠡᠳ ᠪᠣᠯᠵᠤ ᠵᠢᠭᠡᠯᠡᠯᠭᠡ ᠶᠢ ᠪᠤᠴᠠᠭᠠᠬᠤ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠨ᠎ᠡ᠃ ᠬᠤᠶᠠᠷ᠂ ᠵᠢᠭᠡᠯᠡᠯᠭᠡ ᠲᠠᠯᠪᠢᠬᠤ ᠵᠤᠭᠤᠰᠤᠨ ᠤ ᠲᠤᠭ᠎ᠠ ᠵᠢᠴᠢ ᠬᠡᠷᠡᠭᠴᠡᠭᠡ      ᠪᠦᠬᠦᠯᠢ ᠡᠳᠦᠷ ᠤᠨ ᠳᠦᠷᠢᠮᠳᠤ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢ       ︵  ᠪᠡᠯᠡᠳᠭᠡᠯ ᠠᠩᠭᠢ᠂ ᠥᠨᠳᠥᠷ ᠵᠡᠷᠭᠡ ᠶᠢᠨ ᠠᠵᠢᠯ ᠮᠡᠷᠭᠡᠵᠢᠯ ᠤᠨ ᠠᠩᠭᠢ᠂ ᠬᠤᠶᠠᠳᠤᠭᠠᠷ ᠡᠷᠳᠡᠮ ᠤᠨ ᠴᠣᠯᠠ︶ ᠪᠥᠷᠢ ᠵᠢᠯ ᠳᠤ ᠭᠤᠶᠤᠴᠢᠯᠠᠵᠤ ᠪᠣᠯᠬᠤ ᠵᠢᠭᠡᠯᠡᠯᠭᠡ ᠶᠢᠨ ᠵᠣᠭᠤᠰᠤᠨ ᠤ ᠲᠤᠭ᠎ᠠ ᠨᠢ1000 —12000       ᠲᠥᠬᠦᠷᠢᠭ᠃ ᠪᠥᠬᠦᠯᠢ ᠡᠳᠦᠷ ᠤᠨ ᠳᠦᠷᠢᠮᠳᠤ ᠠᠰᠫᠢᠷᠠᠨᠲ ᠰᠤᠷᠤᠭᠴᠢ ︵ᠮᠠᠰᠲ᠋ᠧᠷ᠂ ᠳ᠋ᠣᠺᠲ᠋ᠣᠷ ᠪᠠᠭᠲᠠᠨ᠎ᠠ︶ ᠪᠥᠷᠢ ᠵᠢᠯ ᠳᠤ ᠭᠤᠶᠤᠴᠢᠯᠠᠵᠤ ᠪᠣᠯᠬᠤ ᠵᠢᠭᠡᠯᠡᠯᠭᠡ ᠶᠢᠨ ᠵᠣᠭᠤᠰᠤᠨ ᠤ ᠲᠤᠭ᠎ᠠ ᠨᠢ 1000—16000 ᠲᠥᠬᠦᠷᠢᠭ᠃ ᠰᠣᠷᠣᠭᠴᠢᠳ ᠤᠨ ᠭᠤᠶᠤᠴᠢᠯᠠᠭᠰᠠᠨ ᠤᠯᠤᠰ ᠤᠨ ᠰᠤᠷᠤᠯᠭ᠎ᠠ ᠶᠢᠨ ᠳᠡᠳᠭᠦᠮᠵᠢ ᠶᠢᠨ ᠵᠢᠭᠡᠯᠡᠯᠭᠡ ᠶᠢᠨ ᠮᠥᠩᠬᠦ ᠶᠢ ᠰᠤᠷᠭᠠᠭᠤᠯᠢ ᠳᠤ ᠪᠠᠶᠢᠬᠤ ᠬᠤᠭᠤᠴᠭᠠᠠᠨ ᠳᠠᠬᠢ ᠰᠤᠷᠤᠯᠭ᠎ᠠ ᠶᠢᠨ ᠰᠦᠢᠳᠭᠡᠯ ᠪᠠ ᠪᠠᠶᠢᠷᠢ ᠶᠢᠨ ᠰᠦᠢᠳᠭᠡᠯ ᠳᠤ ᠵᠠᠷᠤᠴᠠᠭᠤᠯᠵᠤ᠂ ᠢᠯᠡᠭᠦᠣ ᠭᠠᠷᠤᠭᠰᠠᠨ ᠢ ᠨᠢ ᠡᠳᠦᠷ ᠳᠤᠳᠤᠮ ᠤᠨ ᠠᠮᠢᠳᠤᠷᠠᠯ ᠤᠨ ᠰᠦᠢᠳᠭᠡᠯ ᠢ ᠨᠥᠬᠦᠪᠦᠷᠢᠯᠡᠬᠦ ᠳᠤ ᠬᠡᠷᠡᠭᠯᠡᠵᠦ ᠪᠣᠯᠣᠨ᠎ᠠ ᠃ ᠰᠣᠷᠣᠭᠴᠢᠳ ᠭᠡᠷ ᠤᠨ ᠠᠮᠢᠳᠤᠷᠠᠯ ᠤᠨ ᠪᠠᠶᠢᠳᠠᠯ ᠢᠶᠠᠨ ᠦᠨᠳᠦᠰᠦᠯᠡᠨ ᠵᠢᠭᠡᠯᠡᠯᠭᠡ ᠲᠠᠯᠪᠢᠬᠤ ᠵᠤᠭᠤᠰᠤᠨ ᠤ ᠲᠤᠭ᠎ᠠ ᠪᠠᠨ ᠲᠣᠭᠳᠠᠭᠠᠬᠤ ᠬᠡᠷᠡᠭᠳᠡᠢ᠃ᠭᠤᠷᠪᠠ᠂ ᠵᠢᠭᠡᠯᠡᠯᠭᠡ ᠶᠢᠨ ᠬᠤᠭᠤᠴᠠᠭ᠎ᠠ      ᠵᠢᠭᠡᠯᠡᠯᠭᠡ ᠲᠠᠯᠪᠢᠬᠤ ᠬᠠᠮᠤᠭ ᠤᠨ ᠤᠷᠳᠤ ᠬᠤᠭᠤᠴᠠᠭ᠎ᠠ᠄ ᠦᠯᠡᠳᠡᠵᠤ ᠪᠠᠶᠢᠭ᠎ᠠ ᠰᠤᠷᠭᠠᠯᠳᠠ ᠶᠢᠨ ᠵᠢᠯ +15 ᠵᠢᠯ᠂ ᠬᠠᠮᠤᠭ ᠤᠨ ᠤᠷᠲᠤ ᠳᠠᠭᠠᠨ22 ᠵᠢᠯ ᠠᠴᠠ ᠬᠡᠳᠦᠷᠡᠵᠦ ᠪᠣᠯᠬᠤ ᠦᠭᠡᠢ ᠃ ᠰᠤᠷᠭᠠᠭᠤᠯᠢ ᠳᠤ ᠦᠯᠡᠳᠡᠵᠦ ᠪᠠᠶᠢᠭ᠎ᠠ ᠬᠤᠭᠤᠴᠠᠭ᠎ᠠ +15 ᠵᠢᠯᠲᠥᠷᠪᠡ᠂ ᠬᠦᠤ ᠮᠥᠩᠬᠦ ᠶᠢᠨ ᠨᠣᠷᠮ᠎ᠠ ᠶᠢ ᠬᠡᠷᠬᠢᠨ ᠲᠣᠭᠳᠠᠭᠠᠬᠤ ᠪᠣᠢ︖      ᠳᠤᠮᠳᠠᠳᠤ ᠤᠯᠤᠰ ᠤᠨ ᠠᠷᠠᠳ ᠤᠨ ᠪᠠᠩᠬᠢ ᠠᠴᠠ ᠪᠥᠬᠦ ᠤᠯᠤᠰ ᠤᠨ ᠪᠠᠩᠬᠢ ᠶᠢᠨ ᠬᠤᠭᠤᠷᠣᠨᠳᠠᠬᠢ ᠠᠵᠢᠯ ᠨᠢᠭᠡᠲᠡᠨ ᠤ ᠲᠦᠷ ᠵᠢᠭᠡᠯᠡᠯᠭᠡ ᠶᠢᠨ ᠲᠥᠪ ᠠᠴᠠ ᠨᠡᠶᠢᠲᠡᠯᠡᠭᠰᠡᠨ ᠠᠳᠠᠯᠢ ᠬᠤᠭᠤᠴᠠᠭᠠᠨ ᠤ 5 ᠵᠢᠯ ᠠᠴᠠ ᠳᠡᠭᠡᠭᠰᠢ ᠵᠢᠭᠡᠯᠡᠯᠭᠡ ᠶᠢᠨ ᠵᠠᠬ᠎ᠠ ᠳᠡᠯᠭᠡᠬᠦᠷ ᠤᠨ ᠦᠨ᠎ᠡ ᠶᠢᠨ ᠬᠦᠤ ᠮᠥᠩᠬᠦ ᠶᠢᠨ ᠨᠣᠷᠮ᠎ᠠ LPR5Y᠎ ᠠᠴᠠ 30 ᠰᠠᠭᠤᠷᠢ ᠴᠡᠭ ᠬᠠᠰᠤᠨ᠎ᠠ᠃ ︵ᠳᠠᠷᠦᠢ LPR5Y-0.3%︶᠃  ᠵᠢᠯ ᠪᠣᠯᠭᠠᠨ ᠤ12 ᠰᠠᠷ᠎ᠠ ᠶᠢᠨ21᠎ ᠤ ᠡᠳᠦᠷ ᠤᠨ ᠬᠠᠮᠤᠭ ᠤᠨ ᠰᠢᠨ᠎ᠡ  LPR5Y᠎ ᠶᠢ ᠦᠨᠳᠦᠰᠦᠯᠡᠨ  ᠨᠢᠭᠡ ᠤᠳᠠᠭᠠᠨ ᠤ ᠲᠣᠬᠢᠷᠠᠭᠤᠯᠤᠯᠳᠠ ᠬᠢᠨ᠎ᠡ᠃ᠲᠠᠪᠤ᠂ ᠬᠡᠵᠢᠶ᠎ᠡ ᠠᠴᠠ ᠡᠬᠢᠯᠡᠵᠦ ᠵᠢᠭᠡᠯᠡᠯᠭᠡ ᠪᠠᠨ ᠪᠤᠴᠠᠭᠠᠵᠤ᠂ ᠵᠢᠭᠡᠯᠡᠯᠭᠡ ᠶᠢᠨ ᠡᠬᠡ ᠮᠥᠩᠬᠦ ᠶᠢ ᠪᠤᠴᠠᠭᠠᠬᠤ ᠶᠢ ᠤᠷᠳᠣᠳᠬᠠᠬᠤ ᠬᠤᠭᠤᠴᠠᠭ᠎ᠠ ᠨᠢ ᠬᠡᠳᠦᠢ ᠪᠣᠢ︖      ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠬᠦᠤ ᠮᠥᠩᠬᠦ ᠶᠢ ᠴᠥᠮ ᠡᠳ᠋ ᠤᠨ ᠵᠠᠰᠠᠭ ᠠᠴᠠ ᠨᠥᠬᠦᠪᠦᠷᠢᠯᠡᠨ᠎ᠡ ᠃      ᠰᠤᠷᠭᠠᠭᠤᠯᠢ ᠲᠡᠭᠦᠰᠦᠭᠡᠳ ᠦᠷᠬᠦᠯᠵᠢᠯᠡᠨ ᠡᠷᠳᠡᠮ ᠤᠨ ᠴᠣᠯᠠ ᠬᠠᠮᠠᠭᠠᠯᠠᠬᠤ ᠰᠤᠷᠤᠯᠴᠠᠯᠭ᠎ᠠ ᠶᠢ ᠰᠤᠷᠤᠯᠴᠠᠬᠤ ᠦᠭᠡᠢ ᠪᠣᠯ ᠰᠤᠷᠭᠠᠭᠤᠯᠢ ᠲᠡᠭᠦᠰᠦᠭᠰᠡᠨ ᠲᠡᠷᠡ ᠵᠢᠯ ᠠᠴᠠ ᠡᠬᠢᠯᠡᠨ ᠬᠦᠤ ᠮᠥᠩᠬᠦ ᠶᠢ ᠥᠪᠡᠰᠤᠪᠡᠨ ᠢᠶᠠᠨ       ᠪᠤᠴᠠᠭᠠᠨ᠎ᠠ᠂ 5 ᠵᠢᠯ ᠤᠨ ᠳᠣᠳᠤᠷ᠎ᠠ ᠡᠬᠡ ᠮᠥᠩᠬᠦ ᠶᠢ ᠨᠢ ᠪᠤᠴᠠᠭᠠᠬᠤ ᠶᠢ ᠬᠢᠵᠠᠭᠠᠷᠯᠠᠭᠰᠠᠨ ᠬᠤᠭᠤᠴᠠᠭᠠᠨ ᠳᠤ ᠵᠥᠪᠬᠡᠨ ᠬᠦᠤ ᠮᠥᠩᠬᠦ ᠶᠢ ᠨᠢ ᠲᠥᠯᠥᠨ᠎ᠡ᠂ ᠬᠡᠷᠪᠡ ᠰᠤᠷᠭᠠᠭᠤᠯᠢ ᠲᠡᠭᠦᠰᠦᠭᠰᠡᠨ ᠤ ᠳᠠᠷᠠᠭ᠎ᠠ ᠦᠯᠡᠳᠡᠭᠰᠡᠨ ᠵᠢᠭᠡᠯᠡᠯᠭᠡ ᠶᠢᠨ ᠬᠤᠭᠤᠴᠠᠭ᠎ᠠ ᠨᠢ 5 ᠵᠢᠯ ᠠᠴᠠ ᠪᠠᠭ᠎ᠠ ᠪᠠᠶᠢᠪᠠᠯ᠂ ︽ᠵᠢᠭᠡᠯᠡᠯᠭᠡ ᠶᠢᠨ ᠭᠡᠷ᠎ᠡ︾᠎ ᠳᠤ ᠲᠣᠭᠳᠠᠭᠠᠭᠰᠠᠨ ᠵᠤᠭᠤᠰ ᠪᠤᠴᠠᠭᠠᠬᠤ ᠲᠥᠯᠥᠪᠯᠡᠭᠡ ᠶᠣᠰᠣᠭᠠᠷ ᠲᠥᠯᠥᠨ᠎ᠡ᠃        ᠰᠤᠷᠭᠠᠭᠤᠯᠢ ᠲᠡᠭᠦᠰᠦᠭᠰᠡᠨ ᠤ ᠳᠠᠷᠠᠭ᠎ᠠ᠂ ᠵᠤᠭᠤᠰ ᠢᠶᠠᠨ ᠪᠤᠴᠠᠭᠠᠬᠤ ᠬᠤᠭᠤᠴᠠᠭᠠᠨ ᠳᠤ ᠦᠷᠬᠦᠯᠵᠢᠯᠡᠨ ᠡᠷᠳᠡᠮ ᠤᠨ ᠴᠣᠯᠠ ᠬᠠᠮᠠᠭᠠᠯᠠᠬᠤ ᠰᠤᠷᠤᠯᠴᠠᠯᠭ᠎ᠠ ᠶᠢ ᠰᠤᠷᠤᠯᠴᠠᠬᠤ ᠦᠶᠡᠰ ᠰᠤᠷᠭᠠᠭᠤᠯᠢ ᠲᠡᠭᠦᠰᠦᠭᠰᠡᠨ ᠲᠤᠰ ᠵᠢᠯ ᠤᠨ7 ᠰᠠᠷ᠎ᠠ ᠶᠢᠨ31᠎ ᠤ ᠡᠳᠦᠷ ᠠᠴᠠ ᠡᠮᠦᠨ᠎ᠡ᠂ ᠰᠢᠶᠠᠨ ᠤ ᠱᠠᠳᠣᠨ ᠤ ᠰᠣᠷᠣᠭᠴᠢ ᠶᠢ ᠡᠳ᠋ ᠮᠥᠩᠬᠦ ᠪᠠᠷ ᠳᠡᠳᠬᠦᠬᠦ ᠬᠠᠮᠢᠶᠠᠷᠤᠯᠳᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠡᠪᠰᠢᠬᠦᠯᠬᠦ ᠶᠢᠨ ᠬᠠᠮᠲᠤ ᠪᠢᠴᠢᠭ ᠤᠨ ᠭᠡᠷᠡᠴᠢ ᠬᠠᠩᠭᠠᠵᠤ᠂ ᠬᠢᠨᠠᠨ ᠵᠥᠪᠰᠢᠶᠡᠷᠡᠭᠦᠯᠦᠭᠰᠡᠨ ᠤ ᠰᠡᠭᠦᠯᠡᠷ ᠳᠠᠮ ᠬᠦᠤ ᠮᠥᠩᠬᠦ ᠪᠣᠯᠣᠨ ᠵᠣᠬᠢᠴᠠᠩᠭᠤᠢ ᠪᠥᠬᠦᠢ ᠡᠬᠡ ᠮᠥᠩᠬᠦ ᠪᠤᠴᠠᠭᠠᠬᠤ ᠬᠤᠭᠤᠴᠠᠭ᠎ᠠ ᠶᠢ ᠦᠷᠭᠦᠯᠵᠢᠯᠡᠨ ᠬᠦᠷᠳᠡᠵᠦ ᠪᠣᠯᠣᠨ᠎ᠠ᠂ ᠬᠡᠬᠦ ᠳᠡᠭᠡᠨ ᠵᠢᠭᠡᠯᠡᠯᠭᠡ ᠶᠢᠨ ᠬᠤᠭᠤᠴᠠᠭ᠎ᠠ ᠶᠢ ᠤᠷᠳᠤᠳᠬᠠᠬᠤ ᠦᠭᠡᠢ᠃ᠵᠢᠷᠭᠤᠭ᠎ᠠ᠂  ᠵᠢᠭᠡᠯᠡᠯᠭᠡ ᠶᠢᠨ ᠮᠥᠩᠬᠦ ᠶᠢ ᠭᠤᠶᠤᠴᠢᠯᠠᠬᠤ ᠰᠤᠷᠤᠭᠴᠢ  ᠶᠠᠮᠠᠷ ᠶᠠᠮᠠᠷ ᠨᠥᠬᠦᠴᠡᠯ ᠢ ᠪᠥᠷᠢᠯᠳᠦᠬᠦᠯᠬᠦ ᠪᠣᠢ︖      ᠤᠯᠤᠰ ᠤᠨ ᠬᠠᠷᠢᠶᠠᠯᠠᠯ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ ᠪᠠᠶᠢᠬᠤ ᠬᠡᠷᠡᠭᠳᠡᠢ᠃      ᠰᠤᠷᠭᠠᠭᠤᠯᠢ ᠶᠢᠨ ᠬᠠᠷᠢᠶᠠᠯᠠᠯ᠄ ᠤᠯᠤᠰ ᠤᠨ ᠬᠤᠯᠪᠣᠭᠳᠠᠯ ᠪᠥᠬᠦᠢ ᠲᠣᠭᠳᠠᠭᠠᠯ ᠢ ᠦᠨᠳᠦᠰᠦᠯᠡᠨ ᠪᠥᠬᠦᠯᠢ ᠡᠳᠦᠷ ᠤᠨ ᠳᠥᠷᠢᠮᠳᠤ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠳᠠᠷ ᠤᠨ ᠰᠤᠷᠭᠠᠨ ᠬᠦᠮᠦᠵᠢᠯ ᠢ ᠪᠠᠶᠢᠭᠤᠯᠬᠤ ᠶᠢ ᠵᠥᠪᠰᠢᠶᠡᠷᠡᠵᠤ ᠪᠠᠶᠢᠭᠤᠯᠤᠭᠰᠠᠨ ᠡᠩ ᠤᠨ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ             ︵ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠪᠣᠯᠣᠨ ᠳᠡᠭᠡᠳᠦ ᠰᠤᠷᠭᠠᠭᠤᠯᠢ ᠪᠠᠭᠳᠠᠨ᠎ᠠ︶᠂ ᠡᠷᠳᠡᠮ ᠰᠢᠨᠵᠢᠯᠡᠭᠡᠨ ᠤ ᠰᠤᠳᠤᠯᠤᠯ ᠤᠨ ᠬᠦᠷᠢᠶᠡᠯᠡᠩ᠂ ᠨᠠᠮ ᠤᠨ ᠰᠤᠷᠭᠠᠭᠤᠯᠢ᠂ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ᠂ ᠨᠢᠭᠳᠠᠯᠠᠨ ᠪᠣᠳᠤᠬᠤ ᠳᠡᠭᠡᠳᠦ ᠰᠤᠷᠭᠠᠭᠤᠯᠢ᠂ ︵ᠰᠤᠷᠭᠠᠭᠤᠯᠢ ᠶᠢᠨ ᠨᠡᠷᠡᠰ ᠢ ᠰᠤᠷᠭᠠᠨ ᠬᠦᠮᠦᠵᠢᠯ ᠤᠨ ᠶᠠᠮᠤᠨ ᠤ ᠨᠡᠶᠢᠳᠡᠯᠡᠭᠰᠡᠨ ᠢᠶᠠᠷ ᠪᠠᠷᠢᠮᠵᠢᠶ᠎ᠠ ᠪᠣᠯᠭᠠᠨ᠎ᠠ︶ ᠵᠢᠩᠬᠢᠨᠢ ᠪᠠᠷ ᠡᠯᠰᠡᠵᠦ᠂ ᠦᠨᠡᠨ ᠪᠤᠳᠠᠳᠠᠢ ᠪᠥᠭᠡᠳ ᠬᠠᠤᠯᠢ ᠳᠤ ᠨᠡᠶᠢᠴᠡᠭᠰᠡᠨ ᠬᠦᠴᠦᠨ ᠪᠥᠬᠦᠢ ᠡᠯᠰᠡᠬᠦ ᠮᠡᠳᠡᠭᠳᠡᠯ ᠤᠨ ᠪᠢᠴᠢᠭ ᠣᠯᠣᠭᠰᠠᠨ ᠪᠥᠬᠦᠯᠢ ᠡᠳᠦᠷ ᠤᠨ ᠳᠥᠷᠢᠮᠳᠦ ᠰᠢᠨ᠎ᠡ ᠰᠤᠷᠤᠭᠴᠢ ︵ᠪᠡᠯᠡᠳᠭᠡᠯ ᠠᠩᠭᠢ ᠶᠢᠨ ᠰᠤᠷᠤᠭᠴᠢ ᠪᠠᠭᠳᠠᠨ᠎ᠠ︶ ᠪᠤᠶᠤ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠵᠢᠩᠬᠢᠨᠢ ᠠᠩᠭᠢ ᠶᠢᠨ ᠪᠠ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢ᠂ ᠠᠰᠫᠢᠷᠠᠨᠲ ᠪᠠ ᠬᠤᠶᠠᠳᠤᠭᠠᠷ ᠡᠷᠳᠡᠮ ᠤᠨ ᠴᠣᠯᠠ ᠬᠠᠮᠠᠭᠠᠯᠠᠬᠤ ᠪᠠᠷ ᠰᠤᠷᠤᠯᠴᠠᠭᠰᠠᠨ ᠰᠤᠷᠤᠭᠴᠢ᠃      ᠡᠷᠦᠬᠡ ᠠᠮᠠ ᠶᠢᠨ ᠬᠠᠷᠢᠶᠠᠯᠠᠯ᠄ ᠰᠤᠷᠤᠭᠴᠢ ᠲᠤᠰ ᠬᠦᠮᠦᠨ ᠤ ᠰᠤᠷᠭᠠᠭᠤᠯᠢ ᠳᠤ ᠣᠷᠣᠬᠤ ᠠᠴᠠ ᠡᠮᠦᠨᠡᠬᠢ ᠡᠷᠦᠬᠡ ᠠᠮᠠ ᠶᠢᠨ ᠬᠠᠷᠢᠶ᠎ᠠ᠂ ᠬᠠᠮᠲᠤ ᠪᠠᠷ ᠵᠢᠭᠡᠯᠡᠯᠭᠡ ᠲᠠᠯᠪᠢᠭᠴᠢ ᠶᠢᠨ ᠡᠷᠦᠬᠡ ᠠᠮᠠ ᠶᠢᠨ ᠬᠠᠷᠢᠶ᠎ᠠ ᠨᠢ ᠵᠠᠷᠴᠢᠮ ᠳᠡᠭᠡᠷ᠎ᠡ ᠪᠠᠨ ᠪᠥᠷ ᠲᠤᠰ ᠰᠢᠶᠠᠨ ︵ᠬᠤᠲᠠ᠂ ᠲᠤᠭᠤᠷᠢᠭ︶᠎ ᠎ ᠳᠤ ᠪᠠᠶᠢᠬᠤ ᠬᠡᠷᠡᠭᠲᠡᠢ᠃      ᠢᠳᠡᠬᠡᠮᠵᠢ  ᠄  ᠦᠨᠡᠨᠴᠢ  ᠢᠳᠡᠭᠡᠮᠵᠢᠲᠡᠢ᠂ ᠬᠠᠤᠯᠢ ᠲᠥᠷᠢᠮ ᠢ ᠵᠢᠷᠤᠮᠯᠠᠨ ᠰᠠᠬᠢᠨ᠎ᠠ᠃      ᠭᠡᠷ ᠪᠥᠯᠢ ᠶᠢᠨ ᠪᠠᠶᠢᠳᠠᠯ᠄ ᠭᠡᠷ  ᠤᠨ ᠠᠮᠢᠳᠤᠷᠠᠯ ᠨᠢ ᠬᠦᠴᠢᠷᠳᠡᠯᠳᠡᠢ᠂ ᠭᠡᠷ ᠪᠥᠯᠢ ᠶᠢᠨ ᠣᠯᠬᠤ ᠣᠷᠣᠯᠭ᠎ᠠ ᠎ ᠨᠢ ᠰᠤᠷᠤᠭᠴᠢ ᠶᠢᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠰᠤᠷᠤᠯᠭ᠎ᠠ ᠪᠠᠨ ᠲᠡᠭᠦᠰᠭᠡᠬᠦ ᠳᠤ ᠬᠡᠷᠡᠭᠰᠡᠬᠦ ᠦᠨᠳᠦᠰᠦᠨ ᠵᠠᠷᠤᠳᠠᠯ ᠢ ᠬᠠᠩᠭᠠᠵᠤ ᠳᠡᠶᠢᠯᠬᠦ ᠦᠭᠡᠢ᠃      ᠥᠭᠡᠷ᠎ᠡ ᠪᠤᠰᠤᠳ᠄ ᠲᠤᠰ ᠵᠢᠯ ᠳᠤ ᠥᠭᠡᠷ᠎ᠡ ᠪᠤᠰᠤᠳ ᠤᠯᠤᠰ ᠤᠨ ᠰᠤᠷᠤᠯᠭ᠎ᠠ ᠶᠢᠨ ᠳᠡᠳᠭᠦᠮᠵᠢ ᠶᠢᠨ ᠵᠢᠭᠡᠯᠡᠯᠭᠡ ᠶᠢ ᠬᠦᠷᠳᠡᠭᠰᠡᠨ ᠦᠭᠡᠢ᠃ᠳᠤᠯᠤᠭ᠎ᠠ᠂ ᠬᠠᠮᠲᠤ ᠪᠠᠷ ᠵᠢᠭᠡᠯᠡᠯᠭᠡ ᠲᠠᠯᠪᠢᠭᠴᠢ ᠨᠢ ᠶᠠᠮᠠᠷ ᠶᠠᠮᠠᠷ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠳᠡᠢ       ᠪᠣᠢ︖      ᠵᠣᠭᠤᠰ ᠵᠢᠭᠡᠯᠡᠭᠰᠡᠨ ᠰᠤᠷᠤᠭᠴᠢ ᠯᠤᠭ᠎ᠠ ᠶᠢᠨ ᠬᠠᠷᠢᠴᠠᠭ᠎ᠠ᠄      1. ᠵᠠᠷᠴᠢᠮ ᠳᠡᠭᠡᠷ᠎ᠡ ᠪᠠᠨ ᠵᠤᠭᠤᠰ ᠵᠢᠭᠡᠯᠡᠭᠰᠡᠨ ᠰᠤᠷᠤᠭᠴᠢ ᠶᠢᠨ ᠡᠴᠢᠬᠡ ᠡᠬᠡ ᠪᠠᠶᠢᠬᠤ ᠬᠡᠷᠡᠭᠳᠡᠢ᠃      2. ᠬᠡᠷᠪᠡ ᠵᠤᠭᠤᠰ ᠵᠢᠭᠡᠯᠡᠭᠰᠡᠨ ᠰᠤᠷᠤᠭᠴᠢ ᠶᠢᠨ ᠡᠴᠢᠬᠡ ᠡᠬᠡ ᠨᠢ ᠵᠡᠮᠳᠡᠭ ᠪᠤᠶᠤ ᠡᠪᠡᠳᠴᠢᠯᠡᠭᠰᠡᠨ ᠵᠡᠷᠭᠡ ᠣᠨᠴᠠᠭᠠᠢ ᠪᠠᠶᠢᠳᠠᠯ ᠠᠴᠠ ᠪᠣᠯᠵᠤ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠤᠶᠤ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠪᠠᠨ ᠠᠯᠳᠠᠭᠰᠠᠨ ᠪᠠᠶᠢᠪᠠᠯ᠂ ᠵᠣᠭᠤᠰ ᠵᠢᠭᠡᠯᠡᠭᠰᠡᠨ ᠰᠤᠷᠤᠭᠴᠢ ᠶᠢᠨ ᠪᠤᠰᠤᠳ ᠳᠣᠳᠤᠨᠤ ᠲᠥᠷᠥᠯ ᠰᠠᠳᠤᠨ ᠨᠢ ᠬᠠᠮᠲᠤ ᠪᠠᠷ ᠵᠢᠭᠡᠯᠡᠯᠭᠡ ᠲᠠᠯᠪᠢᠭᠴᠢ ᠪᠣᠯᠵᠤ ᠪᠣᠯᠤᠨ᠎ᠠ᠃      3. ᠬᠡᠷᠪᠡ ᠵᠤᠭᠤᠰ ᠵᠢᠭᠡᠯᠡᠭᠰᠡᠨ ᠰᠤᠷᠤᠭᠴᠢ ᠨᠢ ᠥᠨᠥᠴᠢᠨ ᠬᠡᠤᠬᠡᠳ ᠪᠣᠯ ᠬᠠᠮᠲᠤ ᠪᠠᠷ ᠵᠢᠭᠡᠯᠡᠯᠭᠡ ᠲᠠᠯᠪᠢᠭᠴᠢ ᠨᠢ ᠲᠡᠬᠦᠨ ᠤ ᠬᠠᠷᠠᠭᠠᠯᠵᠠᠨ ᠬᠠᠮᠠᠭᠠᠯᠠᠭᠴᠢ ᠪᠣᠯᠣᠨ᠎ᠠ᠂ ᠡᠰᠡᠭᠦᠯ᠎ᠡ ᠵᠤᠭᠤᠰ ᠵᠢᠭᠡᠯᠡᠭᠰᠡᠨ ᠰᠤᠷᠤᠭᠴᠢ ᠲᠠᠢ ᠬᠠᠮᠲᠤ ᠪᠠᠷ ᠵᠤᠭᠤᠰ ᠪᠤᠴᠠᠭᠠᠬᠤ ᠬᠠᠷᠢᠭᠤᠴᠠᠯᠭ᠎ᠠ ᠶᠢ ᠡᠭᠦᠷᠭᠡᠯᠡᠬᠦ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠪᠥᠷᠢᠨ ᠲᠡᠭᠦᠯᠳᠡᠷ ᠪᠠᠶᠢᠭᠠᠯᠢ ᠬᠦᠮᠦᠨ ᠪᠣᠯᠤᠨ᠎ᠠ᠃      ᠨᠠᠰᠤ᠄   ᠬᠡᠷᠪᠡ ᠬᠠᠮᠲᠤ ᠪᠠᠷ ᠵᠢᠭᠡᠯᠡᠯᠭᠡ ᠲᠠᠯᠪᠢᠭᠴᠢ ᠨᠢ ᠰᠤᠷᠤᠭᠴᠢ ᠶᠢᠨ ᠡᠴᠢᠬᠡ ᠡᠬᠡ ᠪᠤᠶᠤ ᠬᠠᠷᠠᠭᠠᠯᠵᠠᠨ ᠬᠠᠮᠠᠭᠠᠯᠠᠭᠴᠢ ᠨᠢ ᠪᠢᠰᠢ ᠦᠶᠡᠰ᠂ ᠪᠥᠬᠦᠯᠢ18 ᠨᠠᠰᠤ ᠬᠦᠷᠦᠭᠰᠡᠨ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠪᠥᠷᠢᠨ ᠳᠡᠬᠦᠯᠳᠡᠷ ᠪᠠᠶᠢᠭᠠᠯᠢ ᠬᠦᠮᠦᠨ ᠪᠠᠶᠢᠬᠤ ᠬᠡᠷᠡᠭᠳᠡᠢ᠃      ᠡᠷᠦᠬᠡ ᠠᠮᠠ ᠶᠢᠨ ᠬᠠᠷᠢᠶ᠎ᠠ᠄ ᠰᠤᠷᠤᠭᠴᠢ ᠲᠤᠰ ᠬᠦᠮᠦᠨ ᠤ ᠰᠤᠷᠭᠠᠭᠤᠯᠢ ᠳᠤ ᠣᠷᠣᠬᠤ ᠠᠴᠠ ᠡᠮᠦᠨᠡᠬᠢ ᠡᠷᠦᠬᠡ ᠠᠮᠠ ᠶᠢᠨ ᠬᠠᠷᠢᠶ᠎ᠠ ᠵᠢᠴᠢ ᠬᠠᠮᠲᠤ ᠪᠠᠷ ᠵᠢᠭᠡᠯᠡᠯᠭᠡ ᠲᠠᠯᠪᠢᠭᠴᠢ ᠶᠢᠨ ᠡᠷᠦᠬᠡ ᠠᠮᠠ ᠶᠢᠨ ᠬᠠᠷᠢᠶ᠎ᠠ ᠨᠢ ᠴᠥᠮ ᠲᠤᠰ ᠰᠢᠶᠠᠨ ︵ᠬᠤᠲᠠ᠂ ᠲᠤᠭᠤᠷᠢᠭ︶᠎ ᠎ ᠳᠤ ᠪᠠᠶᠢᠬᠤ ᠬᠡᠷᠡᠭᠳᠡᠢ᠃      ᠥᠭᠡᠷ᠎ᠡ ᠪᠤᠰᠤᠳ ᠄       1. ᠤᠯᠤᠰ ᠤᠨ ᠨᠡᠭᠡᠭᠡᠨ ᠬᠦᠭᠵᠢᠬᠦᠯᠦᠯᠲᠡ ᠶᠢᠨ ᠪᠠᠩᠬᠢ ᠶᠢᠨ ᠣᠷᠣᠨ ᠨᠤᠲᠤᠭ ᠤᠨ ᠰᠤᠷᠤᠯᠭ᠎ᠠ ᠶᠢᠨ ᠳᠡᠳᠭᠦᠮᠵᠢ ᠶᠢᠨ ᠢᠳᠡᠭᠡᠮᠵᠢᠳᠤ ᠵᠢᠭᠡᠯᠡᠯᠭᠡ  ︵ᠪᠤᠶᠤ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠯᠭ᠎ᠠ ᠶᠢᠨ ᠳᠡᠳᠭᠦᠮᠵᠢ ᠶᠢᠨ ᠵᠢᠭᠡᠯᠡᠯᠭᠡ︶᠎ ᠪᠠᠨ ᠪᠣᠳᠣᠵᠣ ᠳᠠᠭᠤᠰᠬᠠᠭᠰᠠᠨ ᠦᠭᠡᠢ ᠵᠣᠭᠤᠰ ᠵᠢᠭᠡᠯᠡᠭᠰᠡᠨ ᠰᠤᠷᠤᠭᠴᠢ ᠪᠣᠰᠤᠳ ᠵᠣᠭᠤᠰ ᠵᠢᠭᠡᠯᠡᠭᠰᠡᠨ ᠰᠤᠷᠤᠭᠴᠢ ᠶᠢᠨ ᠬᠠᠮᠲᠤ ᠶᠢᠨ ᠵᠢᠭᠡᠯᠡᠯᠭᠡ ᠲᠠᠯᠪᠢᠭᠴᠢ ᠎ ᠨᠢ ᠪᠣᠯᠵᠤ ᠪᠣᠯᠬᠤ ᠦᠭᠡᠢ᠃      2. ᠬᠡᠷᠪᠡ ᠵᠣᠭᠤᠰ ᠵᠢᠭᠡᠯᠡᠭᠰᠡᠨ ᠰᠤᠷᠤᠭᠴᠢ᠂ ᠰᠤᠷᠤᠯᠭ᠎ᠠ ᠶᠢᠨ ᠳᠡᠳᠭᠦᠮᠵᠢ ᠶᠢᠨ ᠵᠢᠭᠡᠯᠡᠯᠭᠡ ᠭᠤᠶᠣᠴᠢᠯᠠᠬᠤ ᠳᠤ ᠪᠥᠬᠦᠯᠢ 16 ᠨᠠᠰᠤ ᠬᠦᠷᠦᠭᠡᠳᠦᠢ ᠪᠣᠯ ᠬᠠᠮᠲᠤ ᠵᠢᠭᠡᠯᠡᠯᠭᠡ ᠲᠠᠯᠪᠢᠭᠴᠢ ᠨᠢ ᠲᠡᠭᠦᠨ ᠤ ᠠᠰᠠᠷᠠᠨ ᠬᠠᠷᠠᠭᠠᠯᠵᠠᠭᠴᠢ ᠪᠣᠯᠬᠤ ᠬᠡᠷᠡᠭᠳᠡᠢ᠃ ᠡᠶᠢᠮᠦᠷᠬᠦᠦ ᠪᠠᠶᠢᠳᠠᠯ ᠳᠣᠣᠷ᠎ᠠ᠂ ᠵᠢᠭᠡᠯᠡᠯᠭᠡ ᠠᠪᠬᠤ ᠳᠤ ᠠᠰᠠᠷᠠᠨ ᠬᠠᠷᠠᠭᠠᠯᠵᠠᠭᠴᠢ ᠶᠢᠨ ᠬᠠᠷᠢᠴᠠᠭ᠎ᠠ ᠶᠢᠨ ᠬᠠᠮᠢᠶ᠎ᠠ ᠪᠥᠬᠦᠢ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠢ᠃ ᠬᠡᠷᠪᠡ ᠵᠣᠭᠤᠰ ᠵᠢᠭᠡᠯᠡᠭᠰᠡᠨ ᠰᠤᠷᠤᠭᠴᠢ ᠬᠢᠭᠡᠳ ᠲᠡᠭᠦᠨ ᠤ ᠠᠰᠠᠷᠠᠨ ᠬᠠᠷᠠᠭᠠᠯᠵᠠᠭᠴᠢ ᠶᠢᠨ ᠡᠷᠦᠬᠡ ᠠᠮᠠ ᠶᠢᠨ ᠬᠠᠷᠢᠶ᠎ᠠ ᠨᠢ ᠨᠢᠭᠡ ᠰᠢᠶᠡᠨ ︵ᠬᠤᠲᠠ᠂ ᠲᠤᠭᠤᠷᠢᠭ︶᠎ ᠲᠤ ᠪᠠᠶᠢᠬᠤ ᠦᠭᠡᠢ ᠪᠣᠯ᠂ ᠰᠤᠷᠤᠭᠴᠢ ᠶᠢᠨ ᠡᠷᠦᠬᠡ ᠠᠮᠠ ᠶᠢᠨ ᠬᠠᠷᠢᠶ᠎ᠠ ᠶᠢᠨ ᠪᠠᠶᠢᠭ᠎ᠠ ᠰᠢᠶᠡᠨ ︵ᠬᠤᠲᠠ᠂ ᠲᠤᠭᠤᠷᠢᠭ︶᠎ ᠲᠤ ᠬᠦᠷᠴᠤ ᠬᠦᠢᠴᠡᠳᠭᠡᠬᠦ ᠬᠡᠷᠡᠭᠳᠡᠢ᠃ᠨᠠᠢᠮᠠ᠂  ᠵᠢᠭᠡᠯᠡᠯᠭᠡ ᠶᠢᠨ ᠮᠥᠩᠬᠦ ᠭᠤᠶᠤᠴᠢᠯᠠᠬᠤ ᠳᠠᠷᠠᠭᠠᠯᠠᠯ ᠪᠠ ᠵᠢᠭᠡᠯᠡᠯᠭᠡ ᠶᠢᠨ ᠮᠥᠩᠬᠦ ᠭᠤᠶᠤᠴᠢᠯᠠᠬᠤ ᠳᠤ ᠬᠡᠷᠡᠭᠰᠡᠬᠦ ᠮᠠᠲ᠋ᠧᠷᠢᠶᠠᠯ      ︵ᠨᠢᠭᠡ︶ ᠤᠷᠢᠳᠴᠢᠯᠠᠨ ᠭᠤᠶᠤᠴᠢᠯᠠᠬᠤ       ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠪᠣᠯᠣᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠶᠢᠨ ᠭᠡᠷ ᠤᠨ ᠠᠮᠢᠳᠤᠷᠠᠯ ᠨᠢ ᠲᠡᠭᠦᠨ ᠤ ᠶᠡᠭᠡ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠰᠤᠷᠤᠯᠭ᠎ᠠ᠂ ᠠᠮᠢᠳᠤᠷᠠᠯ ᠤᠨ ᠦᠨᠳᠦᠰᠦᠨ ᠵᠠᠷᠤᠯᠭ᠎ᠠ ᠶᠢ ᠬᠠᠩᠭᠠᠵᠤ ᠲᠡᠶᠢᠯᠬᠦ ᠦᠭᠡᠢ ᠦᠶ᠎ᠡ ᠳᠤ ᠴᠥᠮ ᠤᠷᠢᠳᠴᠢᠯᠠᠨ ᠭᠤᠶᠤᠴᠢᠯᠠᠵᠤ ᠪᠣᠯᠣᠨ᠎ᠠ᠂ ᠡᠬᠦᠨ ᠳᠤ᠄ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ︵ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠣᠯᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶᠎  ᠰᠤᠷᠤᠯᠭ᠎ᠠ ᠶᠢᠨ ᠣᠨ ᠳᠤ ᠤᠯᠤᠰ ᠤᠨ ᠰᠤᠷᠤᠯᠭ᠎ᠠ ᠶᠢᠨ ᠳᠡᠳᠭᠦᠮᠵᠢ ᠶᠢᠨ ᠮᠥᠩᠬᠦ ᠶᠢ ᠣᠯᠵᠣ ᠥᠩᠭᠡᠷᠡᠭᠰᠡᠨ ᠰᠣᠷᠣᠭᠴᠢ ︵ᠲᠤᠰ ᠬᠤᠭᠤᠴᠠᠭᠠᠨ ᠤ ᠲᠡᠭᠦᠰᠬᠦ ᠰᠤᠷᠤᠭᠴᠢ ᠪᠣᠯᠣᠨ ᠳᠠᠪᠳᠠᠨ ᠰᠤᠷᠤᠯᠴᠠᠬᠤ ᠰᠣᠷᠤᠭᠴᠢ ᠪᠠᠭᠲᠠᠨ᠎ᠠ︶᠂ ᠣᠣᠯ ᠤᠨ ᠳᠠᠩᠰᠠᠯᠵᠤ ᠺᠠᠷᠲᠯᠠᠭᠰᠠᠨ ᠭᠡᠷ ᠪᠥᠯᠢ ᠶᠢᠨ ᠰᠣᠷᠣᠭᠴᠢ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠬᠦᠷᠳᠡᠵᠦ ᠪᠠᠶᠢᠭ᠎ᠠ ᠭᠡᠷ ᠪᠥᠯᠢ ᠶᠢᠨ ᠰᠤᠷᠤᠭᠴᠢ᠂ ᠣᠨᠴᠠ ᠬᠦᠴᠢᠷᠳᠡᠯᠳᠡᠢ ᠠᠰᠠᠷᠠ ᠲᠡᠵᠢᠬᠡᠬᠦ ᠰᠤᠷᠤᠭᠴᠢ᠂ ᠥᠨᠥᠴᠢᠨ ᠬᠡᠣᠬᠡᠳ᠂  ᠦᠷᠡᠭᠳᠡᠭᠰᠡᠨ ᠪᠠᠭᠠᠳᠤᠷ ᠤᠨ ᠦᠷ᠎ᠡ ᠬᠡᠤᠬᠡᠳ᠂ ᠭᠡᠷ ᠤᠨ ᠠᠮᠢᠳᠤᠷᠠᠯ ᠨᠢ ᠬᠦᠴᠢᠷᠳᠡᠯᠳᠡᠢ ᠵᠡᠮᠳᠡᠭ ᠰᠤᠷᠤᠭᠴᠢ ᠪᠤᠶᠤ ᠵᠡᠮᠳᠡᠭ ᠬᠦᠮᠦᠰ ᠤᠨ ᠦᠷ᠎ᠡ ᠬᠡᠤᠬᠡᠳ ᠵᠡᠷᠭᠡ ᠬᠦᠴᠢᠷᠳᠡᠯᠳᠡᠢ ᠨᠡᠶᠢᠲᠡ ᠵᠢᠴᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶᠂ ᠰᠢᠶᠠᠨ ᠤ ᠱᠠᠳᠤᠨ ᠤ       ︵ᠪᠤᠶᠤ ᠳᠡᠭᠡᠳᠦ ᠰᠤᠷᠭᠠᠭᠤᠯᠢ︶ ᠰᠣᠷᠣᠭᠴᠢ ᠶᠢ ᠲᠡᠳᠭᠦᠬᠦ ᠬᠠᠮᠢᠶᠠᠷᠤᠯᠳᠠ ᠶᠢᠨ ᠰᠠᠯᠠᠭ᠎ᠠ ᠮᠥᠴᠢᠷ ᠠᠴᠠ ᠪᠠᠳᠤᠯᠠᠨ ᠲᠣᠭᠲᠠᠭᠠᠭᠰᠠᠨ ᠭᠡᠷ ᠤᠨ ᠠᠮᠢᠳᠤᠷᠠᠯ ᠨᠢ ᠬᠦᠴᠢᠷᠳᠡᠯᠳᠡᠢ ᠰᠤᠷᠤᠭᠴᠢ ᠪᠠᠭᠲᠠᠨ᠎ᠠ᠃      ︵ᠬᠤᠶᠠᠷ︶ ᠬᠠᠮᠢᠭ᠎ᠠ ᠠᠴᠠ ᠵᠢᠭᠡᠯᠡᠯᠭᠡ ᠶᠢᠨ ᠮᠥᠩᠬᠦ ᠭᠤᠶᠤᠴᠢᠯᠠᠵᠤ ᠪᠣᠯᠬᠤ ᠪᠣᠢ︖      ᠠᠩᠬ᠎ᠠ ᠤᠳᠠᠭ᠎ᠠ ᠵᠢᠭᠡᠯᠡᠯᠭᠡ ᠠᠪᠬᠤ ᠳᠤ᠂ ᠵᠤᠭᠤᠰ ᠵᠢᠭᠡᠯᠡᠭᠰᠡᠨ ᠰᠤᠷᠤᠭᠴᠢ ᠪᠣᠯᠣᠨ ᠬᠠᠮᠲᠤ ᠪᠠᠷ ᠵᠢᠭᠡᠯᠡᠯᠭᠡ ᠲᠠᠯᠪᠢᠭᠴᠢ  ᠬᠠᠮᠲᠤ ᠪᠠᠷ ᠬᠤᠶᠠᠷ ᠲᠠᠯ᠎ᠠ ᠶᠢᠨ ᠡᠷᠦᠬᠡ ᠠᠮᠠ ᠶᠢᠨ ᠬᠠᠷᠢᠶᠠᠯᠠᠯ ᠤᠨ ᠪᠠᠶᠢᠭ᠎ᠠ ᠭᠠᠵᠠᠷ ᠤᠨ ᠰᠢᠶᠡᠨ ᠤ  ᠱᠠᠳᠤᠨ ᠤ ᠰᠤᠷᠤᠭᠴᠢ ᠶᠢ ᠵᠤᠭᠤᠰ ᠮᠥᠩᠬᠦ ᠪᠠᠷ ᠲᠡᠳᠭᠦᠬᠦ ᠬᠠᠮᠢᠶᠠᠷᠤᠯᠳᠠ ᠶᠢᠨ ᠰᠠᠯᠠᠭ᠎ᠠ ᠮᠥᠴᠢᠷ ᠲᠤ ᠬᠦᠷᠴᠤ ᠬᠦᠢᠴᠡᠳᠭᠡᠬᠦ ᠬᠡᠷᠡᠭᠳᠡᠢ᠃ ᠦᠷᠭᠦᠯᠵᠢᠯᠡᠨ ᠵᠢᠭᠡᠯᠡᠯᠭᠡ ᠵᠢᠭᠡᠯᠡᠬᠦ ᠦᠶ᠎ᠡ ᠳᠤ ᠵᠤᠭᠤᠰ ᠵᠢᠭᠡᠯᠡᠭᠰᠡᠨ ᠰᠤᠷᠤᠭᠴᠢ ᠪᠤᠶᠤ ᠬᠠᠮᠲᠤ ᠪᠠᠷ ᠵᠢᠭᠡᠯᠡᠯᠭᠡ ᠲᠠᠯᠪᠢᠭᠴᠢ ᠶᠢᠨ ᠶᠠᠮᠠᠷᠪᠠ ᠨᠢᠭᠡ ᠲᠠᠯ᠎ᠠ ᠨᠢ ᠬᠠᠮᠢᠶ᠎ᠠ ᠪᠥᠬᠦᠢ ᠮᠠᠲ᠋ᠧᠷᠢᠶᠠᠯ ᠢᠶᠠᠨ ᠠᠪᠴᠤ ᠤᠤᠯ ᠤᠨ ᠰᠢᠶᠡᠨ ᠤ ᠱᠠᠳᠤᠨ ᠤ ᠰᠤᠷᠤᠭᠴᠢ ᠶᠢ ᠵᠤᠭᠤᠰ ᠮᠥᠩᠬᠦ ᠪᠠᠷ ᠲᠡᠳᠭᠦᠬᠦ ᠬᠠᠮᠢᠶᠠᠷᠤᠯᠳᠠ ᠶᠢᠨ ᠰᠠᠯᠠᠭ᠎ᠠ ᠮᠥᠴᠢᠷ ᠲᠤ ᠬᠦᠷᠴᠤ ᠬᠦᠢᠴᠡᠳᠭᠡᠬᠦ ᠬᠡᠷᠡᠭᠳᠡᠢ᠃ ᠠᠯᠤᠰ ᠡᠵᠡᠮᠰᠢᠬᠦᠷ ᠢᠶᠠᠷ ᠦᠷᠭᠦᠯᠵᠢᠯᠡᠨ ᠵᠢᠭᠡᠯᠡᠯᠭᠡ ᠲᠠᠯᠪᠢᠬᠤ ᠶᠢ ᠬᠡᠷᠡᠭᠵᠢᠬᠦᠯᠵᠦ ᠪᠠᠶᠢᠭ᠎ᠠ ᠭᠠᠵᠠᠷ ᠣᠷᠣᠨ ᠳᠤ᠂ ᠵᠤᠭᠤᠰ ᠵᠢᠭᠡᠯᠡᠬᠦ ᠰᠤᠷᠤᠭᠴᠢ ᠰᠦᠯᠵᠢᠶᠡᠨ ᠳᠡᠭᠡᠷᠡᠬᠢ ᠰᠢᠰᠲ᠋ᠧᠮ ᠢᠶᠠᠷ ᠳᠠᠮᠵᠢᠭᠤᠯᠤᠨ ᠬᠦᠢᠴᠡᠳᠭᠡᠵᠦ ᠪᠣᠯᠣᠨ᠎ᠠ᠃      ︵ᠭᠤᠷᠪᠠ︶ ᠠᠩᠬ᠎ᠠ ᠤᠳᠠᠭ᠎ᠠ ᠵᠢᠭᠡᠯᠡᠯᠭᠡ ᠭᠤᠶᠤᠴᠢᠯᠠᠬᠤ  ᠠᠯᠬᠤᠮ ᠲᠠᠷᠠᠭᠠᠯᠠᠯ ᠵᠢᠴᠢ ᠭᠤᠶᠤᠴᠢᠯᠠᠬᠤ ᠳᠤ ᠬᠡᠷᠡᠭᠰᠡᠬᠦ ᠮᠠᠲ᠋ᠧᠷᠢᠶᠠᠯ      ᠰᠦᠯᠵᠢᠶᠡᠨ ᠳᠡᠭᠡᠷ᠎ᠡ ᠥᠪᠡᠰᠤᠪᠡᠨ ᠭᠤᠶᠤᠴᠢᠯᠠᠬᠤ — ᠬᠤᠪᠢ ᠬᠦᠮᠦᠨ ᠤ ᠰᠤᠷᠠᠭ ᠵᠠᠩᠭᠢ ᠪᠠᠨ ᠳᠠᠩᠰᠠᠯᠠᠬᠤ —  ᠭᠤᠶᠤᠴᠢᠯᠠᠬᠤ ᠮᠡᠳᠡᠭᠡ ᠵᠠᠩᠭᠢ ᠪᠠᠨ ᠪᠢᠴᠢᠵᠦ ᠣᠷᠣᠭᠤᠯᠬᠤ — ︽ᠭᠤᠶᠤᠴᠢᠯᠠᠯ ᠤᠨ ᠬᠦᠰᠦᠨᠦᠭᠲᠦ︾᠎ ᠪᠠᠨ ᠳᠠᠷᠤᠮᠯᠠᠵᠤ ᠭᠠᠷᠭᠠᠬᠤ ᠶᠢᠨ ᠳᠠᠭᠠᠤ ᠭᠠᠷ ᠤᠨ ᠦᠰᠦᠭ ᠢᠶᠠᠨ ᠵᠢᠷᠤᠨ᠎ᠡ᠃ᠰᠢᠶᠡᠨ ᠤ ᠱᠠᠳᠤᠨ ᠤ ᠰᠤᠷᠤᠭᠴᠢ ᠶᠢ ᠵᠤᠭᠤᠰ ᠮᠥᠩᠬᠦ ᠪᠠᠷ ᠲᠡᠳᠭᠦᠬᠦ ᠬᠠᠮᠢᠶᠠᠷᠤᠯᠳᠠ ᠶᠢᠨ ᠰᠠᠯᠠᠭ᠎ᠠ ᠮᠥᠴᠢᠷ — ᠵᠢᠭᠡᠯᠡᠯᠭᠡ ᠲᠠᠯᠪᠢᠬᠤ ᠠᠴᠠ ᠡᠮᠦᠨ᠎ᠡ ᠬᠢᠨᠠᠨ ᠪᠠᠶᠢᠴᠠᠭᠠᠬᠤ — ᠭᠡᠷ᠎ᠡ  ᠲᠣᠭᠲᠠᠬᠤ      ᠳᠡᠭᠡᠳᠦ ᠵᠡᠷᠭᠡ ᠶᠢᠨ ᠰᠤᠷᠭᠠᠭᠤᠯᠢ — ᠬᠠᠷᠢᠭᠤ ᠪᠠᠷᠢᠮᠲᠠ ᠪᠠᠨ ᠪᠢᠴᠢᠵᠦ ᠣᠷᠣᠭᠤᠯᠬᠤ — ᠳᠠᠩᠰᠠᠨ ᠳᠤ ᠣᠷᠤᠭᠤᠯᠬᠤ ᠮᠡᠳᠡᠭᠡ ᠵᠠᠩᠭᠢ ᠪᠠᠨ ᠬᠠᠷᠭᠤᠭᠤᠯᠬᠤᠤᠯᠤᠰ ᠤᠨ ᠨᠡᠭᠡᠭᠡᠨ ᠬᠦᠭᠵᠢᠬᠦᠯᠦᠯᠲᠡ ᠶᠢᠨ ᠪᠠᠩᠭᠢ — ᠬᠢᠨᠠᠨ ᠵᠥᠪᠰᠢᠶᠡᠷᠡᠬᠦ — ᠵᠢᠭᠡᠯᠡᠯᠭᠡ ᠶᠢᠨ ᠮᠥᠩᠬᠦ ᠶᠢ ᠲᠠᠷᠬᠠᠭᠠᠬᠤ      1. ᠰᠤᠷᠤᠭᠴᠢ ᠶᠢᠨ ᠰᠦᠯᠵᠢᠶᠡᠨ ᠳᠡᠭᠡᠷᠡᠬᠢ ᠰᠢᠰᠲ᠋ᠧᠮ ᠳᠤ ᠨᠡᠪᠳᠡᠷᠡᠵᠤ ᠳᠠᠩᠰᠠᠯᠠᠬᠤ ᠶᠢᠨ ᠬᠠᠮᠲᠤ ᠬᠤᠪᠢ ᠬᠦᠮᠦᠨ ᠤ ᠵᠢᠴᠢ ᠬᠠᠮᠲᠤ ᠪᠠᠷ ᠵᠢᠭᠡᠯᠡᠯᠭᠡ ᠲᠠᠯᠪᠢᠭᠴᠢ ᠶᠢᠨ  ᠮᠡᠳᠡᠭᠡ ᠵᠠᠩᠭᠢ ᠶᠢ ᠲᠠᠭᠯᠠᠵᠤ᠂  ᠵᠢᠭᠡᠯᠡᠯᠭᠡ ᠲᠠᠯᠪᠢᠬᠤ ᠭᠤᠶᠤᠴᠢᠯᠠᠯ ᠎ ᠪᠠᠨ ᠲᠤᠰᠢᠶᠠᠵᠤ ᠂  ︽ᠭᠤᠶᠤᠴᠢᠯᠠᠯ ᠤᠨ ᠬᠦᠰᠦᠨᠦᠭᠲᠦ︾᠎ ᠎ ᠪᠠᠨ ᠳᠠᠷᠤᠮᠯᠠᠨ ᠭᠠᠷ ᠤᠨ ᠦᠰᠦᠭ ᠵᠢᠷᠤᠨ᠎ᠠ᠃      2. ᠰᠢᠰᠲ᠋ᠧᠮ ᠳᠡᠭᠡᠷ᠎ᠡ ᠤᠷᠢᠳᠴᠢᠯᠠᠨ ᠭᠤᠶᠤᠴᠢᠯᠠᠬᠤ ᠶᠢ ᠵᠥᠪᠰᠢᠶᠡᠷᠡᠭᠰᠡᠨ ᠰᠤᠷᠤᠭᠴᠢ ᠂             ︽ᠭᠤᠶᠤᠴᠢᠯᠠᠯ ᠤᠨ ᠬᠦᠰᠦᠨᠦᠭᠲᠦ ︾᠎ ᠶᠢ ᠳᠠᠷᠤᠮᠯᠠᠬᠤ ᠶᠢᠨ ᠳᠠᠭᠠᠤ ᠭᠠᠷ ᠤᠨ ᠦᠰᠦᠭ ᠵᠢᠷᠤᠭᠰᠠᠨ ᠤ ᠳᠠᠷᠠᠭ᠎ᠠ ᠰᠢᠰᠲ᠋ᠧᠮ ᠤᠨ ᠰᠠᠨᠠᠭᠤᠯᠤᠮᠵᠢ ᠪᠠᠷ ᠵᠢᠭᠡᠯᠡᠯᠭᠡ ᠭᠤᠶᠤᠴᠢᠯᠠᠬᠤ ᠮᠠᠲ᠋ᠧᠷᠢᠶᠠᠯ ᠎ ᠢᠶᠠᠨ ᠲᠤᠰᠢᠶᠠᠬᠤ ᠬᠡᠷᠡᠭᠳᠡᠢ᠃      3. ᠤᠷᠢᠳᠴᠢᠯᠠᠨ ᠭᠤᠶᠤᠴᠢᠯᠠᠭᠰᠠᠨ ᠦᠭᠡᠢ ᠭᠡᠪᠡᠴᠤ ᠭᠡᠷ ‍ᠤᠨ‌ᠠᠮᠢᠳᠤᠷᠠᠯ ᠨᠢ ᠦᠨᠡᠨᠬᠦ ᠬᠦᠴᠢᠷᠳᠡᠯᠳᠡᠢ ᠠᠴᠠ  ᠪᠣᠯᠵᠤ᠂  ᠣᠷᠣᠨ ᠨᠣᠲᠤᠭ ᠤᠨ ᠰᠤᠷᠤᠯᠭ᠎ᠠ ᠶᠢᠨ ᠳᠡᠳᠭᠦᠮᠵᠢ ᠶᠢᠨ ᠵᠢᠭᠡᠯᠡᠯᠭᠡ ᠶᠢᠨ ᠮᠥᠩᠬᠦ ᠶᠢ ᠭᠤᠶᠤᠴᠢᠯᠠᠬᠤ ᠰᠤᠷᠤᠭᠴᠢ ᠪᠤᠳᠠᠳᠤ ᠪᠠᠶᠢᠳᠠᠯ ᠢᠶᠠᠨ ᠦᠨᠳᠦᠰᠦᠯᠡᠨ ︽ᠭᠡᠷ ‍ᠤᠨ‌ᠠᠮᠢᠳᠤᠷᠠᠯ ᠨᠢ ᠬᠦᠴᠢᠷᠳᠡᠯᠳᠡᠢ ᠰᠤᠷᠤᠭᠴᠢ ᠶᠢ ᠪᠠᠳᠤᠯᠠᠨ ᠲᠣᠭᠳᠠᠭᠠᠬᠤ ᠬᠦᠰᠦᠨᠦᠭᠲᠦ︾᠎ ᠶᠢ ᠲᠠᠭᠯᠠᠵᠤ᠂ ᠭᠡᠷ ‍ᠤᠨ‌ᠠᠮᠢᠳᠤᠷᠠᠯ ᠨᠢ ᠬᠦᠴᠢᠷᠳᠡᠯᠳᠡᠢ ᠶᠢ ᠪᠠᠳᠤᠯᠠᠨ ᠲᠣᠭᠳᠠᠭᠠᠭᠰᠠᠨ ᠦᠨᠳᠦᠰᠦᠯᠡᠯ ᠢᠶᠠᠷ ᠵᠢᠭᠡᠯᠡᠯᠭᠡ ᠭᠤᠶᠤᠴᠢᠯᠠᠨ ᠬᠦᠢᠴᠡᠳᠭᠡᠵᠦ ᠪᠣᠯᠤᠨ᠎ᠠ᠃     4. ᠵᠤᠭᠤᠰ ᠵᠢᠭᠡᠯᠡᠭᠰᠡᠨ ᠰᠤᠷᠤᠭᠴᠢ ᠪᠠ ᠬᠠᠮᠲᠤ ᠪᠠᠷ  ᠵᠢᠭᠡᠯᠡᠯᠭᠡ ᠲᠠᠯᠪᠢᠭᠴᠢ ᠳᠣᠣᠷᠠᠬᠢ ᠮᠠᠲ᠋ᠧᠷᠢᠶᠠᠯ ᠢᠶᠠᠨ ᠠᠪᠴᠤ᠂ ᠰᠢᠶᠡᠨ ᠤ ᠱᠠᠳᠤᠨ ᠤ ᠰᠤᠷᠤᠭᠴᠢ ᠶᠢ ᠵᠣᠭᠤᠰ ᠮᠥᠩᠬᠦ ᠪᠠᠷ ᠲᠤᠰᠠᠯᠠᠬᠤ ᠬᠠᠮᠢᠶᠠᠷᠤᠯᠳᠠ ᠶᠢᠨ ᠰᠠᠯᠠᠭ᠎ᠠ ᠮᠥᠴᠢᠷ ᠲᠤ ᠣᠴᠢᠵᠤ  ᠭᠠᠷ ᠬᠦᠢᠴᠡᠳᠬᠡᠯ ᠬᠢᠬᠦ ᠬᠡᠷᠡᠭᠲᠡᠢ᠃      ● ᠵᠣᠭᠤᠰ ᠵᠢᠭᠡᠯᠡᠭᠰᠡᠨ ᠰᠤᠷᠤᠭᠴᠢ ᠪᠣᠯᠣᠨ ᠬᠠᠮᠲᠤ ᠪᠠᠷ  ᠵᠢᠭᠡᠯᠡᠯᠭᠡ ᠲᠠᠯᠪᠢᠭᠴᠢ ᠲᠤᠰ ᠲᠤᠰ ᠤᠨ ᠢᠶᠠᠨ ᠪᠡᠶ᠎ᠡ ᠶᠢᠨ ᠦᠨᠡᠮᠯᠡᠯ ᠤᠨ ᠡᠬᠡ ᠪᠢᠴᠢᠭ᠂ ᠡᠷᠦᠬᠡ ᠠᠮᠠ ᠶᠢᠨ ᠳᠠᠩᠰᠠ ᠶᠢᠨ  ᠡᠬᠡ ᠪᠢᠴᠢᠭ      ● ᠰᠤᠷᠭᠠᠭᠤᠯᠢ ᠳᠤ ᠡᠯᠰᠡᠭᠳᠡᠭᠰᠡᠨ ᠮᠡᠳᠡᠭᠳᠡᠯ ᠤᠨ ᠪᠢᠴᠢᠭ ︵ᠪᠤᠶᠤ ᠰᠤᠷᠤᠭᠴᠢ ᠶᠢᠨ ᠦᠨᠡᠮᠯᠡᠯ︶᠎ ᠎ ᠤᠨ ᠤᠭ ᠮᠠᠲ᠋ᠧᠷᠢᠶᠠᠯ ᠪᠤᠶᠤ ᠡᠷᠳᠡᠮ ᠰᠢᠨᠵᠢᠯᠡᠭᠡᠨ ᠤ ᠴᠢᠮᠡᠭᠡ ᠵᠠᠩᠭᠢ ᠶᠢᠨ ᠰᠦᠯᠵᠢᠶᠡᠨ ᠤ ᠰᠤᠷᠭᠠᠭᠤᠯᠢ ᠶᠢᠨ ᠬᠠᠷᠢᠶᠠᠯᠠᠯ ᠤᠨ ᠰᠦᠯᠵᠢᠶᠡᠨ ᠳᠡᠭᠡᠷ᠎ᠡ ᠰᠢᠯᠭᠠᠨ ᠨᠤᠳᠠᠯᠠᠭᠰᠠᠨ ᠮᠡᠳᠡᠭᠦᠯᠦᠯᠲᠡ᠃      ● ︽ᠤᠯᠤᠰ ᠤᠨ ᠨᠡᠭᠡᠭᠡᠨ ᠬᠦᠭᠵᠢᠬᠦᠯᠦᠯᠲᠡ ᠶᠢᠨ ᠪᠠᠩᠬᠢ ᠶᠢᠨ ᠣᠷᠣᠨ ᠨᠤᠲᠤᠭ ᠤᠨ ᠰᠤᠷᠤᠯᠭ᠎ᠠ ᠶᠢᠨ ᠳᠡᠳᠭᠦᠮᠵᠢ ᠶᠢᠨ ᠢᠳᠡᠭᠡᠮᠵᠢᠳᠤ ᠵᠢᠭᠡᠯᠡᠯᠭᠡ ᠶᠢᠨ ᠭᠤᠶᠤᠴᠢᠯᠠᠯᠳᠠ ᠶᠢᠨ ᠬᠦᠰᠦᠨᠦᠭᠲᠦ︾᠂ ᠤᠷᠢᠳᠴᠢᠯᠠᠨ ᠭᠤᠶᠤᠴᠢᠯᠠᠯᠲᠠ ᠪᠠᠷ  ᠥᠩᠭᠡᠷᠡᠭᠰᠡᠨ ᠦᠭᠡᠢ ᠰᠤᠷᠤᠭᠴᠢ ᠪᠠᠰᠠ ︽ᠭᠡᠷ ᠎ ᠤᠨ ᠠᠮᠢᠳᠤᠷᠠᠯ ᠨᠢ ᠬᠦᠴᠢᠷᠳᠡᠯᠳᠡᠢ ᠰᠤᠷᠤᠭᠴᠢ ᠶᠢ  ᠪᠠᠳᠤᠯᠠᠨ ᠲᠣᠭᠳᠠᠭᠠᠬᠤ ᠬᠦᠰᠦᠨᠦᠭᠲᠦ︾᠎ ᠶᠢᠨ ᠤᠭ ᠮᠠᠲ᠋ᠧᠷᠢᠶᠠᠯ ᠢ ᠠᠪᠴᠤ ᠶᠠᠪᠤᠬᠤ ᠬᠡᠷᠡᠭᠲᠡᠢ᠃      ᠠᠩᠬᠠᠷᠬᠤ ᠵᠦᠢᠯ᠄      ● ᠬᠡᠰᠡᠭ ᠭᠠᠵᠠᠷ ᠣᠷᠣᠨ ᠨᠢ ᠪᠡᠶ᠎ᠡ ᠶᠢᠨ ᠦᠨᠡᠮᠯᠡᠯ ᠤᠨ ᠵᠥᠪ ᠪᠤᠷᠤᠭᠤ ᠲᠠᠯ᠎ᠠ ᠶᠢᠨ ᠬᠠᠭᠤᠯᠪᠤᠷᠢ ᠶᠢ ᠬᠠᠩᠭᠠᠬᠤ ᠶᠢ ᠱᠠᠭᠠᠷᠳᠠᠵᠤ ᠮᠡᠳᠡᠨ᠎ᠡ᠂  ᠰᠢᠶᠡᠨ ᠤ ᠱᠠᠳᠣᠨ ᠤ ᠰᠤᠷᠤᠭᠴᠢ ᠶᠢ ᠡᠳ᠋ ᠮᠥᠩᠬᠦ ᠪᠠᠷ ᠲᠤᠰᠠᠯᠠᠬᠤ ᠬᠠᠮᠢᠶᠠᠷᠤᠯᠳᠠ ᠶᠢᠨ ᠰᠠᠯᠠᠭ᠎ᠠ ᠮᠥᠴᠢᠷ ᠠᠴᠠ ᠤᠷᠢᠳᠴᠢᠯᠠᠨ ᠯᠠᠪᠯᠠᠭᠠᠷᠠᠢ᠂ ᠰᠢᠶᠡᠨ ᠤ ᠱᠠᠳᠣᠨ ᠤ ᠰᠤᠷᠤᠭᠴᠢ ᠶᠢ ᠡᠳ᠋ ᠮᠥᠩᠬᠦ ᠪᠠᠷ ᠲᠤᠰᠠᠯᠠᠬᠤ ᠬᠠᠮᠢᠶᠠᠷᠤᠯᠳᠠ ᠶᠢᠨ ᠰᠠᠯᠠᠭ᠎ᠠ ᠮᠥᠴᠢᠷ ᠨᠢ ᠵᠢᠭᠡᠯᠡᠯᠭᠡ ᠭᠤᠶᠤᠴᠢᠯᠠᠬᠤ ᠮᠠᠲ᠋ᠧᠷᠢᠶᠠᠯ ᠢ ᠰᠢᠷᠪᠢᠵᠦ ᠳᠠᠮᠵᠢᠭᠤᠯᠬᠤ ᠦᠢᠯᠡᠴᠢᠯᠡᠭᠡ ᠶᠢ  ᠬᠠᠩᠭᠠᠵᠤ ᠥᠭᠬᠦᠨ᠎ᠡ᠃      ● ᠬᠡᠷᠪᠡ ᠵᠣᠭᠤᠰ ᠵᠢᠭᠡᠯᠡᠭᠰᠡᠨ ᠰᠤᠷᠤᠭᠴᠢ ᠵᠢᠴᠢ ᠬᠠᠮᠲᠤ ᠪᠠᠷ ᠵᠢᠭᠡᠯᠡᠯᠭᠡ ᠲᠠᠯᠪᠢᠭᠴᠢ ᠶᠢᠨ ᠡᠷᠦᠬᠡ ᠠᠮᠠ ᠶᠢᠨ ᠳᠠᠩᠰᠠ ᠨᠢ ᠨᠢᠭᠡ ᠡᠷᠦᠬᠡ ᠠᠮᠠ ᠶᠢᠨ ᠳᠡᠪᠲᠡᠷ ᠳᠡᠭᠡᠷ᠎ᠡ ᠪᠠᠶᠢᠬᠤ ᠦᠭᠡᠢ ᠪᠣᠯ ᠬᠤᠶᠠᠷ ᠲᠠᠯ᠎ᠠ ᠶᠢᠨ ᠡᠷᠦᠬᠡ ᠠᠮᠠ ᠶᠢᠨ ᠳᠡᠪᠲᠡᠷ ᠤᠨ ᠤᠭ ᠮᠠᠲ᠋ᠧᠷᠢᠶᠠᠯ ᠢ ᠠᠪᠴᠤ ᠬᠦᠷᠬᠦ ᠬᠡᠷᠡᠭᠳᠡᠢ᠃      6. ᠰᠢᠶᠡᠨ ᠤ ᠱᠠᠳᠣᠨ ᠤ ᠰᠤᠷᠤᠭᠴᠢ ᠶᠢ ᠡᠳ᠋ ᠮᠥᠩᠬᠦ ᠪᠠᠷ ᠲᠤᠰᠠᠯᠠᠬᠤ ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ︽ᠬᠦᠯᠢᠶᠡᠨ ᠠᠪᠴᠤ ᠰᠢᠢᠳᠪᠤᠷᠢᠯᠡᠬᠦ ᠭᠡᠷᠡᠴᠢ︾᠎ ᠶᠢ ᠠᠪᠴᠤ ᠳᠡᠭᠡᠳᠦ ᠰᠤᠷᠭᠠᠭᠤᠯᠢ ᠳᠤ ᠬᠦᠷᠴᠤ ᠨᠡᠷ᠎ᠡ ᠮᠡᠳᠡᠭᠦᠯᠦᠭᠰᠡᠨ ᠤ ᠳᠠᠷᠠᠭ᠎ᠠ᠂ ᠳᠡᠭᠡᠳᠤ ᠰᠤᠷᠭᠠᠭᠤᠯᠢ ᠶᠢᠨ ᠰᠤᠷᠤᠭᠴᠢ ᠶᠢ ᠡᠳ᠋ ᠮᠥᠩᠬᠦ ᠪᠠᠷ ᠲᠤᠰᠠᠯᠠᠬᠤ ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠪᠠᠭᠰᠢ ᠨᠢ ᠲᠤᠰ ᠵᠢᠯ ᠤᠨ10 ᠰᠠᠷ᠎ᠠ ᠶᠢᠨ10 ᠎ ᠤ ᠡᠳᠦᠷ ᠠᠴᠠ ᠡᠮᠦᠨ᠎ᠡ ᠡᠯᠧᠺᠲᠷᠣᠨ ᠬᠠᠷᠢᠭᠤ ᠪᠠᠷᠢᠮᠳᠠ ᠶᠢ ᠪᠢᠴᠢᠵᠦ ᠣᠷᠤᠭᠤᠯᠤᠨ᠎ᠠ᠃      ︵ᠲᠥᠷᠪᠡ︶ ᠲᠤᠬᠠᠢ ᠶᠢᠨ ᠭᠠᠵᠠᠷ ᠲᠤ ᠦᠷᠭᠦᠯᠵᠢᠯᠡᠨ ᠵᠢᠭᠡᠯᠡᠯᠭᠡ ᠲᠠᠯᠪᠢᠬᠤ ᠳᠠᠷᠠᠭᠠᠯᠠᠯ ᠪᠠ ᠵᠢᠭᠡᠯᠡᠯᠭᠡ ᠭᠤᠶᠤᠴᠢᠯᠠᠬᠤ ᠮᠠᠲ᠋ᠧᠷᠢᠶᠠᠯ      ᠰᠦᠯᠵᠢᠶᠡᠨ ᠳᠡᠭᠡᠷ᠎ᠡ ᠥᠪᠡᠰᠤᠪᠡᠨ ᠭᠤᠶᠤᠴᠢᠯᠠᠬᠤ —  ᠭᠤᠶᠤᠴᠢᠯᠠᠬᠤ ᠮᠡᠳᠡᠭᠡ ᠵᠠᠩᠭᠢ ᠪᠠᠨ ᠪᠢᠴᠢᠬᠦ — ᠦᠷᠭᠦᠯᠵᠢᠯᠡᠨ ᠵᠢᠭᠡᠯᠡᠯᠭᠡ ᠲᠠᠯᠪᠢᠬᠤ ᠢᠯᠡᠷᠬᠡᠶᠢᠯᠡᠯᠲᠡ ᠲᠠᠭᠯᠠᠬᠤ — ︽ᠭᠤᠶᠤᠴᠢᠯᠠᠯ ᠤᠨ ᠬᠦᠰᠦᠨᠦᠭᠲᠦ︾᠎ ᠪᠠᠨ ᠳᠠᠷᠤᠮᠯᠠᠵᠤ ᠭᠠᠷᠭᠠᠬᠤ ᠶᠢᠨ ᠳᠠᠭᠠᠤ ᠭᠠᠷ ᠤᠨ ᠦᠰᠦᠭ ᠢᠶᠠᠨ ᠵᠢᠷᠤᠨ᠎ᠡ᠃      ᠰᠢᠶᠡᠨ ᠤ ᠱᠠᠳᠤᠨ ᠤ ᠰᠤᠷᠤᠭᠴᠢ ᠶᠢ ᠵᠤᠭᠤᠰ ᠮᠥᠩᠬᠦ ᠪᠠᠷ ᠲᠡᠳᠭᠦᠬᠦ ᠬᠠᠮᠢᠶᠠᠷᠤᠯᠳᠠ ᠶᠢᠨ ᠰᠠᠯᠠᠭ᠎ᠠ ᠮᠥᠴᠢᠷ — ᠵᠢᠭᠡᠯᠡᠯᠭᠡ ᠲᠠᠯᠪᠢᠬᠤ ᠠᠴᠠ ᠡᠮᠦᠨ᠎ᠡ ᠬᠢᠨᠠᠨ ᠪᠠᠶᠢᠴᠠᠭᠠᠬᠤ —  ᠭᠡᠷ᠎ᠡ ᠲᠣᠭᠲᠠᠬᠤ      ᠳᠡᠭᠡᠳᠦ ᠵᠡᠷᠭᠡ ᠶᠢᠨ ᠰᠤᠷᠭᠠᠭᠤᠯᠢ — ᠬᠠᠷᠢᠭᠤ ᠪᠠᠷᠢᠮᠲᠠ ᠪᠠᠨ ᠪᠢᠴᠢᠵᠦ ᠣᠷᠣᠭᠤᠯᠬᠤ — ᠳᠠᠩᠰᠠᠨ ᠳᠤ ᠣᠷᠤᠭᠤᠯᠬᠤ ᠮᠡᠳᠡᠭᠡ ᠵᠠᠩᠭᠢ ᠪᠠᠨ ᠬᠠᠷᠭᠤᠭᠤᠯᠬᠤᠤᠯᠤᠰ ᠤᠨ ᠨᠡᠭᠡᠭᠡᠨ ᠬᠦᠭᠵᠢᠬᠦᠯᠦᠯᠲᠡ ᠶᠢᠨ ᠪᠠᠩᠭᠢ — ᠬᠢᠨᠠᠨ ᠵᠥᠪᠰᠢᠶᠡᠷᠡᠬᠦ — ᠵᠢᠭᠡᠯᠡᠯᠭᠡ ᠶᠢᠨ ᠮᠥᠩᠬᠦ ᠶᠢ ᠲᠠᠷᠬᠠᠭᠠᠬᠤ       ᠠᠩᠬᠠᠷᠬᠤ ᠵᠦᠢᠯ᠄ ᠵᠢᠯ ᠪᠥᠷᠢ ᠰᠤᠷᠤᠭᠴᠢ ᠶᠢᠨ ᠰᠦᠯᠵᠢᠶᠡᠨ ᠳᠡᠭᠡᠷᠡᠬᠢ ᠰᠢᠰᠲ᠋ᠧᠮ ᠳᠡᠭᠡᠷ᠎ᠡ ᠬᠤᠶᠠᠷ ᠤᠳᠠᠭ᠎ᠠ ᠠᠴᠠ ᠢᠯᠡᠬᠦᠤ ᠰᠦᠯᠵᠢᠶᠡᠨ ᠳᠡᠭᠡᠷ᠎ᠡ ᠭᠠᠷᠬᠤ ᠬᠡᠷᠡᠭᠲᠡᠢ᠃      1. ᠰᠢᠶᠡᠨ ᠤ ᠱᠠᠳᠤᠨ ᠤ ᠰᠤᠷᠤᠭᠴᠢ ᠶᠢ ᠡᠳ᠋ ᠮᠥᠩᠬᠦ ᠪᠠᠷ ᠲᠤᠰᠠᠯᠠᠬᠤ ᠬᠠᠮᠢᠶᠠᠷᠤᠯᠳᠠ ᠶᠢᠨ ᠰᠠᠯᠠᠭ᠎ᠠ ᠮᠥᠴᠢᠷ ᠲᠤ ᠣᠴᠢᠵᠤ ᠦᠷᠬᠦᠯᠵᠢᠯᠡᠨ ᠵᠢᠭᠡᠯᠡᠯᠭᠡ ᠲᠠᠯᠪᠢᠬᠤ ᠭᠠᠷ ᠬᠦᠢᠴᠡᠳᠭᠡᠯ ᠬᠢᠬᠦ ᠠᠴᠠ ᠡᠮᠦᠨ᠎ᠡ᠂  ᠤᠷᠢᠳᠠᠪᠠᠷ ᠰᠤᠷᠤᠭᠴᠢ ᠶᠢᠨ ᠰᠦᠯᠵᠢᠶᠡᠨ ᠳᠡᠭᠡᠷᠡᠬᠢ ᠰᠢᠰᠲ᠋ᠧᠮ ᠳᠤ ᠳᠡᠮᠳᠡᠭᠯᠡᠬᠦᠯᠵᠦ ᠬᠤᠪᠢ ᠬᠦᠮᠦᠨ ᠵᠢᠴᠢ ᠬᠠᠮᠲᠤ ᠪᠠᠷ ᠵᠢᠭᠡᠯᠡᠯᠭᠡ ᠲᠠᠯᠪᠢᠭᠴᠢ ᠎ ᠶᠢᠨ ᠬᠠᠮᠢᠶ᠎ᠠ ᠪᠥᠬᠦᠢ ᠮᠡᠳᠡᠭᠡ ᠵᠠᠩᠭᠢ ᠶᠢ ᠰᠢᠨᠡᠴᠢᠯᠡᠵᠦ᠂ ᠳᠠᠬᠢᠨ ᠦᠷᠭᠦᠯᠵᠢᠯᠡᠨ ᠵᠢᠭᠡᠯᠡᠯᠭᠡ ᠠᠪᠬᠤ ᠭᠤᠶᠤᠴᠢᠯᠠᠯ ᠳᠤᠷᠠᠳᠤᠭᠠᠷᠠᠢ᠃ ᠰᠢᠰᠲ᠋ᠧᠮ ᠤᠨ ᠰᠠᠨᠠᠭᠤᠯᠤᠮᠵᠢ ᠪᠠᠷ ᠦᠷᠭᠦᠯᠵᠢᠯᠡᠨ ᠵᠢᠭᠡᠯᠡᠬᠦ ᠢᠯᠡᠷᠬᠡᠶᠢᠯᠡᠯᠲᠡ ᠲᠠᠭᠯᠠᠭᠰᠠᠨ ᠤ ᠳᠠᠷᠠᠭ᠎ᠠ ︽ᠭᠤᠶᠤᠴᠢᠯᠠᠯ ᠤᠨ ᠬᠦᠰᠦᠨᠦᠭᠲᠦ︾᠎ ᠶᠢ  ᠳᠠᠷᠤᠮᠯᠠᠬᠤ ᠶᠢᠨ ᠬᠠᠮᠲᠤ ᠭᠠᠷ ᠤᠨ ᠦᠰᠦᠭ ᠵᠢᠷᠤᠨ᠎ᠠ᠃      2. ᠦᠷᠬᠦᠯᠵᠢᠯᠡᠨ ᠵᠢᠭᠡᠯᠡᠯᠭᠡ ᠲᠠᠯᠪᠢᠬᠤ ᠮᠠᠲ᠋ᠧᠷᠢᠶᠠᠯ      ◆ ᠵᠢᠭᠡᠯᠡᠯᠭᠡ ᠬᠦᠢᠴᠡᠳᠭᠡᠬᠦ ᠲᠤᠰ ᠬᠦᠮᠦᠨ ᠤ ᠪᠡᠶ᠎ᠡ ᠶᠢᠨ ᠦᠨᠡᠮᠯᠡᠯ ᠤᠨ ᠤᠭ ᠪᠢᠴᠢᠭ      ◆ ᠵᠤᠭᠤᠰ ᠵᠢᠭᠡᠯᠡᠭᠰᠡᠨ ᠰᠤᠷᠤᠭᠴᠢ ᠪᠤᠶᠤ ᠬᠠᠮᠲᠤ ᠪᠠᠷ ᠵᠢᠭᠡᠯᠡᠯᠭᠡ ᠲᠠᠯᠪᠢᠭᠴᠢ ᠶᠢᠨ ᠭᠠᠷ ᠤᠨ ᠦᠰᠦᠭ ᠵᠢᠷᠤᠭᠰᠠᠨ ︽ᠤᠯᠤᠰ ᠤᠨ ᠨᠡᠭᠡᠭᠡᠨ ᠬᠦᠭᠵᠢᠬᠦᠯᠦᠯᠲᠡ ᠶᠢᠨ ᠪᠠᠩᠬᠢ ᠶᠢᠨ ᠣᠷᠣᠨ ᠨᠤᠲᠤᠭ ᠤᠨ ᠰᠤᠷᠤᠯᠭ᠎ᠠ ᠶᠢᠨ ᠳᠡᠳᠭᠦᠮᠵᠢ ᠶᠢᠨ ᠢᠳᠡᠭᠡᠮᠵᠢᠳᠤ ᠵᠢᠭᠡᠯᠡᠯᠭᠡ ᠢ ᠭᠤᠶᠤᠴᠢᠯᠠᠬᠤ ᠬᠦᠰᠦᠨᠦᠭᠲᠦ︾᠎ ᠶᠢᠨ ᠤᠭ ᠮᠠᠲ᠋ᠧᠷᠢᠶᠠᠯ      ᠠᠩᠬᠠᠷᠬᠤ ᠵᠦᠢᠯ᠄ ᠬᠡᠷᠪᠡ ᠬᠠᠮᠲᠤ ᠪᠠᠷ ᠵᠤᠭᠤᠰ ᠵᠢᠭᠡᠯᠡᠭᠴᠢ ᠶᠢ ᠰᠣᠯᠢᠬᠤ ᠴᠢᠬᠤᠯᠠᠳᠠᠢ ᠪᠣᠯ᠂ ᠵᠤᠭᠤᠰ ᠵᠢᠭᠡᠯᠡᠬᠦ ᠰᠤᠷᠤᠭᠴᠢ ᠬᠠᠮᠲᠤ ᠪᠠᠷ ᠵᠢᠭᠡᠯᠡᠯᠡᠭᠡ ᠲᠠᠯᠪᠢᠭᠴᠢ ᠲᠠᠢ ᠬᠠᠮᠲᠤ ᠰᠢᠶᠡᠨ ᠤ ᠱᠠᠳᠤᠨ ᠤ ᠰᠤᠷᠤᠭᠴᠢ ᠶᠢ ᠡᠳ᠋ ᠮᠥᠩᠬᠦ ᠪᠠᠷ ᠲᠤᠰᠠᠯᠠᠬᠤ ᠬᠠᠮᠢᠶᠠᠷᠤᠯᠳᠠ ᠶᠢᠨ ᠰᠠᠯᠠᠭ᠎ᠠ ᠮᠥᠴᠢᠷ ᠲᠤ ᠣᠴᠢᠵᠤ ᠲᠤᠬᠠᠢ ᠶᠢᠨ ᠭᠠᠵᠠᠷ ᠲᠤ ᠨᠢ ᠬᠦᠢᠴᠡᠳᠭᠡᠯ ᠬᠢᠨ᠎ᠡ᠃ 
 
ᠢᠷᠡᠯᠲᠡ᠄ ᠡᠵᠡᠨ᠎ᠡ ᠬᠤᠰᠢᠭᠤᠨ  ᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠤᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号