9 ᠰᠠᠷ᠎ᠠ ᠶᠢᠨ 1 ᠠᠴᠠ 2 ᠡᠳᠤᠷ ᠲᠢᠶᠠᠨᠵᠢᠨ᠂ ᠯᠠᠨᠵᠧᠦ ᠶᠢᠨ 40 ᠭᠠᠷᠤᠢ ᠠᠬᠠᠮᠠᠳ ᠰᠡᠬᠡᠭᠡᠲᠡᠨ ᠨᠠᠷ | ᠮᠠᠨ ᠤ ᠬᠤᠰᠢᠭᠤᠨ ᠳᠤ ᠬᠦᠷᠦᠯᠴᠡᠨ ᠢᠷᠡᠵᠦ᠂ ᠪᠠᠶᠠᠨᠳᠤᠤᠷᠡᠢ ᠰᠤᠮᠤᠨ ᠤ ᠣᠩᠭᠤᠴᠠ ᠶᠢᠨ ᠳᠤᠤᠷᠡᠢ ᠭᠠᠴᠠᠭ᠎ᠠ ᠳᠤ | ᠰᠡᠬᠡᠭᠡᠲᠡᠨ ᠵᠠᠯᠠᠭᠤᠴᠤᠳ ᠤᠨ ᠣᠶ ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠳᠡᠳ᠋ ᠱᠦᠵᠢ ᠭᠤᠸ ᠯᠧᠢ ᠶᠣᠰᠣᠯᠠᠯ ᠳᠤ ᠣᠷᠣᠯᠴᠠᠬᠤ ᠶᠢᠨ ᠬᠠᠮᠳᠤ ᠫᠠᠶᠢᠰᠠ | ᠰᠡᠬᠦᠪᠡ᠃ ᠡᠳᠡᠭᠡᠷ ᠰᠡᠭᠡᠭᠡᠲᠡᠨ ᠵᠠᠯᠠᠭᠤᠴᠤᠳ ᠨᠢ ᠲᠡᠭᠡᠷ᠎ᠡ ᠵᠠᠭᠤᠨ ᠤ ᠵᠢᠷᠠ ᠲᠠᠯᠠᠭᠠᠳ ᠤᠨ ᠤ ᠥᠶ᠎ᠡ ᠪᠠᠷ | ᠪᠡᠭᠡᠵᠢᠩ᠂ ᠲᠢᠶᠠᠨᠵᠢᠨ᠂ ᠯᠠᠨᠵᠧᠦ ᠠᠴᠠ ᠮᠠᠨ ᠶᠢᠨ ᠬᠤᠰᠢᠭᠤᠨ ᠳᠤ ᠬᠤᠪᠢᠶᠠᠭᠳᠠᠨ ᠢᠷᠡᠵᠤ ᠠᠵᠢᠯᠯᠠᠵᠤ | ᠥᠩᠭᠡᠷᠡᠭᠰᠡᠨ ᠶᠤᠮ᠃ | ᠲᠣᠰ ᠤᠳᠠᠭᠠᠨ ᠤ ᠮᠠᠨ ᠤ ᠬᠤᠰᠢᠭᠤᠨ ᠳᠤ ᠢᠷᠡᠭᠰᠡᠨ ᠠᠬᠠᠮᠠᠳᠰᠡᠬᠡᠭᠡᠲᠡᠨ ᠨᠠᠷ ᠤᠨ ᠳᠣᠲᠣᠷ᠎ᠠ ᠨᠠᠰᠤ ᠪᠠᠷ | ᠬᠠᠮᠤᠭ ᠪᠠᠭ᠎ᠠ ᠨᠢ 66 ᠨᠠᠰᠤ᠂ ᠨᠠᠰᠤ ᠪᠠᠷ ᠬᠠᠮᠤᠭ ᠶᠡᠭᠡ ᠨᠢ 76 ᠨᠠᠰᠤᠲᠠᠢ ᠲᠠᠢ ᠪᠠᠶᠢᠯ᠎ᠠ᠃ 55 ᠵᠢᠯ ᠤᠨ | ᠳᠠᠷᠠᠭ᠎ᠠ᠂ ᠬᠤᠶᠠᠳᠠᠭᠢ ᠨᠤᠲᠤᠭ ᠲᠠᠭᠠᠨ ᠡᠷᠬᠢᠨ ᠢᠷᠡᠭᠡᠳ ᠤᠯᠠᠨ ᠢᠶᠠᠷ ᠢᠶᠠᠨ ᠰᠡᠳᠬᠢᠯ ᠬᠥᠭᠰᠡᠨ ᠪᠠᠶᠠᠷᠳᠤ | ᠮᠦᠴᠡ ᠪᠠᠨ ᠬᠠᠮᠳᠤ ᠪᠠᠷ ᠢᠶᠠᠨ ᠥᠩᠭᠡᠷᠡᠭᠦᠯᠵᠤ᠂ ᠮᠠᠷᠲᠠᠭᠳᠠᠰᠢ ᠦᠭᠡᠢ ᠲᠡᠷᠡ ᠬᠦ ᠣᠨ ᠵᠢᠯ ᠢᠶᠠᠨ ᠡᠷᠬᠢᠴᠠᠬᠦᠯᠦᠨ᠂ | ᠣᠯᠠᠨ ᠵᠢᠯ ᠤᠨ ᠲᠤᠷᠰᠢ ᠬᠤᠶᠠᠳᠤᠭᠠᠷ ᠨᠤᠲᠤᠭ ᠢᠶᠠᠨ ᠭᠦᠨ᠎ᠡ ᠮᠥᠷᠥᠭᠡᠳᠦᠨ ᠰᠠᠨᠠᠭᠠᠯᠵᠠᠵᠤ ᠪᠠᠶᠢᠭ᠎ᠠ ᠰᠡᠳᠬᠢᠯ ᠢᠶᠠᠨ | ᠢᠯᠡᠳᠬᠡᠵᠡᠢ᠃ | ᠠᠬᠠᠮᠠᠳᠰᠡᠬᠡᠭᠡᠲᠡᠨ ᠨᠠᠷ᠂ ᠰᠡᠬᠡᠭᠡᠲᠡᠨ ᠵᠠᠯᠠᠭᠤᠴᠤᠳ ᠤᠨ ᠤᠢ ᠳᠤ ᠰᠠᠶᠢᠨ ᠳᠤᠷᠠᠴᠤᠳ ᠲᠠᠢ ᠬᠠᠮᠲᠤ ᠪᠠᠷ | ᠣᠶᠢᠳᠤ ᠣᠷᠣᠨ ᠤ ᠬᠤᠭ ᠨᠣᠪᠰᠢ ᠶᠢ ᠲᠡᠭᠦᠵᠦ᠂ ᠲᠣᠣᠷᠠᠢ ᠮᠣᠳᠣᠨ ᠤ ᠰᠠᠯᠠᠭ᠎ᠠ ᠨᠠᠮᠠᠭ᠎ᠠ ᠶᠢ ᠬᠠᠶᠢᠴᠢᠯᠠᠵᠦ | ᠲᠡᠭᠰᠢᠯᠡᠬᠦ ᠶᠢᠨ ᠬᠠᠮᠲᠤ ᠣᠶᠢᠳᠤ ᠣᠷᠣᠨ ᠤ ᠬᠤᠭᠤᠰᠤᠨ ᠭᠠᠵᠠᠷ ᠲᠤ ᠨᠦᠬᠡ ᠮᠠᠯᠲᠠᠵᠤ᠂ ᠢᠷᠡᠬᠦ ᠵᠢᠯ ᠤᠨ ᠬᠠᠪᠤᠷ᠂ | ᠲᠣᠣᠷᠠᠢ ᠶᠢᠨ ᠴᠢᠬᠢ ᠵᠠᠶᠢᠯᠠᠬᠤ ᠪᠠᠷ ᠪᠡᠯᠡᠳᠬᠡᠯ ᠬᠢᠵᠦ᠂ ᠡᠵᠡᠨ᠎ᠡ ᠨᠣᠳᠤᠭ ᠤᠨ ᠬᠦᠷᠦᠰᠤ ᠰᠢᠷᠦᠢ ᠳᠤ ᠰᠢᠨ᠎ᠡ | ᠠᠮᠢᠵᠢᠷᠠᠯ ᠤᠨ ᠬᠦᠴᠦᠨ ᠢ ᠨᠡᠮᠡᠷᠢᠯᠡᠬᠦ ᠳᠤ ᠬᠦᠴᠦᠨ ᠴᠢᠳᠠᠯ ᠢᠶᠠᠨ ᠡᠷᠭᠦᠵᠡᠭᠡᠨᠡ᠃ ᠡᠳᠡᠭᠡᠷ ᠠᠬᠠᠮᠠᠳ ᠰᠡᠬᠡᠭᠡᠲᠡᠨ | ᠨᠠᠷ ᠥᠨᠥᠳᠥᠷ ᠤᠨ ᠡᠵᠡᠨ᠎ᠡ ᠨᠤᠲᠤᠭ ᠤᠨ ᠳᠦᠷᠰᠦ ᠪᠠᠶᠢᠳᠠᠯ ᠲᠡᠷᠡᠴᠢᠯᠡᠨ ᠮᠠᠯᠴᠢᠨ ᠲᠠᠷᠢᠶᠠᠴᠢᠨ ᠤ ᠠᠮᠢᠳᠤᠷᠠᠯ ᠯᠣᠳᠤ | ᠶᠡᠭᠡ ᠬᠤᠪᠢᠷᠠᠯᠲᠠ ᠭᠠᠷᠤᠭᠰᠠᠨ ᠢ ᠬᠠᠷᠠᠭᠠᠳ ᠴᠢᠩ ᠰᠡᠳᠬᠢᠯ ᠠᠴᠠ ᠪᠠᠨ ᠪᠠᠶᠠᠷᠯᠠᠨ ᠳᠤᠭᠳᠤᠯᠤᠨ᠎ᠠ᠃ | 55 ᠵᠢᠯ ᠤᠨ ᠡᠮᠦᠨ᠎ᠡ᠂ ᠤᠯᠤᠰ ᠤᠨ ︽ᠬᠥᠳᠡᠭᠡ ᠲᠣᠰᠬᠤᠨ ᠳᠤ ᠪᠠᠭᠤᠬᠤ᠂ ᠬᠢᠯᠢ ᠬᠢᠵᠠᠭᠠᠷ ᠲᠤ | ᠬᠦᠨᠵᠡᠭᠡᠶᠢᠷᠡᠬᠦ᠂ ᠡᠬᠡ ᠤᠯᠤᠰ ᠤᠨ ᠬᠠᠮᠤᠭ ᠤᠨ ᠬᠡᠷᠡᠭᠴᠡᠭᠡ ᠲᠠᠢ ᠭᠠᠵᠠᠷ ᠣᠷᠣᠨ ᠳᠤ ᠬᠦᠷᠬᠦ︾ ᠤᠷᠢᠶᠠᠯᠠᠭ᠎ᠠ ᠶᠢ | ᠴᠤᠤᠷᠢᠶᠠᠲᠤᠭᠤᠯᠤᠨ᠂ 1176 ᠰᠡᠬᠡᠭᠡᠲᠡᠨ ᠵᠠᠯᠠᠭᠤᠴᠤᠳ ᠲᠢᠶᠠᠨᠵᠢᠨ᠂ ᠯᠠᠨᠵᠧᠦ ᠵᠡᠷᠭᠡ ᠮᠢᠩᠭᠠᠨ ᠭᠠᠵᠠᠷ ᠤᠨ | ᠬᠤᠯᠠ ᠠᠴᠠ ᠡᠵᠡᠨ᠎ᠡ ᠬᠤᠰᠢᠭᠤᠨ ᠳᠤ ᠢᠷᠡᠵᠦ᠂ ᠬᠢᠯᠢ ᠬᠢᠵᠠᠭᠠᠷ ᠢᠶᠠᠨ ᠪᠦᠲᠦᠭᠡᠨ ᠪᠠᠶᠢᠭᠤᠯᠬᠤ᠂ ᠬᠢᠯᠢ | ᠬᠢᠵᠠᠭᠠᠷ ᠢᠶᠠᠨ ᠬᠠᠮᠠᠭᠠᠯᠠᠬᠤ ᠬᠦᠨᠳᠦ ᠶᠡᠭᠡ ᠡᠭᠦᠷᠭᠡ ᠶᠢ ᠵᠣᠷᠢᠭᠲᠠᠢ ᠪᠠᠷ ᠡᠭᠦᠷᠭᠡᠯᠡᠨ᠂ ᠬᠠᠲᠠᠭᠤ ᠪᠡᠷᠬᠡᠰᠢᠶᠡᠯᠲᠡᠢ | ᠪᠥᠭᠡᠳ ᠮᠠᠷᠳᠠᠭᠳᠠᠰᠢ ᠦᠭᠡᠢ ᠠᠮᠢᠳᠤᠷᠠᠯ ᠤᠨ ᠵᠠᠮ ᠢᠶᠠᠨ ᠡᠬᠢᠯᠡᠭᠦᠯᠥᠭᠰᠡᠨ ᠶᠤᠮ᠃ ᠠᠵᠢᠯ ᠬᠥᠳᠡᠯᠮᠦᠷᠢ ᠶᠢᠨ | ᠳᠤᠮᠳᠠ᠂ ᠰᠡᠬᠡᠭᠡᠲᠡᠨ ᠵᠠᠯᠠᠭᠤᠴᠤᠳ ᠡᠵᠡᠨ᠎ᠡ ᠬᠤᠰᠢᠭᠤᠨ ᠤ ᠨᠤᠲᠤᠭ ᠤᠨ ᠠᠬ᠎ᠠ ᠳᠡᠭᠦᠦ ᠨᠠᠷ ᠲᠠᠢ ᠭᠦᠨ ᠵᠤᠵᠠᠭᠠᠨ | ᠨᠥᠬᠦᠷᠯᠡᠯ ᠪᠠᠶᠢᠭᠤᠯᠵᠤ᠂ ᠵᠠᠯᠠᠭᠤ ᠨᠠᠰᠤᠨ ᠤ ᠬᠥᠴᠥᠨ ᠴᠢᠳᠠᠯ ᠢᠶᠠᠨ ᠬᠢᠯᠢ ᠬᠢᠵᠠᠭᠠᠷ ᠤᠨ ᠤᠷᠤᠨ ᠤ ᠪᠥᠲᠥᠭᠡᠨ | ᠪᠠᠶᠢᠭᠤᠯᠤᠯᠲᠠ ᠳᠤ ᠡᠷᠭᠦᠵᠤ᠂ ᠬᠤᠶᠠᠳᠤᠭᠠᠷ ᠨᠤᠲᠤᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ | ᠢᠳᠡᠪᠬᠢᠲᠡᠢ ᠬᠤᠪᠢ ᠨᠡᠮᠡᠷᠢ ᠥᠵᠡᠬᠦᠯᠵᠡᠢ᠃ ᠣᠯᠠᠩᠬᠢ ᠰᠡᠬᠡᠭᠡᠲᠡᠨ ᠵᠠᠯᠠᠭᠤᠴᠤᠳ ᠬᠡᠳᠦᠶᠢᠪᠡᠷ ᠡᠵᠡᠨ᠎ᠡ | ᠬᠤᠰᠢᠭᠤᠨ ᠠᠴᠠ ᠰᠠᠯᠵᠤ ᠶᠠᠪᠤᠭᠰᠠᠨ ᠪᠣᠯᠪᠠᠴᠤ᠂ ᠵᠠᠯᠠᠭᠤ ᠨᠠᠰᠤᠨ ᠳᠠᠭᠠᠨ ᠠᠵᠢᠯᠯᠠᠵᠤ ᠠᠮᠢᠳᠤᠷᠠᠵᠤ ᠪᠠᠶᠢᠭᠰᠠᠨ | ᠡᠨᠡᠬᠦ ᠨᠣᠲᠤᠭ ᠤᠰᠤ᠂ ᠬᠥᠮᠥᠨ ᠠᠷᠠᠳ ᠢ ᠥᠪᠡᠷ ᠤᠨ ᠡᠷᠬᠡ ᠦᠭᠡᠢ ᠰᠠᠨᠠᠭᠠᠯᠵᠠᠨ ᠲᠤᠷᠠᠰᠤᠨᠠ᠃ ᠲᠠᠪᠤᠨ ᠵᠢᠯ ᠤᠨ | ᠡᠮᠦᠨ᠎ᠡ᠂ ᠠᠬᠠᠮᠠᠳ ᠰᠡᠬᠡᠭᠡᠲᠡᠨ ᠨᠠᠷ ᠴᠠᠭ ᠦᠶ᠎ᠡ ᠶᠢᠨ ᠬᠤᠰᠢᠭᠤᠴᠢ ᠰᠦᠬᠡ ᠶᠢᠨ ᠲᠡᠷᠢᠭᠦᠨ ᠤ ᠦᠢᠯᠡ | ᠠᠵᠢᠯᠯᠠᠭ᠎ᠠ ᠶᠢᠨ ᠨᠥᠯᠥᠭᠡᠯᠡᠯ ᠢᠶᠠᠷ ᠡᠵᠡᠨ᠎ᠡ ᠬᠤᠰᠢᠭᠤᠨ ᠳᠤ ︽ᠰᠡᠬᠡᠭᠡᠲᠡᠨ ᠵᠠᠯᠠᠭᠤᠴᠤᠳ ᠤᠨ ᠤᠢ︾ ᠶᠢᠨ ᠭᠠᠵᠠᠷ | ᠪᠠᠶᠢᠭᠤᠯᠬᠤ ᠬᠦᠰᠡᠯ ᠰᠠᠨᠠᠭ᠎ᠠ ᠪᠠᠨ ᠳᠤᠷᠠᠳᠤᠭᠰᠠᠨ ᠪᠥᠭᠡᠳ ᠡᠵᠡᠨ᠎ᠡ ᠬᠤᠰᠢᠭᠤᠨ ᠤ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠦᠴᠦᠲᠡᠢ ᠳᠡᠮᠵᠢᠯᠭᠡ ᠶᠢ ᠣᠯᠵᠤ᠂ ᠰᠡᠬᠡᠭᠡᠲᠡᠨ ᠵᠠᠯᠠᠭᠤᠴᠤᠳ ᠤᠨ ᠤᠢ ᠶᠢᠨ ᠪᠦᠲᠦᠭᠡᠨ | ᠪᠠᠶᠢᠭᠤᠯᠤᠯᠲᠠ ᠶᠢ ᠳᠣᠣᠱᠲᠠᠢ ᠠᠬᠢᠭᠤᠯᠣᠭᠰᠠᠨ ᠪᠠᠶᠢᠨ᠎ᠠ᠃ ᠮᠥᠨᠴᠦ ᠡᠨᠡᠬᠦ ᠰᠡᠬᠡᠭᠡᠲᠡᠨ ᠵᠠᠯᠠᠭᠤᠴᠤᠳ ᠤᠨ ᠤᠢ ᠨᠢ | ᠨᠡᠩ ᠴᠤ ᠠᠬᠠᠮᠠᠳ ᠰᠡᠬᠡᠭᠡᠲᠡᠨ ᠨᠠᠷ ᠤᠨ ᠬᠤᠶᠠᠳᠤᠭᠠᠷ ᠨᠤᠲᠤᠭ ᠡᠵᠡᠨ᠎ᠡ ᠳᠠᠬᠢ ᠬᠢᠵᠠᠭᠠᠯᠠᠰᠢ ᠦᠭᠡᠢ ᠭᠦᠨ | ᠵᠤᠵᠠᠭᠠᠨ ᠬᠠᠶᠢᠷ᠎ᠠ ᠰᠡᠳᠬᠢᠯᠭᠡ ᠪᠠ ᠮᠠᠷᠲᠠᠭᠳᠠᠰᠢ ᠦᠭᠡᠢ ︽ᠨᠤᠲᠤᠭ ᠤᠨ ᠮᠥᠷᠥᠭᠡᠳᠦᠯ︾ ᠢ ᠠᠴᠢᠶᠠᠯᠠᠵᠤ ᠪᠠᠶᠢᠬᠤ | ᠨᠢ ᠮᠡᠳᠡᠭᠳᠡᠮ᠎ᠡ ᠪᠠᠶᠢᠯ᠎ᠠ᠃ | |