ᠰᠠᠶᠢᠬᠠᠨᠲᠤᠤᠷᠠᠢ ᠰᠤᠮᠤ ᠠᠭᠤᠷᠬᠠᠶ ᠶᠢᠨ ᠡᠬᠢ ᠪᠠᠶᠠᠯᠢᠭ ᠳᠤ ᠬᠠᠤᠯᠢ ᠬᠡᠷᠡᠭᠵᠢᠭᠦᠯᠦᠨ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/9/4
      8 ᠰᠠᠷ᠎ᠠ ᠶᠢᠨ 28᠎ ᠤ ᠡᠳᠦᠷ᠂ ᠰᠠᠶᠢᠬᠠᠨᠲᠤᠤᠷᠠᠢ ᠰᠤᠮᠤᠨ ᠤ ᠠᠷᠠᠳ ᠤᠨ ᠵᠠᠰᠠᠭ ᠤᠨ ᠣᠷᠳᠣᠨ᠂ ᠰᠠᠶᠢᠬᠠᠨᠲᠤᠷᠠᠢ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠵᠤ ᠠᠭᠤᠷᠬᠠᠶ ᠶᠢᠨ ᠡᠬᠢ ᠪᠠᠶᠠᠯᠢᠭ ᠳᠤ ᠬᠠᠤᠯᠢ ᠬᠡᠷᠡᠭᠵᠢᠭᠦᠯᠦᠨ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ ᠃       ᠲᠣᠭᠤᠷᠢᠨ ᠪᠠᠶᠢᠴᠠᠭᠠᠬᠤ ᠳᠤᠭᠤᠶᠢᠯᠠᠩ ᠨᠢ ᠠᠭᠤᠷᠬᠠᠶ ᠶᠢᠨ ᠡᠬᠢ ᠪᠠᠶᠠᠯᠢᠭ ᠤᠨ ᠲᠠᠷᠬᠠᠴᠠ᠂ ᠵᠠᠮ ᠬᠠᠷᠢᠯᠴᠠᠭ᠎ᠠ᠂ ᠰᠤᠮᠤ ᠪᠠᠯᠭᠠᠰᠤᠨ ᠤ ᠠᠭᠤᠯᠵᠠᠷ ᠲᠠᠬᠢ ᠣᠷᠣᠨ ᠪᠦᠰᠡ ᠶᠢᠨ ᠬᠠᠤᠯᠢ ᠬᠡᠷᠡᠭᠵᠢᠭᠦᠯᠦᠨ ᠲᠣᠭᠤᠷᠢᠨ ᠪᠠᠶᠢᠴᠠᠭᠠᠬᠤ ᠲᠠᠯ᠎ᠠ ᠪᠠᠷ ᠬᠢ ᠪᠠᠭᠤᠷᠠᠶ ᠪᠠᠶᠢᠭ᠎ᠠ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠠᠭᠤᠷᠬᠠᠶ ᠶᠢᠨ ᠡᠬᠢ ᠪᠠᠶᠠᠯᠢᠭ ᠤᠨ ᠬᠠᠤᠯᠢ  ᠬᠡᠷᠡᠭᠵᠢᠭᠦᠯᠦᠨ ᠲᠣᠭᠤᠷᠢᠨ ᠪᠠᠶᠢᠴᠠᠭᠠᠬᠤ ᠵᠠᠩᠭᠢᠯᠠᠭ᠎ᠠ ᠶᠢᠨ ᠣᠷᠣᠨ᠂ ᠪᠠᠭᠤᠷᠠᠶ ᠲᠠᠯ᠎ᠠ ᠳᠤ ᠭᠦᠨᠵᠡᠭᠡᠶᠢᠷᠡᠨ ᠪᠥᠬᠦ ᠲᠠᠯ᠎ᠠ ᠪᠠᠷ ᠤᠶᠢᠯᠠᠭᠠᠨ ᠪᠠᠶᠢᠴᠠᠭᠠᠬᠤ ᠠᠵᠢᠯ ᠢ ᠦᠷᠨᠢᠬᠦᠯᠪᠡ᠃       ᠲᠠᠷᠠᠭᠠᠴᠢ ᠶᠢᠨ ᠠᠯᠬᠤᠮ ᠳᠤ᠂ ᠰᠠᠶᠢᠬᠠᠨᠲᠤᠤᠷᠠᠢ ᠰᠤᠮᠤ ᠠᠭᠤᠷᠬᠠᠶ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠨ ᠲᠣᠭᠤᠷᠢᠨ ᠪᠠᠶᠢᠴᠠᠭᠠᠬᠤ ᠠᠵᠢᠯ ᠤᠨ ᠡᠷᠴᠢᠮ ᠢᠶᠠᠨ ᠦᠷᠭᠦᠯᠵᠢᠯᠡᠨ  ᠨᠡᠮᠡᠭᠳᠡᠬᠦᠯᠵᠦ᠂ ᠡᠬᠢ       ᠪᠠᠶᠠᠯᠢᠭ ᠤᠨ ᠬᠠᠮᠠᠭᠠᠯᠠᠯᠲᠠ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ︽ᠳᠡᠭ ᠬᠦᠯᠢᠴᠡᠯ︾ ᠪᠠᠶᠢᠬᠤ ᠣᠪᠣᠷ ᠢᠶᠠᠨ ᠢᠮᠠᠭᠲᠠ  ᠪᠠᠷᠢᠮᠳᠠᠯᠠᠵᠦ᠂ ᠪᠣᠳᠠᠲᠤ ᠠᠵᠢᠯᠯᠠᠭ᠎ᠠ ᠪᠠᠷ ᠢᠶᠠᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠨ᠎ᠠ ᠃
 
ᠢᠷᠡᠯᠲᠡ᠄ ᠰᠠᠶᠢᠬᠠᠨᠲᠤᠤᠷᠠᠢ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号