ᠰᠠᠶᠢᠬᠠᠨᠲᠤᠤᠷᠠᠢ ᠰᠤᠮᠤ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠳᠠᠯᠳᠠ ᠬᠡᠮ ᠢ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/9/4
      ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠵᠤ᠂  ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ 8 ᠰᠠᠷ᠎ᠠ ᠶᠢᠨ 28᠎ ᠤ ᠡᠳᠦᠷ᠂ ᠰᠠᠶᠢᠬᠠᠨᠲᠤᠤᠷᠠᠢ ᠰᠤᠮᠤ ᠨᠢ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠠᠮᠤᠷ ᠲᠦᠪᠰᠢᠨ ᠤ ᠳᠠᠯᠳᠠ ᠭᠡᠮ ᠢ  ᠪᠠᠶᠢᠴᠠᠭᠠᠬᠤ ᠠᠵᠢᠯ ᠢ       ᠥᠷᠨᠢᠭᠦᠯᠪᠡ ᠃       ᠲᠣᠰ ᠤᠳᠠᠭᠠᠨ ᠤ ᠪᠠᠶᠢᠴᠠᠭᠠᠯᠲᠠ ᠳᠤ ᠮᠥᠷᠡᠨ ᠭᠤᠤᠯ᠂ ᠣᠪᠣᠭ᠎ᠠ ᠭᠤᠤᠯ᠂ ᠲᠦᠯᠡᠢ ᠭᠤᠤᠯ᠂ ᠯᠦᠩᠽᠢ ᠭᠤᠤᠯ ᠵᠡᠷᠭᠡ ᠭᠤᠤᠯ ᠮᠥᠷᠡᠨ ᠤ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠠᠵᠢᠯᠯᠠᠭᠠᠨ᠂ ᠭᠤᠤᠯ ᠤᠨ ᠡᠷᠭᠢ ᠶᠢᠨ ᠣᠷᠣᠨ ᠪᠦᠰᠡ ᠶᠢᠨ ᠬᠠᠮᠠᠭᠠᠯᠠᠯᠲᠠ ᠶᠢᠨ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠤᠰᠤᠨ ᠬᠠᠭᠠᠯᠲᠠ ᠶᠢ ᠬᠠᠮᠠᠭᠠᠯᠠᠬᠤ᠂ ᠨᠡᠭᠡᠭᠡᠵᠦ ᠬᠠᠭᠠᠬᠤ ᠮᠠᠰᠢᠨ᠂ ᠴᠠᠬᠢᠯᠭᠠᠨ ᠮᠠᠰᠢᠨ᠂ ᠬᠠᠭᠠᠯᠲᠠ ᠶᠢᠨ       ᠬᠠᠪᠲᠠᠰᠤ᠂ ᠴᠠᠬᠢᠯᠭᠠᠨ ᠬᠡᠯᠬᠢᠶ᠎ᠡ ᠶᠢᠨ ᠴᠠᠬᠢᠯᠭᠠᠨ ᠤᠲᠠᠰᠤ ᠨᠢ ᠪᠦᠷᠢᠨ ᠪᠦᠲᠦᠨ ᠪᠠᠶᠢᠬᠤ ᠡᠰᠡᠬᠦ᠂ ᠭᠤᠤᠯ ᠤᠨ ᠡᠷᠭᠢ ᠶᠢᠨ ᠣᠷᠣᠨ ᠪᠦᠰᠡ ᠣᠰᠣᠨ ᠳᠤ ᠰᠥᠢᠳᠬᠦ ᠦᠵᠡᠭᠳᠡᠯ ᠣᠷᠣᠰᠢᠵᠤ ᠪᠠᠶᠢᠬᠤ ᠡᠰᠡᠬᠦ ᠵᠢᠴᠢ ᠣᠰᠣᠨ ᠳᠤ ᠰᠥᠢᠳᠬᠦ ᠳᠠᠯᠳᠠ ᠬᠡᠮ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠥᠬᠦ ᠲᠠᠯ᠎ᠠ ᠪᠠᠷ ᠪᠠᠶᠢᠴᠠᠭᠠᠪᠠ ᠃       ᠲᠠᠷᠠᠭᠠᠴᠢ ᠶᠢᠨ ᠠᠯᠬᠤᠮ ᠳᠤ᠂ ᠰᠠᠶᠢᠬᠠᠨᠲᠤᠤᠷᠠᠢ ᠰᠤᠮᠤ ︽ᠭᠤᠤᠯ ᠮᠦᠷᠡᠨ ᠤ ᠳᠠᠷᠤᠭ᠎ᠠ ᠶᠢᠨ           ᠲᠦᠷᠢᠮ︾᠎ ᠤᠨ ᠠᠵᠢᠯ ᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ ᠶᠠᠪᠤᠳᠠᠯ ᠤᠨ ᠠᠶᠤᠯᠭᠦᠶ ᠦᠶᠯᠡᠳᠪᠦᠷᠢᠯᠡᠯ ᠤᠨ ᠠᠵᠢᠯ ᠢ ᠦᠷᠭᠦᠯᠵᠢᠯᠡᠨ ᠥᠷᠨᠢᠭᠦᠯᠵᠦ᠂ ᠳᠠᠯᠳᠠ ᠬᠡᠮ ᠢ ᠪᠠᠶᠢᠴᠠᠭᠠᠵᠤ ᠴᠡᠭᠴᠡᠯᠡᠨ ᠵᠠᠰᠠᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠰᠤᠮᠤᠨ ᠤ ᠠᠶᠤᠯᠭᠦᠶ ᠦᠶᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ ᠃
 
ᠢᠷᠡᠯᠲᠡ᠄ ᠰᠠᠶᠢᠬᠠᠨᠲᠤᠤᠷᠠᠢ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号