ᠡᠵᠡᠨ᠎ᠡ ᠬᠤᠰᠢᠭᠤ᠄ ᠬᠥᠮᠥᠨ ᠢᠶᠠᠷ ᠦᠨᠳᠦᠰᠦ ᠪᠣᠯᠭᠠᠵᠤ ᠵᠣᠯ ᠵᠢᠷᠭᠠᠯᠲᠤ ᠬᠤᠳᠠ ᠪᠠᠯᠭᠠᠰᠤ ᠶᠢ ᠴᠤᠭᠴᠠᠯᠠᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2023/9/5
      ᠡᠵᠡᠨ᠎ᠡ ᠬᠤᠰᠢᠭᠤ ᠨᠢ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠤᠮᠵᠢ ᠶᠢ ᠨᠠᠷᠢᠯᠢᠭᠵᠢᠭᠤᠯᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢ ᠶᠡᠬᠡᠪᠡᠷ ᠥᠷᠨᠢᠭᠦᠯᠵᠦ᠂ ᠬᠤᠲᠠ ᠶᠢᠨ ᠭᠡᠷᠡᠯᠲᠦᠭᠦᠯᠭᠡ ᠶᠢᠨ ᠲᠦᠭᠦᠭᠡᠷᠤᠮᠵᠢ᠂ ᠬᠠᠭᠤᠴᠢᠷᠠᠭᠰᠠᠨ ᠵᠢᠮᠢᠰ ᠤᠨ ᠬᠠᠶᠢᠷᠴᠠᠭ᠂ ᠠᠷᠠᠳ ᠲᠤ ᠲᠥᠬᠦᠮ ᠦᠵᠡᠭᠦᠯᠬᠦ ᠰᠠᠭᠤᠳᠠᠯ ᠵᠡᠷᠭᠡ ᠬᠤᠲᠠ ᠶᠢᠨ ᠶᠠᠪᠤᠳᠠᠯ ᠤᠨ ᠲᠤᠨᠤᠭ ᠲᠦᠭᠦᠭᠡᠷᠤᠮᠵᠢ ᠳᠤ ᠭᠤᠣᠯᠳᠠᠯᠭ᠎ᠠ ᠲᠠᠢ ᠪᠠᠷ ᠨᠠᠷᠢᠨ ᠪᠠᠶᠢᠴᠠᠭᠠᠯᠳᠠ ᠬᠢᠵᠤ ᠰᠡᠯᠪᠢᠨ ᠵᠠᠰᠠᠨ᠎ᠠ᠃      ᠲᠠᠯᠠᠶᠢᠬᠦ᠋ᠪ ᠪᠠᠯᠭᠠᠰᠤᠨ ᠤ ᠲᠣᠭᠤᠷᠢᠭ ᠲᠤ᠂ ᠬᠡᠰᠡᠭ ᠬᠡᠷᠡᠮ ᠤᠨ ᠭᠡᠷᠡᠯᠲᠦᠭᠦᠯᠭᠡ ᠶᠢᠨ ᠳ᠋ᠧᠩ ᠵᠢᠴᠢ ᠦᠵᠡᠮᠵᠢ ᠶᠢᠨ ᠳ᠋ᠧᠩ ᠨᠢ ᠬᠠᠭᠤᠴᠢᠷᠠᠵᠤ ᠵᠠᠷᠢᠮ ᠨᠢ ᠲᠤᠭᠤᠰᠤ ᠲᠤᠷᠳᠤᠭ ᠲᠤ ᠲᠠᠷᠤᠭᠳᠠᠵᠤ᠂ ᠠᠳᠠᠯᠢ ᠪᠤᠰᠤ ᠬᠡᠮᠵᠢᠶ᠎ᠡ ᠪᠠᠷ ᠡᠪᠳᠡᠷᠡᠵᠦ ᠰᠦᠢᠳᠦᠭᠰᠡᠨ ᠦᠵᠡᠭᠳᠡᠯ ᠣᠷᠣᠰᠢᠵᠤ᠂ ᠠᠰᠠᠷ ᠤᠨ ᠭᠡᠷᠡᠯᠲᠦᠭᠦᠯᠭᠡ ᠶᠢᠨ ᠦᠵᠡᠮᠵᠢ ᠪᠤᠯᠤᠨ ᠪᠠᠯᠭᠠᠰᠤᠨ ᠤ ᠲᠣᠭᠤᠷᠢᠭ ᠤᠨ ᠦᠵᠡᠮᠵᠢ ᠶᠢ ᠨᠦᠯᠦᠭᠡᠯᠡᠭᠰᠡᠨ ᠠᠴᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠡᠮᠦᠨᠡᠬᠢ ᠬᠤᠭᠤᠴᠠᠭᠠᠨ ᠤ ᠨᠠᠷᠢᠨ ᠪᠠᠶᠢᠴᠠᠭᠠᠯᠲᠠ ᠪᠠᠷ ᠳᠡᠮᠵᠢᠨ ᠵᠦᠢ ᠵᠣᠬᠢᠰᠲᠠᠢ ᠲᠣᠬᠢᠷᠠᠭᠤᠯᠤᠯᠲᠠ ᠬᠢᠵᠦ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ᠂ ᠥᠨᠳᠥᠷ ᠪᠦᠲᠦᠮᠵᠢᠲᠡᠶ ᠪᠠᠷ ᠡᠨᠧᠷᠭᠢ ᠠᠷᠪᠢᠯᠠᠬᠤ ᠶᠢ ᠪᠠᠲᠤᠯᠠᠭᠰᠠᠨ ᠤᠷᠢᠲᠠᠯ ᠳᠣᠣᠷ᠎ᠠ ᠪᠥᠬᠦ ᠲᠠᠯ᠎ᠠ ᠪᠠᠷ ᠰᠡᠯᠪᠢᠨ ᠵᠠᠰᠠᠯᠳᠠ ᠬᠢᠭᠰᠡᠨ ᠪᠠᠶᠢᠨ᠎ᠠ᠃ ᠣᠲᠣ ᠪᠣᠯᠲᠠᠯ᠎ᠠ᠂ 600 ᠭᠠᠷᠤᠢ ᠬᠡᠷᠡᠮ ᠤᠨ ᠭᠡᠷᠡᠯᠲᠦᠭᠦᠯᠭᠡ ᠶᠢᠨ ᠦᠵᠡᠮᠵᠢ ᠶᠢᠨ ᠳ᠋ᠧᠩ ᠢ ᠰᠡᠯᠪᠢᠨ ᠵᠠᠰᠠᠵᠤ᠂ 2000 ᠭᠠᠷᠤᠢ ᠮᠧᠲᠷ ᠤᠨ ᠴᠠᠬᠢᠯᠭᠠᠨ ᠤᠳᠠᠰᠤ ᠶᠢ ᠰᠢᠨ᠎ᠡ ᠪᠠᠷ ᠰᠣᠯᠢᠪᠠ᠃      ᠲᠣᠣᠷᠠᠢ ᠶᠢᠨ ᠨᠠᠶᠢᠷ ᠣᠶᠢᠷᠠᠳᠬᠤ ᠶᠢ ᠳᠠᠭᠠᠯᠳᠤᠨ ᠭᠤᠣᠯ ᠤᠨ ᠬᠥᠪᠡᠭᠡᠨ ᠤ ᠵᠠᠮ ᠢᠶᠠᠷ ᠲᠤᠭᠤᠷᠢᠨ ᠰᠡᠯᠡᠭᠦᠴᠡᠵᠤ ᠪᠠᠶᠢᠭ᠎ᠠ ᠰᠠᠭᠤᠭᠠᠯᠢ ᠠᠷᠠᠳ ᠪᠣᠯᠣᠨ ᠵᠤᠭᠠᠴᠠᠭᠰᠠᠳ ᠤᠯᠠᠮ ᠠᠴᠠ ᠤᠯᠠᠮ ᠣᠯᠠᠰᠢᠷᠠᠨ᠎ᠠ᠃ ᠣᠯᠠᠨ ᠨᠡᠶᠢᠲᠡ ᠶᠢᠨ ᠲᠠᠯᠠᠪᠤᠷ ᠲᠤ ᠠᠮᠠᠷᠠᠵᠤ ᠰᠠᠭᠤᠬᠤ ᠰᠠᠨᠳᠠᠯᠢ ᠵᠡᠷᠭᠡ ᠰᠠᠭᠤᠷᠢ ᠲᠦᠭᠦᠭᠡᠷᠤᠮᠵᠢ ᠲᠤᠳᠠᠮᠠᠭ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠭᠤᠤᠯ ᠤᠨ ᠬᠦᠪᠡᠬᠡᠨ ᠤ ᠵᠠᠮ᠂  ᠴᠡᠷᠢᠭ ᠢ ᠬᠦᠷᠢᠶᠡᠯᠡᠬᠦ ᠠᠭᠤᠳᠠᠮ ᠲᠠᠯᠠᠪᠠᠢ ᠶᠢᠨ ᠡᠷᠬᠢᠨ ᠲᠣᠭᠤᠷᠢᠨ᠂ ᠵᠢᠦᠢ ᠶᠠᠨ ᠵᠡᠭᠡᠯᠢ ᠵᠡᠷᠭᠡ ᠭᠠᠵᠠᠷ ᠲᠤ 40 ᠭᠠᠷᠤᠢ ᠢᠵᠢ ᠠᠮᠠᠷᠠᠵᠤ ᠰᠠᠭᠤᠬᠤ ᠰᠠᠨᠳᠠᠯᠢ ᠶᠢ ᠤᠭᠰᠠᠷᠠᠵᠤ᠂ ᠡᠳᠡᠭᠡᠷ ᠴᠣ ᠰᠢᠨ᠎ᠡ ᠰᠠᠭᠤᠳᠠᠯ ᠨᠢ ᠰᠠᠭᠤᠭᠠᠯᠢ ᠠᠷᠠᠳ ᠪᠠ ᠵᠤᠭᠠᠴᠠᠭᠰᠠᠳ ᠲᠤ ᠲᠦᠭᠦᠮ ᠢ ᠦᠵᠡᠬᠦᠯᠦᠭᠰᠡᠨ ᠪᠠᠶᠢᠨ᠎ᠠ᠃      ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠰᠢᠶᠠᠩ ᠭᠤᠸᠠᠩ ᠬᠠᠢ᠄       ︽ᠬᠥᠮᠥᠨ ᠢᠶᠠᠷ ᠦᠨᠳᠦᠰᠦ ᠪᠣᠯᠭᠠᠬᠤ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠲᠡᠭᠡᠭᠰᠢᠯᠡᠬᠦᠯᠦᠨ᠂ ᠣᠯᠠᠨ ᠨᠡᠶᠢᠲᠡ ᠶᠢᠨ ᠰᠠᠭᠤᠷᠢ ᠲᠦᠭᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ  ᠬᠦᠴᠦᠯᠡᠴᠡ ᠢᠶᠠᠨ ᠦᠷᠭᠦᠯᠵᠢᠯᠡᠨ ᠴᠢᠩᠭᠠᠳᠬᠠᠵᠤ᠂ ᠬᠤᠲᠠ ᠶᠢᠨ ᠭᠤᠶᠢᠳᠠ ᠰᠠᠶᠢᠬᠠᠨ᠂ ᠣᠯᠠᠨ ᠲᠦᠮᠡᠨ ᠤ ᠲᠠᠭᠠᠯᠠᠮᠵᠢᠲᠠᠢ ᠵᠣᠯ ᠵᠢᠷᠭᠠᠯᠲᠤ  ᠬᠤᠳᠠ ᠪᠠᠯᠭᠠᠰᠤ ᠶᠢ ᠴᠢᠷᠮᠠᠶᠢᠨ ᠪᠠᠶᠢᠭᠤᠯᠤᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号