ᠪᠠᠶᠠᠨᠲᠣᠣᠷᠠᠢ ᠰᠤᠮᠤ ᠲᠣᠣᠷᠠᠢ ᠶᠢᠨ ᠨᠠᠶᠢᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/4
      8 ᠰᠠᠷ᠎ᠠ ᠶᠢᠨ 30᠎ ᠤ ᠡᠳᠦᠷ ᠂ ᠪᠠᠶᠠᠨᠲᠣᠣᠷᠠᠢ ᠰᠤᠮᠤᠨ ᠳᠤ ᠲᠣᠣᠷᠠᠢ ᠶᠢᠨ ᠨᠠᠶᠢᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠯᠢᠨ ᠵᠢᠶᠠᠩ ᠬᠤᠷᠠᠯ ᠡᠷᠬᠢᠯᠡᠵᠦ ᠂ ᠰᠤᠮᠤ ᠶᠢᠨ ᠲᠣᠮᠢᠯᠠᠭᠰᠠᠨ ᠰᠠᠯᠪᠤᠷᠢ ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠂ ᠵᠤᠭᠠᠴᠠᠯ ᠤᠨ ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠲᠠᠨ᠂ ᠵᠤᠤ ᠲᠦᠩ ᠡᡁᠸ ᠲᠢᠶᠠᠨ ᠰᠢᠶᠠ ᠵᠤᠭᠠᠴᠠᠯ ᠤᠨ ᠺᠣᠮᠫᠠᠨᠢ ᠶᠢᠨ ᠭᠤᠣᠯ ᠬᠠᠷᠢᠭᠤᠴᠠᠯᠭᠠᠲᠠᠨ ᠂ ᠨᠠᠢᠮᠠᠳᠤᠭᠠᠷ ᠬᠥᠭᠦᠷᠭᠡ ᠶᠢᠨ ᠴᠢᠯᠠᠭᠤᠨ ᠮᠠᠲ᠋ᠧᠷᠢᠶᠠᠯ ᠤᠨ ᠦᠢᠯᠡᠳᠪᠦᠷᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ ᠃      ᠬᠤᠷᠠᠯ ᠳᠡᠭᠡᠷ᠎ᠡ ᠂ ᠲᠣᠣᠷᠠᠢ ᠶᠢᠨ ᠨᠠᠶᠢᠷ ᠢ ᠤᠭᠲᠤᠬᠤ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ ᠂ ᠡᠷᠬᠡᠪᠰᠢ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ︽ ᠭᠡᠮ ᠰᠣᠭᠤᠭ ᠪᠣᠯ ᠳᠠᠷᠤᠢ ᠠᠳᠡᠯ ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ ᠂ ᠡᠯ᠎ᠡ ᠲᠦᠷᠦᠯ ᠤᠨ ᠠᠶᠤᠯ ᠲᠦᠭᠰᠢᠭᠦᠷᠢ ᠪᠣᠯᠣᠨ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠬᠤ ᠬᠡᠷᠡᠭᠲᠡᠢ ᠭᠡᠰᠡᠨ       ᠪᠠᠶᠢᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ ᠂ ᠨᠢᠭᠡ ᠳᠤ ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ ᠃ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠂ ᠠᠶᠤᠯᠭᠦᠢ ᠦᠢᠯᠡᠳᠪᠦᠷᠢᠯᠡᠯ ᠤᠨ ᠡᠨᠡᠬᠦ ᠤᠯᠠᠭᠠᠨ ᠱᠤᠭᠤᠮ ᠂ ᠬᠤᠷᠢᠭ᠎ᠠ ᠱᠤᠭᠤᠮ ᠂ ᠠᠮᠢ ᠨᠠᠰᠤᠨ ᠤ ᠱᠤᠭᠤᠮ ᠢ ᠪᠠᠲᠤ ᠰᠠᠬᠢᠵᠤ ᠂ ᠴᠠᠭ ᠢᠮᠠᠭᠲᠠ ᠳᠡᠭᠡᠳᠦ ᠬᠡᠮᠵᠢᠶ᠎ᠡ ᠪᠠᠷ ᠰᠡᠷᠡᠮᠵᠢᠯᠡᠵᠦ ᠂ ᠴᠢᠭᠯᠡᠭᠦᠯᠬᠦ ᠴᠢᠨᠠᠷᠲᠠᠢ ᠠᠷᠭ᠎ᠠ ᠬᠡᠮᠵᠢᠶ᠎ᠡ ᠠᠪᠴᠤ ᠂ ᠪᠦᠬᠦ ᠰᠤᠮᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠥᠭᠡᠳ ᠰᠠᠶᠢᠵᠢᠷᠠᠬᠤ ᠶᠢ ᠪᠠᠲᠤᠯᠠᠬᠤ ᠬᠡᠷᠡᠭᠲᠡᠢ ᠃ ᠬᠤᠶᠠᠷ ᠲᠤ ᠂ ᠪᠠᠭᠤᠷᠠᠢ ᠳᠤᠲᠠᠭᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠪᠠᠭᠤᠷᠠᠢ ᠭᠤᠭᠴᠤᠭ᠎ᠠ ᠪᠣᠯᠣᠨ ᠳᠤᠲᠠᠭᠳᠠᠯ ᠪᠠᠭᠤᠷᠠᠢ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠂ ᠠᠷᠭ᠎ᠠ ᠬᠡᠮᠵᠢᠶ᠎ᠡ ᠶᠢ ᠴᠢᠩᠭᠠᠷᠠᠭᠤᠯᠤᠨ ᠤᠨᠢᠨ ᠳᠡᠭᠡᠷ᠎ᠡ ᠨᠢ ᠬᠦᠴᠦᠯᠡᠵᠦ ᠂ ᠳᠠᠷᠠᠭᠠᠯᠠᠨ ᠪᠠᠶᠢᠴᠠᠭᠠᠬᠤ ᠳᠤ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠡᠶᠡᠯᠡᠭᠦᠯᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠤᠰᠠᠳᠬᠠᠬᠤ ᠬᠡᠷᠡᠭᠲᠡᠢ ᠃ ᠭᠤᠷᠪᠠ ᠳᠤ ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠠᠮᠤᠷ ᠲᠦᠪᠰᠢᠨ ᠤ ᠬᠥᠮᠦᠵᠢᠯ ᠢ ᠴᠢᠩᠭᠠᠳᠬᠠᠬᠤ ᠬᠡᠷᠡᠭᠲᠡᠢ ᠃ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠪᠥᠬᠦ ᠰᠤᠮᠤ ᠪᠠᠷ ᠢᠶᠠᠨ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠪᠠ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠳᠥᠷᠪᠡ ᠳᠤ ᠂ ᠦᠵᠡᠮᠵᠢ ᠶᠢᠨ ᠣᠷᠣᠨ ᠤ ᠲᠣᠭᠤᠷᠢᠨ ᠬᠠᠮᠠᠭᠠᠯᠠᠯᠲᠠ ᠶᠢ ᠴᠢᠩᠭᠠᠳᠬᠠᠵᠤ ᠂ ᠵᠤᠭᠠᠴᠠᠭᠰᠠᠳ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠃ ᠦᠵᠡᠮᠵᠢ ᠶᠢᠨ ᠣᠷᠣᠨ ᠤ ᠪᠥᠬᠦ ᠲᠠᠯ᠎ᠠ ᠶᠢᠨ ᠠᠮᠤᠷ ᠲᠦᠪᠰᠢᠨ ᠤ ᠲᠣᠭᠤᠷᠢᠨ ᠬᠠᠮᠠᠭᠠᠯᠠᠯᠲᠠ ᠶᠢ ᠴᠢᠩᠭᠠᠳᠬᠠᠵᠤ᠂ ᠦᠵᠡᠮᠵᠢ ᠶᠢᠨ ᠣᠷᠣᠨ ᠤ ᠬᠠᠲᠠᠭᠤ ᠬᠡᠷᠡᠭᠰᠡᠯ ᠤᠨ ᠪᠡᠯᠡᠳᠬᠡᠮᠵᠢ᠂ ᠭᠠᠯ ᠤᠨᠲᠠᠷᠠᠭᠠᠬᠤ ᠠᠮᠤᠷ ᠲᠣᠪᠰᠢᠨ ᠤ ᠳᠠᠯᠳᠠ ᠬᠡᠮ᠂ ᠬᠥᠮᠥᠰ ᠤᠨ ᠮᠥᠷᠭᠦᠯᠳᠦᠭᠡᠨ ᠤ ᠵᠥᠷᠢᠴᠡᠯ ᠢ ᠭᠤᠣᠯᠳᠠᠯᠭ᠎ᠠ ᠲᠠᠢ ᠠᠩᠬᠠᠷᠴᠤ᠂ ᠵᠢᠭᠤᠯᠴᠢᠯᠠᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠂ ᠠᠮᠤᠷ ᠲᠦᠪᠰᠢᠨ᠂ ᠬᠠᠯᠠᠭᠤᠨ ᠳᠤᠯᠠᠭᠠᠨ᠂ ᠡᠮᠬᠢ ᠵᠢᠷᠤᠮ ᠲᠠᠢ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号