ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠵᠦ᠂ ᠡᠵᠡᠨ᠎ᠡ ᠬᠤᠰᠢᠭᠤᠨ ᠤ ᠡᠯ᠎ᠡ ᠳᠤᠮᠳᠠᠳᠤ ᠪᠠᠭ᠎ᠠ | ᠰᠤᠷᠭᠠᠭᠤᠯᠢ ᠨᠢ ᠡᠯ᠎ᠡ ᠲᠠᠯ᠎ᠠ ᠶᠢᠨ ᠪᠡᠯᠡᠳᠭᠡᠯ ᠠᠵᠢᠯ ᠢᠶᠠᠨ ᠨᠠᠷᠢᠨ ᠬᠢᠨᠠᠮᠠᠭᠠᠢ ᠰᠠᠶᠢᠲᠦᠷ ᠬᠢᠨ᠂ ᠪᠠᠶᠠᠯᠢᠭ ᠠᠭᠤᠯᠭ᠎ᠠ | ᠪᠦᠬᠦᠢ ᠰᠤᠷᠤᠯᠭ᠎ᠠ ᠶᠢᠨ ᠠᠩᠬᠠᠨ ᠤ ᠬᠢᠴᠢᠶᠡᠯ ᠨᠢ ᠰᠤᠷᠤᠭᠴᠢᠳ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ | ᠤᠭᠲᠤᠨ ᠠᠪᠬᠤ ᠳᠤ ᠨᠢ ᠤᠷᠮ᠎ᠠ ᠵᠤᠷᠢᠭ ᠢ ᠨᠢ ᠬᠦᠭᠵᠢᠭᠡᠨ᠎ᠡ᠃ | 9 ᠰᠠᠷ᠎ᠠ ᠶᠢᠨ 4 ᠤ ᠡᠳᠦᠷ ᠡᠯ᠎ᠡ ᠰᠤᠷᠭᠠᠭᠤᠯᠢ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠨ | ᠠᠪᠤᠯ᠎ᠠ᠃ ᠡᠵᠡᠨ᠎ᠡ ᠬᠤᠰᠢᠭᠤᠨ ᠤ ᠮᠤᠩᠭᠤᠯ ᠦᠨᠳᠦᠰᠦᠲᠡᠨ ᠤ ᠰᠤᠷᠭᠠᠭᠤᠯᠢ ᠨᠢ ᠤᠯᠤᠰ ᠤᠨ ᠲᠤᠭ ᠮᠠᠨᠳᠤᠭᠤᠯᠬᠤ | ᠶᠤᠰᠤᠯᠠᠯ ᠶᠠᠪᠤᠭᠳᠠᠭᠤᠯᠵᠤ᠂ ︽ᠨᠠᠮ ᠳᠠᠭᠠᠨ ᠥᠨᠡᠨᠴᠢ ᠪᠠᠷ ᠬᠠᠨᠳᠤᠵᠤ᠂ ᠰᠢᠨ᠎ᠡ ᠴᠠᠭ ᠦᠶ᠎ᠡ ᠶᠢᠨ ᠰᠠᠶᠢᠨ | ᠪᠠᠭᠠᠴᠤᠳ ᠪᠤᠯᠤᠶ᠎ᠠ︾ ᠭᠡᠬᠦ ᠤᠯᠠᠭᠠᠨ ᠲᠤᠭ ᠤᠨ ᠳᠤᠤᠷᠠᠬᠢ ᠶᠠᠷᠢᠶ᠎ᠠ ᠢᠯᠡᠳᠭᠡᠯ ᠢᠶᠠᠷ ᠰᠢᠨ᠎ᠡ ᠰᠤᠷᠤᠯᠭ᠎ᠠ ᠶᠢᠨ | ᠬᠤᠭᠤᠴᠠᠭ᠎ᠠ ᠪᠠᠨ ᠤᠭᠲᠤᠴᠠᠭᠠᠨᠠ᠃ ᠡᠨᠡ ᠵᠢᠯ ᠠᠴᠠ ᠮᠠᠨ ᠤ ᠬᠤᠰᠢᠭᠤᠨ ᠤ ᠮᠤᠩᠭᠤᠯ ᠦᠨᠳᠦᠰᠦᠲᠡᠨ ᠤ | ᠰᠤᠷᠭᠠᠭᠤᠯᠢ ᠨᠢ ᠤᠯᠤᠰ ᠤᠨ ᠨᠢᠭᠡᠳᠦᠯᠲᠡᠢ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠵᠦ᠂ ᠵᠢᠭᠠᠨ | ᠰᠤᠷᠭᠠᠯᠲᠠ ᠶᠢᠨ ᠪᠠᠭᠰᠢ ᠨᠠᠷ ᠲᠤ ᠨᠡᠩ ᠦᠨᠳᠦᠷ ᠬᠠᠷᠠᠯᠲᠠ ᠪᠠ ᠱᠠᠭᠠᠷᠳᠠᠯᠭ᠎ᠠ ᠶᠢ ᠳᠤᠷᠠᠳᠴᠦ᠂ ᠡᠯ᠎ᠡ ᠲᠠᠯ᠎ᠠ ᠶᠢᠨ | ᠬᠠᠮᠲᠤ ᠶᠢᠨ ᠬᠠᠪᠰᠤᠷᠤᠯᠴᠠᠭ᠎ᠠ ᠳᠡᠮᠵᠢᠯᠭᠡ ᠳᠤᠤᠷ᠎ᠠ ᠪᠠᠭᠰᠢ ᠨᠠᠷ ᠢᠲᠡᠪᠬᠢᠲᠡᠢ ᠬᠦᠳᠡᠯᠦᠯᠴᠡᠨ᠂ ᠤᠯᠠᠨ ᠵᠦᠢᠯ ᠤᠨ | ᠬᠡᠯᠪᠡᠷᠢ ᠪᠠᠷ ᠬᠤᠪᠢ ᠪᠡᠶ᠎ᠡ ᠶᠢᠨ ᠵᠢᠭᠠᠨ ᠰᠤᠷᠭᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢᠶᠠᠨ | ᠳᠡᠭᠡᠭᠰᠢᠯᠡᠭᠦᠯᠦᠨ᠎ᠡ᠃ | ᠶᠤᠰᠤ ᠰᠤᠷᠲᠠᠬᠤᠨ ᠤ ᠬᠦᠮᠦᠵᠢᠯ ᠢᠶᠠᠷ ᠰᠤᠷᠤᠯᠭ᠎ᠠ ᠶᠢᠨ ᠠᠩᠬᠠᠨ ᠤ ᠬᠢᠴᠢᠶᠡᠯ ᠢᠶᠠᠨ ᠤᠭᠳᠤᠨ ᠠᠪᠴᠤ᠂ | ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤᠳᠬᠠᠬᠤ︾᠂ ︽ᠤᠯᠤᠰ ᠤᠨ | ᠠᠮᠦᠷ ᠲᠦᠪᠰᠢᠨ︾᠂ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠬᠢᠴᠢᠶᠡᠯ ᠬᠦᠮᠦᠵᠢᠯ ᠤᠨ ᠲᠠᠶᠢᠯᠤᠮᠵᠢ ᠨᠢ ᠰᠢᠨ᠎ᠡ | ᠰᠤᠷᠤᠯᠭ᠎ᠠ ᠶᠢᠨ ᠬᠤᠭᠤᠴᠠᠭᠠᠨ ᠤ ᠬᠢᠴᠢᠶᠡᠯ ᠰᠤᠷᠤᠯᠭ᠎ᠠ ᠶᠢᠨ ᠠᠭᠤᠯᠭ᠎ᠠ ᠶᠢ ᠤᠯᠠᠮ ᠪᠠᠶᠠᠯᠢᠭ ᠪᠤᠯᠭᠠᠭᠰᠠᠨ | ᠪᠠᠶᠢᠨ᠎ᠠ᠃ | ᠬᠤᠩᠬᠤᠨ ᠳᠠᠭᠤᠨ ᠢᠶᠠᠷ ᠮᠤᠩᠭᠤᠯ ᠦᠨᠳᠦᠰᠦᠲᠡᠨ ᠤ ᠰᠤᠷᠭᠠᠭᠤᠯᠢ ᠶᠢᠨ ᠡᠯ᠎ᠡ ᠠᠩᠬᠢ ᠰᠢᠨ᠎ᠡ | ᠰᠤᠷᠤᠯᠭ᠎ᠠ ᠶᠢᠨ ᠬᠤᠭᠤᠴᠠᠭᠠᠨ ᠤ ᠠᠩᠬᠠᠨ ᠤ ᠬᠢᠴᠢᠶᠡᠯ ᠢᠶᠠᠨ ᠡᠬᠢᠯᠡᠬᠦᠯᠵᠦ᠂ ︽ᠬᠦᠰᠡᠯ ᠡᠪᠦᠷᠯᠡᠭᠰᠡᠨ ᠪᠠᠭᠠᠴᠤᠳ | ᠬᠦᠷᠬᠦ ᠵᠦᠭ ᠲᠤ ᠪᠠᠨ ᠲᠡᠮᠡᠤᠯᠡᠨᠡ︾᠂ ᠰᠡᠳᠬᠢᠴᠡ ᠶᠢᠨ ᠡᠷᠡᠭᠦᠯ ᠮᠡᠨᠳᠦ ᠶᠢᠨ ᠬᠦᠮᠦᠵᠢᠯ᠂ ︽ᠰᠢᠯᠢᠳᠡᠭ | ᠰᠤᠶᠤᠯ ᠢ ᠤᠯᠠᠮᠵᠢᠯᠠᠨ ᠦᠨᠳᠦᠰᠦᠲᠡᠨ ᠤ ᠢᠲᠡᠭᠡᠯ ᠵᠤᠷᠢᠭ ᠢ ᠬᠦᠪᠴᠢᠯᠡᠨ᠎ᠡ︾ ᠭᠡᠬᠦ ᠦᠵᠡᠯ ᠰᠠᠨᠠᠭ᠎ᠠ ᠤᠯᠤᠰ | ᠲᠦᠷᠦ ᠶᠢᠨ ᠭᠤᠤᠯ ᠰᠡᠳᠦᠪᠲᠦ ᠠᠩᠬᠢ ᠶᠢᠨ ᠬᠤᠷᠠᠯ ᠵᠢᠴᠢ ︽ᠤᠯᠤᠰ ᠤᠨ ᠪᠦᠲᠦᠭᠡᠨ ᠪᠠᠶᠢᠭᠤᠯᠤᠯᠲᠠ ᠶᠢᠨ | ᠬᠦᠮᠦᠵᠢᠯ ᠢ ᠰᠤᠷᠭᠠᠭᠤᠯᠢ ᠳᠤ ᠭᠦᠨᠵᠡᠭᠡᠶᠢᠷᠡᠭᠦᠯᠵᠦ᠂ ᠰᠡᠳᠭᠢᠯ ᠨᠢᠭᠡᠳᠦᠨ ᠳᠤᠮᠳᠠᠳᠤ ᠵᠢᠨᠬᠦ᠋ᠰᠡᠯᠡᠩ ᠢ | ᠪᠡᠶᠡᠯᠡᠭᠦᠯᠦᠶ᠎ᠡ︾ ᠬᠡᠬᠦ ᠮᠡᠲᠤ ᠶᠢᠨ ᠤᠯᠠᠨ ᠵᠦᠢᠯ ᠤᠨ ᠠᠭᠤᠯᠭ᠎ᠠ ᠶᠢᠨ ᠲᠤᠭᠤᠷᠢᠨ ᠳᠤ ᠶᠠᠪᠤᠭᠳᠠᠵᠤ᠂ ︽ᠰᠢᠨ᠎ᠡ | ᠰᠤᠷᠤᠯᠭ᠎ᠠ ᠶᠢᠨ ᠬᠤᠭᠤᠴᠠᠭᠠᠨ ᠤ ᠠᠩᠬᠠᠨ ᠤ ᠬᠢᠴᠢᠶᠡᠯ︾ ᠲᠤᠩ ᠬᠥᠭᠵᠢᠶᠡᠨ ᠲᠠᠢ ᠪᠣᠯᠣᠭᠰᠠᠨ ᠪᠠᠶᠢᠨ᠎ᠠ᠃ |