ᠡᠵᠡᠨ᠎ᠡ ᠬᠤᠰᠢᠭᠤᠨ ᠤ ᠲᠤᠯᠠᠭᠠᠯᠠᠭ᠎ᠠ ᠶᠢᠨ ᠺᠣᠮᠫᠠᠨᠢ ᠶᠢᠨ  2023︱ 2024 ᠣᠨ ᠤ ᠳᠤᠯᠠᠭᠠᠯᠠᠭ᠎ᠠ ᠶᠢᠨ ᠰᠦᠢᠳᠬᠡᠯ ᠲᠤᠰᠢᠶᠠᠬᠤ ᠳᠤ  ᠦᠵᠡᠭᠦᠯᠬᠦ ᠬᠠᠷᠠᠭᠠᠯᠵᠠᠯ ᠤᠨ ᠠᠷᠭ᠎ᠠ
ᠨᠡᠶᠢᠲᠡᠯᠡᠭᠰᠡᠨ ᠴᠠᠭ᠄
2023/9/20
ᠪᠥᠬᠦ ᠬᠤᠰᠢᠭᠤᠨ ᠤ ᠥᠷᠭᠡᠨ ᠣᠯᠠᠨ ᠳᠤᠯᠠᠭᠠᠯᠠᠭ᠎ᠠ  ᠬᠡᠷᠡᠭᠯᠡᠭᠴᠢ᠄      2023 ᠣᠨ ᠠᠴᠠ 2024 ᠣᠨ ᠤ ᠳᠤᠯᠠᠭᠠᠯᠠᠭ᠎ᠠ ᠶᠢᠨ ᠤᠯᠠᠷᠢᠯ ᠣᠶᠢᠷᠠᠳᠴᠤ᠂ ᠮᠠᠨ ᠤ ᠺᠣᠮᠫᠠᠨᠢ 2023 ᠣᠨ ᠤ 9 ᠰᠠᠷ᠎ᠠ ᠶᠢᠨ 11᠎ ᠤ ᠡᠳᠦᠷ ᠠᠴᠠ ᠡᠬᠢᠯᠡᠨ  ᠲᠤᠯᠠᠭᠠᠯᠠᠭ᠎ᠠ ᠶᠢᠨ ᠰᠦᠢᠳᠭᠡᠯ ᠬᠤᠷᠢᠶᠠᠬᠤ ᠠᠵᠢᠯ ᠢᠶᠠᠨ ᠡᠬᠢᠯᠡᠭᠦᠯᠦᠨ᠎ᠡ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠴᠠᠭ ᠬᠤᠭᠤᠴᠠᠭ᠎ᠠ ᠵᠢᠴᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ      ︵ᠨᠢᠭᠡ︶ ᠳᠤᠯᠠᠭᠠᠯᠠᠭ᠎ᠠ ᠶᠢᠨ ᠰᠦᠢᠳᠬᠡᠯ  ᠲᠤᠰᠢᠶᠠᠬᠤ ᠬᠤᠭᠤᠴᠠᠭ᠎ᠠ ᠪᠠ ᠬᠠᠷᠠᠭᠠᠯᠵᠠᠯ ᠤᠨ ᠠᠷᠭ᠎ᠠ᠄ 2023 ᠣᠨ ᠤ 9 ᠳ᠋ᠦ᠋ᠭᠡᠷ ᠰᠠᠷ᠎ᠠ ᠶᠢᠨ 11᠎ ᠤ ᠡᠳᠦᠷ ᠠᠴᠠ ᠡᠬᠢᠯᠡᠨ ᠳᠤᠯᠠᠭᠠᠯᠠᠭ᠎ᠠ ᠶᠢᠨ ᠰᠦᠢᠳᠬᠡᠯ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠬᠡᠨ᠎ᠡ᠃ 2023 ᠣᠨ ᠤ 9 ᠳ᠋ᠦ᠋ᠭᠡᠷ ᠰᠠᠷ᠎ᠠ ᠶᠢᠨ 11᠎ ᠤ ᠡᠳᠦᠷ ᠠᠴᠠ 2023 ᠣᠨ ᠤ 10 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯᠠᠬᠢ ᠬᠤᠭᠤᠴᠠᠭᠠᠨ ᠳᠤ ᠰᠦᠢᠳᠬᠡᠯ ᠲᠤᠰᠢᠶᠠᠭᠰᠠᠨ ᠬᠡᠷᠡᠭᠯᠡᠭᠴᠢ ᠪᠦᠬᠦᠨ ᠳᠤ ᠲᠡᠭᠰᠢ ᠳᠥᠷᠪᠡᠯᠵᠢᠨ ᠮᠧᠲᠷ ᠪᠦᠷᠢ ᠳᠤ 1 ᠲᠥᠭᠦᠷᠢᠭ ᠤᠨ ᠬᠠᠷᠠᠭᠠᠯᠵᠠᠯ ᠦᠵᠡᠭᠦᠯᠦᠨ᠎ᠡ᠃  ᠲᠤᠰ ᠬᠤᠭᠤᠴᠠᠭ᠎ᠠ ᠥᠩᠭᠡᠷᠡᠭᠡᠳ ᠭᠦᠢᠴᠡᠳᠬᠡᠬᠦ ᠪᠠ ᠲᠤᠯᠠᠭᠠᠯᠠᠭ᠎ᠠ ᠪᠠᠨ ᠵᠤᠭᠰᠤᠭᠠᠬᠤ ᠪᠠᠷ ᠮᠡᠳᠡᠭᠦᠯᠦᠭᠰᠡᠨ ᠬᠡᠷᠡᠭᠯᠡᠭᠴᠢ ᠲᠣᠰ ᠬᠠᠷᠠᠭᠠᠯᠵᠠᠯ ᠢ ᠬᠦᠷᠲᠡᠬᠦ ᠦᠭᠡᠢ᠃      ︵ᠬᠤᠶᠠᠷ︶ ᠪᠣᠯᠵᠤᠭ᠎ᠠ ᠠᠴᠠ ᠵᠥᠷᠢᠴᠡᠭᠰᠡᠨ ᠪᠠᠶᠢᠳᠠᠯ᠄ 2024 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ 2023 ᠣᠨ ᠠᠴᠠ 2024 ᠣᠨ ᠤ ᠳᠤᠯᠠᠭᠠᠯᠠᠭ᠎ᠠ ᠶᠢᠨ ᠰᠦᠢᠳᠬᠡᠯ ᠢᠶᠠᠨ ᠲᠤᠰᠢᠶᠠᠭᠰᠠᠨ ᠦᠭᠡᠢ ᠬᠡᠷᠡᠭᠯᠡᠭᠴᠢ ᠠᠴᠠ ᠲᠤᠰᠢᠶᠠᠬᠤ ᠶᠣᠰᠣᠲᠠᠢ ᠳᠤᠯᠠᠭᠠᠯᠠᠭ᠎ᠠ ᠶᠢᠨ ᠰᠦᠢᠳᠬᠡᠯ ᠤᠨ ᠶᠡᠷᠦᠩᠬᠡᠢ ᠲᠣᠭᠠᠨ ᠤ 1‰᠎ ᠶᠢ  ᠡᠳᠦᠷ ᠢᠶᠠᠷ ᠪᠤᠳᠤᠵᠤ ᠬᠤᠷᠢᠶᠠᠨ᠎ᠠ᠃      ᠬᠤᠶᠠᠷ᠂ ᠰᠦᠢᠳᠬᠡᠯ ᠬᠤᠷᠢᠶᠠᠬᠤ ᠪᠠᠷᠢᠮᠵᠢᠶ᠎ᠠᠣᠷᠣᠰᠢᠨ ᠰᠠᠭᠤᠷᠢᠰᠢᠬᠤ ᠭᠡᠷ ᠪᠠᠶᠢᠰᠢᠩ ᠲᠡᠭᠰᠢ ᠲᠦᠷᠪᠡᠯᠵᠢᠨ ᠮᠧᠲᠷ ᠪᠦᠷᠢ ᠶᠢᠨ 21.50 ᠲᠥᠭᠦᠷᠢᠭ᠂ ᠪᠤᠰᠤᠳ ᠬᠡᠷᠡᠭᠯᠡᠭᠡᠨ ᠤ ᠭᠡᠷ ᠪᠠᠶᠢᠰᠢᠩ ᠲᠡᠭᠰᠢ ᠲᠦᠷᠪᠡᠯᠵᠢᠨ ᠮᠧᠲᠷ ᠪᠦᠷᠢ ᠶᠢᠨ 30.50 ᠲᠥᠭᠦᠷᠢᠭ      ᠭᠤᠷᠪᠠ᠂ ᠰᠦᠢᠳᠭᠡᠯ ᠲᠤᠰᠢᠶᠠᠬᠤ ᠭᠠᠵᠠᠷ      1. ᠬᠤᠰᠢᠭᠤᠨ ᠤ ᠳᠤᠯᠠᠭᠠᠯᠠᠭ᠎ᠠ ᠬᠠᠩᠭᠠᠬᠤ ᠺᠣᠮᠫᠠᠨᠢ ᠶᠢᠨ ᠨᠢᠭᠡᠳᠦᠭᠡᠷ ᠳᠠᠪᠬᠤᠷᠯᠢᠭ ᠤᠨ ᠰᠦᠢᠳᠬᠡᠯ ᠬᠤᠷᠢᠶᠠᠬᠤ ᠲᠢᠩᠬᠢᠮ ︵ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠶᠢᠨ ᠪᠠᠷᠠᠭᠤᠨ ᠲᠠᠯ᠎ᠠ︶       2.ᠡᠵᠡᠨ᠎ᠡ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠲᠤᠯᠠᠭᠠᠯᠠᠭ᠎ᠠ ᠬᠠᠩᠭᠠᠬᠤ ᠦᠢᠯᠡᠴᠢᠯᠡᠭᠡᠨ ᠤ ᠴᠣᠩᠬᠤ︶       3. ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠳᠤ ᠳᠣᠣᠷᠠᠬᠢ ᠬᠤᠶᠠᠷ ᠬᠡᠮᠵᠢᠯᠲᠦ ᠺᠤᠳ᠋ ᠢ ᠰᠢᠷᠪᠢᠵᠦ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠪᠠᠯ ᠪᠣᠯᠴᠢᠬᠠᠨ᠎ᠠ᠃ᠳᠥᠷᠪᠡ᠂ ᠦᠢᠯᠡᠴᠢᠯᠡᠭᠡᠨ ᠤ ᠳ᠋ᠢᠶᠠᠩᠬᠤᠸᠠ      ᠰᠦᠢᠳᠬᠡᠯ ᠬᠤᠷᠢᠶᠠᠬᠤ ᠯᠠᠪᠯᠠᠯᠲᠠ ᠶᠢᠨ ᠤᠲᠠᠰᠤ᠄ 0483-6522359᠂ 15714830245      24 ᠴᠠᠭ ᠤᠨ ᠵᠠᠪᠳᠤᠨ ᠵᠠᠰᠠᠬᠤ ᠤᠲᠠᠰᠤ᠄ 13654837748
000.jpg 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号